ᠴᠡᠷᠢᠭ ᠤᠨ ᠳᠠᠮᠢᠷ ᠤᠨ ᠴᠢᠭᠤᠯᠭᠠᠨ ᠢᠶᠠᠷ ᠦᠪᠦᠷ ᠮᠤᠩᠭᠤᠯ ᠤᠨ ᠳᠠᠮᠢᠷᠴᠢᠳ 3 ᠠᠯᠳᠠ 1 ᠮᠦᠩᠬᠦ ᠠᠪᠴᠠᠢ
ᠨᠡᠶᠢᠲᠡᠯᠡᠭᠰᠡᠨ ᠴᠠᠭ᠄
2019-10-28
     10 ᠰᠠᠷ᠎ᠠ ᠶᠢᠨ 26 ᠤ ᠡᠳᠦᠷ᠂ ᠡᠷᠡᠭᠳᠡᠢ ᠶᠢᠨ 87 ᠺᠢᠯᠤᠭ᠍ᠷᠠᠮ ᠠᠴᠠ ᠳᠤᠷᠤᠭᠰᠢᠬᠢ ᠬᠦᠨᠳᠦ ᠶᠢᠨ ᠵᠢᠩ ᠤᠨ ᠳᠠᠶᠢᠺᠤᠨᠳᠣ᠋ ᠶᠢᠨ ᠤᠷᠤᠯᠳᠤᠭᠠᠨ ᠦᠨᠳᠦᠷᠯᠡᠬᠦ ᠶᠢ ᠳᠠᠭᠠᠯᠳᠤᠨ ᠦᠪᠦᠷ ᠮᠤᠩᠭᠤᠯ ᠠᠴᠠ ᠡᠨᠡ ᠬᠦ ᠳᠠᠮᠢᠷ ᠤᠨ ᠴᠢᠭᠤᠯᠭᠠᠨ ᠳᠤ ᠤᠷᠤᠯᠴᠠᠭᠰᠠᠨ ᠳᠠᠮᠢᠷᠴᠢᠳ ᠤᠨ ᠪᠦᠬᠦ ᠤᠷᠤᠯᠳᠤᠭᠠᠨ ᠤ ᠳᠦᠷᠦᠯ ᠳᠠᠭᠤᠰᠪᠠ᠃ ᠡᠬᠦᠨ ᠳᠤ ᠳᠡᠳᠡᠨᠡᠷ 3 ᠠᠯᠳᠠ᠂ 1 ᠮᠦᠩᠬᠦ᠂ 1 ᠳᠠᠪᠤᠳᠤᠭᠠᠷ ᠨᠡᠷᠡᠰ ᠲᠤ ᠵᠢᠬᠰᠠᠭᠰᠠᠨ ᠰᠢᠯᠢᠳᠡᠭ ᠠᠮᠵᠢᠯᠳᠠ ᠶᠢ ᠡᠬᠦᠳᠴᠠᠢ᠃          ᠡᠨᠡ ᠴᠢᠭᠤᠯᠭᠠᠨ ᠢᠶᠠᠷ ᠦᠪᠦᠷ ᠮᠤᠩᠭᠤᠯ ᠤᠨ ᠳᠠᠮᠢᠷᠴᠢᠨ ᠰᠢᠤᠢ ᠬᠤᠤ ᠡᠷᠡᠭᠳᠡᠢ ᠶᠢᠨ 20 ᠺᠢᠯᠤᠮᠧᠲᠷ ᠤᠨ ᠠᠯᠬᠤᠭ᠎ᠠ ᠤᠷᠤᠯᠳᠤᠭᠠᠨ ᠤ ᠠᠯᠳᠠ᠂ ᠶᠠᠩ ᠵᠢᠶᠠ ᠢᠤᠢ ᠡᠮᠡᠭᠳᠡᠢ ᠶᠢᠨ 20 ᠺᠢᠯᠤᠮᠧᠲᠷ ᠤᠨ ᠠᠯᠬᠤᠭ᠎ᠠ ᠤᠷᠤᠯᠳᠤᠭᠠᠨ ᠤ ᠠᠯᠳᠠ᠂ ᠳ᠋ᠦ᠋ ᠳ᠋ᠠᠨ ᠡᠮᠡᠭᠳᠡᠢ ᠶᠢᠨ 64-69 ᠺᠢᠯᠤᠭ᠍ᠷᠠᠮ ᠤᠨ ᠬᠦᠨᠳᠦ ᠶᠢᠨ ᠵᠢᠩ ᠤᠨ ᠪᠤᠺᠰ ᠤᠨ ᠤᠷᠤᠯᠳᠤᠭᠠᠨ ᠤ ᠠᠯᠳᠠ ᠶᠢ ᠠᠪᠴᠤ᠂ ᠰᠠᠶᠢᠨᠵᠢᠷᠭᠠᠯ ᠡᠷᠡᠭᠳᠡᠢ ᠶᠢᠨ 73 ᠺᠢᠯᠤᠭ᠍ᠷᠠᠮ ᠤᠨ ᠬᠦᠨᠳᠦ ᠶᠢᠨ ᠵᠢᠩ ᠤᠨ ᠵᠢᠤᠳᠤᠣ ᠶᠢᠨ ᠤᠷᠤᠯᠳᠤᠭᠠᠨ ᠤ ᠮᠦᠩᠬᠦ ᠶᠢ ᠠᠪᠴᠠᠢ᠃ 26 ᠤ ᠡᠳᠦᠷ ᠪᠤᠯᠤᠭᠰᠠᠨ ᠡᠷᠡᠭᠳᠡᠢ ᠶᠢᠨ 87 ᠺᠢᠯᠤᠭ᠍ᠷᠠᠮ ᠠᠴᠠ ᠳᠤᠷᠤᠭᠰᠢᠬᠢ ᠬᠦᠨᠳᠦ ᠶᠢᠨ ᠵᠢᠩ ᠤᠨ ᠳᠠᠶᠢᠺᠤᠨᠳᠣ᠋ ᠶᠢᠨ ᠤᠷᠤᠯᠳᠤᠭᠠᠨ ᠳᠤ ᠸᠠᠩ ᠵᠧᠨ ᠳᠠᠪᠤᠳᠤᠭᠠᠷ ᠲᠤ ᠤᠷᠤᠵᠠᠢ᠃
 
ᠢᠷᠡᠯᠲᠡ᠄ ᠰᠢᠨᠬᠤᠧᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1