ᠤᠯᠤᠰ ᠤᠨ ᠪᠠᠶᠠᠷ ᠤᠨ ᠠᠮᠠᠷᠠᠯᠲᠠ ᠳᠠᠬᠢ ᠵᠢᠵᠢᠭᠯᠡᠨ ᠪᠤᠷᠤᠯᠠᠭᠤᠯᠤᠬᠰᠠᠨ ᠬᠢᠭᠡᠳ ᠬᠤᠭᠤᠯᠠ ᠤᠮᠲᠠ ᠶᠢᠨ ᠪᠤᠷᠤᠯᠠᠭᠤᠯᠭ᠎ᠠ ᠶᠢᠨ ᠤᠷᠤᠯᠭ᠎ᠠ 1.52 ᠲᠦᠮᠡᠨ ᠳ᠋ᠦᠩᠰᠢᠭᠤᠷ ᠲᠦᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2019-10-09
ᠰᠢᠨᠬᠤᠸᠠ ᠬᠤᠷᠢᠶ᠎ᠠ ᠪᠡᠭᠡᠵᠢᠩ ᠤᠨ 10 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠸᠠᠩ ᠢᠤᠢ ᠰᠢᠶᠤᠤ᠂ ᠢᠤᠢ ᠵᠢᠶᠠ ᠰᠢᠨ︶ ᠬᠤᠳᠠᠯᠳᠤᠭᠠᠨ ᠤ ᠶᠠᠪᠤᠳᠠᠯ ᠤᠨ ᠶᠠᠮᠤᠨ ᠤ 7 ᠤ ᠡᠳᠦᠷ ᠤᠨ ᠨᠡᠶᠢᠲᠡᠯᠡᠭᠰᠡᠨ ᠳ᠋ᠠᠶᠢᠲ᠋ᠠ ᠠᠴᠠ ᠲᠤᠳᠤᠷᠠᠭᠤᠯᠪᠠᠯ᠂ 10 ᠳ᠋ᠤᠭᠠᠷ ᠰᠠᠷ᠎ᠠ ᠶᠢᠨ 1 ᠠᠴᠠ 7 ᠤ ᠡᠳᠦᠷ ᠬᠦᠷᠲᠡᠯ᠎ᠡ ᠮᠠᠨ ᠤ ᠤᠯᠤᠰ ᠤᠨ ᠵᠢᠵᠢᠭᠯᠡᠨ ᠪᠤᠷᠤᠯᠠᠭᠤᠯᠤᠬᠰᠠᠨ ᠪᠤᠯᠤᠨ ᠬᠤᠭᠤᠯᠠ ᠤᠮᠳᠠ ᠶᠢᠨ ᠠᠵᠦ ᠠᠬᠤᠶᠢᠯᠠᠯ ᠤᠨ ᠪᠤᠷᠤᠯᠠᠭᠤᠯᠭ᠎ᠠ ᠶᠢᠨ ᠤᠷᠤᠯᠭ᠎ᠠ 1.52 ᠲᠦᠮᠡᠨ ᠳ᠋ᠦᠩᠰᠢᠭᠤᠷ ᠲᠦᠭᠦᠷᠢᠭ ᠲᠤ ᠬᠦᠷᠴᠦ᠂ ᠦᠩᠭᠡᠷᠡᠭᠰᠡᠨ ᠤ ᠮᠦᠨ ᠦᠶ᠎ᠡ ᠠᠴᠠ 8.5 ᠬᠤᠪᠢ ᠪᠠᠷ ᠨᠡᠮᠡᠭᠳᠡᠵᠡᠢ᠃ᠬᠤᠳᠠᠯᠳᠤᠭᠠᠨ ᠤ ᠶᠠᠮᠤᠨ ᠤ ᠰᠢᠯᠭᠠᠬᠰᠠᠨ ᠢᠶᠠᠷ᠂ ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠳᠤ ᠶᠠᠭᠤᠮ᠎ᠠ ᠬᠤᠳᠠᠯᠳᠤᠨ ᠠᠪᠬᠤ᠂ ᠬᠤᠭᠤᠯᠠ ᠤᠮᠳᠠ ᠬᠡᠷᠡᠭᠯᠡᠬᠦ ᠵᠡᠷᠭᠡ ᠶᠢᠨ ᠤᠯᠠᠮᠵᠢᠯᠠᠯᠲᠤ ᠬᠡᠷᠡᠭᠯᠡᠭᠡ ᠮᠦᠨ ᠯᠡ ᠭᠤᠤᠯ ᠪᠠᠶᠢᠷᠢ ᠶᠢ ᠡᠵᠡᠯᠡᠵᠦ᠂ ᠠᠶᠠᠯᠠᠯ ᠵᠢᠭᠤᠯᠴᠢᠯᠠᠯ᠂ ᠰᠤᠶᠤᠯ᠂ ᠪᠡᠶ᠎ᠡ ᠶᠢᠨ ᠲᠠᠮᠢᠷ ᠵᠡᠷᠭᠡ ᠰᠢᠨ᠎ᠡ ᠪᠠᠷ ᠬᠦᠭᠵᠢᠭᠰᠡᠨ ᠬᠡᠷᠡᠭᠯᠡᠭᠡ ᠴᠤ ᠬᠦᠭᠵᠢᠯᠲᠡ ᠰᠠᠶᠢᠲᠠᠢ ᠪᠠᠶᠢᠪᠠ᠃ ᠤᠨᠴᠠᠯᠠᠬᠤ᠂ ᠴᠢᠨᠠᠷ ᠰᠠᠶᠢᠲᠠᠢ ᠪᠤᠯᠤᠨ ᠤᠬᠠᠭᠠᠨᠴᠢᠯᠠᠬᠰᠠᠨ ᠲᠠᠸᠠᠷ ᠤᠨ ᠦᠢᠯᠡᠴᠢᠯᠡᠭᠡ ᠬᠡᠷᠡᠭᠯᠡᠭᠡᠨ ᠤ ᠰᠢᠨ᠎ᠡ ᠨᠡᠮᠡᠭᠳᠡᠯ ᠢ ᠪᠤᠢ ᠪᠤᠯᠭᠠᠵᠦ᠂ ᠡᠳᠦᠷ ᠲᠤᠳᠤᠮ ᠤᠨ ᠠᠮᠢᠳᠤᠷᠠᠯ ᠤᠨ ᠬᠡᠷᠡᠭᠰᠡᠯ ᠤᠨ ᠵᠠᠬ᠎ᠠ ᠵᠡᠭᠡᠯᠢ ᠶᠢᠨ ᠬᠠᠩᠭᠠᠯᠭ᠎ᠠ ᠭᠦᠢᠴᠡᠳ ᠪᠠᠶᠢᠬᠰᠠᠨ ᠢᠶᠠᠷ ᠦᠨ᠎ᠡ ᠶᠢᠨ ᠲᠤᠬᠲᠠᠪᠤᠷᠢ ᠶᠢ ᠪᠠᠲᠤᠯᠠᠵᠦ ᠴᠢᠳᠠᠵᠠᠢ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1