ᠴᠢᠰᠤᠨ ᠳᠠᠷᠤᠯᠳᠠ ᠰᠢᠬᠢᠷ ᠰᠢᠵᠢᠩ ᠡᠪᠡᠳᠴᠢᠨ ᠤ ᠡᠮ ᠤᠨ ᠳᠦᠷᠦᠯ ᠢ ᠬᠠᠭᠠᠰ ᠠᠴᠠ ᠳᠡᠬᠡᠭᠰᠢ ᠴᠠᠶᠢᠷᠠᠭᠤᠯᠤᠨ᠎ᠠ
ᠨᠡᠶᠢᠲᠡᠯᠡᠭᠰᠡᠨ ᠴᠠᠭ᠄
2019-10-10
     10 ᠰᠠᠷ᠎ᠠ ᠶᠢᠨ 9 ᠤ ᠡᠳᠦᠷ᠂ ᠳᠦᠷᠦ ᠶᠢᠨ ᠶᠠᠪᠤᠳᠠᠯ ᠤᠨ ᠬᠤᠷᠢᠶᠠᠨ ᠤ ᠰᠤᠨᠢᠨ ᠮᠡᠳᠡᠬᠡᠨ ᠤ ᠠᠯᠪᠠᠨ ᠬᠡᠷ ᠳᠦᠷᠦ ᠶᠢᠨ ᠶᠠᠪᠤᠳᠠᠯ ᠤᠨ ᠬᠤᠷᠢᠶᠠᠨ ᠤ ᠳᠦᠷᠦ ᠶᠢᠨ ᠪᠤᠳᠤᠯᠭ᠎ᠠ ᠶᠢᠨ ᠳᠠᠯ᠎ᠠ ᠪᠠᠷ ᠳᠤᠭᠳᠠᠮᠠᠯ ᠬᠤᠭᠤᠴᠠᠭᠠᠨ ᠤ ᠬᠡᠪᠯᠡᠯ ᠮᠡᠳᠡᠬᠡᠯᠡᠯ ᠤᠨ ᠬᠤᠷᠠᠯ ᠢ ᠬᠤᠷᠠᠯᠳᠤᠭᠤᠯᠵᠤ᠂ ᠤᠯᠤᠰ ᠤᠨ ᠡᠮᠨᠡᠯᠬᠡ ᠶᠢᠨ ᠳᠠᠭᠠᠳᠬᠠᠯ ᠤᠨ ᠳᠤᠪᠴᠢᠶᠠᠨ ᠤ ᠳᠡᠳ᠋ ᠳᠠᠷᠤᠭ᠎ᠠ ᠴᠧᠨ ᠶᠢᠨ ᠹᠦ᠋ ᠪᠤᠯᠤᠨ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠮ ᠡᠮᠨᠡᠯᠬᠡ ᠶᠢᠨ ᠬᠠᠮᠢᠶᠠᠷᠤᠯᠳᠠ ᠶᠢᠨ ᠳᠤᠪᠴᠢᠶᠠᠨ ᠤ ᠳᠠᠷᠤᠭ᠎ᠠ ᠵᠠᠩ ᠰᠦᠩ ᠵᠢᠤ ᠨᠠᠷ ᠠᠴᠠ ︽ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠴᠢᠰᠤᠨ ᠳᠠᠷᠤᠯᠳᠠ ᠦᠨᠳᠦᠷ᠂ ᠰᠢᠬᠢᠷ ᠰᠢᠵᠢᠩ ᠡᠪᠡᠳᠴᠢᠨ ᠤ ᠡᠬᠦᠳᠡᠨ ᠡᠮᠨᠡᠯᠬᠡ ᠳᠤ ᠬᠡᠷᠡᠭᠯᠡᠬᠦ ᠡᠮ ᠤᠨ ᠪᠠᠳᠤᠯᠠᠭᠠᠨ ᠤ ᠳᠤᠭᠳᠠᠯᠴᠠᠭ᠎ᠠ ᠶᠢ ᠳᠡᠬᠦᠯᠳᠡᠷᠵᠢᠬᠦᠯᠬᠦ ᠳᠤᠬᠠᠢ ᠵᠢᠯᠤᠭᠤᠳᠬᠤ ᠰᠠᠨᠠᠯ︾ ᠤᠨ ᠬᠠᠮᠢᠶᠠᠳᠠᠢ ᠵᠦᠢᠯ ᠢ ᠳᠠᠨᠢᠯᠴᠠᠭᠤᠯᠪᠠ᠃      ᠳᠤᠰ ᠰᠠᠨᠠᠯ ᠳᠤ ᠳᠤᠳᠤᠷᠬᠠᠶᠢᠯᠠᠭᠰᠠᠨ ᠢᠶᠠᠷ᠂ ᠬᠤᠳᠠ ᠪᠠᠯᠭᠠᠰᠤᠨ ᠤ ᠴᠢᠰᠤᠨ ᠳᠠᠷᠤᠯᠳᠠ ᠦᠨᠳᠦᠷ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ ᠰᠠᠭᠤᠭᠠᠯᠢ ᠠᠷᠠᠳ ᠡᠮ ᠡᠮᠨᠡᠯᠬᠡ ᠶᠢᠨ ᠳᠠᠭᠠᠳᠬᠠᠯ ᠳᠤ ᠬᠠᠮᠤᠷᠤᠭᠳᠠᠭᠰᠠᠨ ᠳᠤᠬᠢᠶᠠᠯᠳᠤᠯ ᠳᠤ ᠬᠤᠶᠠᠳᠤᠭᠠᠷ ᠳᠡᠰ ᠪᠤᠶᠤ ᠳᠡᠬᠦᠨ ᠠᠴᠠ ᠳᠤᠷᠤᠭᠰᠢᠬᠢ ᠳᠤᠭᠳᠠᠭᠰᠠᠨ ᠦᠨᠳᠦᠰᠦᠨ ᠱᠠᠳᠤᠨ ᠤ ᠡᠮ ᠡᠮᠨᠡᠯᠬᠡ ᠶᠢᠨ ᠪᠠᠶᠢᠭᠤᠯᠤᠮᠵᠢ ᠶᠢᠨ ᠡᠬᠦᠳᠡᠨ ᠡᠮᠨᠡᠯᠬᠡ ᠳᠤ ᠬᠦᠷᠴᠤ ᠴᠢᠰᠤᠨ ᠳᠠᠷᠤᠯᠳᠠ ᠪᠤᠶᠤ ᠰᠢᠬᠢᠷ ᠪᠠᠭᠤᠷᠠᠭᠤᠯᠬᠤ ᠡᠮ ᠠᠪᠤᠭᠰᠠᠨ ᠪᠤᠯ 50% ᠠᠴᠠ ᠳᠡᠬᠡᠭᠰᠢᠬᠢ ᠶᠢ ᠳᠠᠭᠠᠳᠬᠠᠯ ᠢᠶᠠᠷ ᠴᠠᠶᠢᠷᠠᠭᠤᠯᠵᠤ ᠪᠤᠯᠤᠨ᠎ᠠ ᠬᠡᠵᠡᠢ᠃
 
ᠢᠷᠡᠯᠲᠡ᠄ ᠰᠢᠨᠬᠤᠧᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1