ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠨᠢᠭᠡ ᠪᠦᠯᠦᠭ ᠨᠡᠶᠢᠲᠡᠯᠢᠭ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠪᠠᠳᠠᠨ ᠪᠠᠶᠢᠴᠠᠭᠠᠭᠰᠠᠨ ᠪᠠᠶᠢᠳᠠᠯ ᠢ ᠨᠡᠶᠢᠲᠡᠯᠡᠵᠦ ᠵᠥᠷᠢᠴᠡᠯ ᠢ ᠨᠠᠮᠳᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠪᠡᠷᠬᠡ ᠰᠡᠳᠦᠪ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2019-11-22
     ᠰᠢᠨᠬᠤᠸᠠ ᠬᠤᠷᠢᠶ᠎ᠠ ᠪᠡᠭᠡᠵᠢᠩ ᠤᠨ 11 ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠪᠠᠶ ᠶᠠᠩ︶ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠠᠯᠪᠠᠨ ᠰᠦᠯᠵᠢᠶ᠎ᠡ ᠲᠦᠷᠦᠭᠦᠬᠡᠨ ᠨᠢᠭᠡ ᠪᠦᠯᠦᠭ ᠨᠡᠶᠢᠲᠡᠯᠢᠭ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠪᠠᠳᠠᠨ ᠪᠠᠶᠢᠴᠠᠭᠠᠭᠰᠠᠨ ᠪᠠᠶᠢᠳᠠᠯ ᠢ ᠨᠡᠶᠢᠲᠡᠯᠡᠪᠡ᠂ ᠡᠨᠡ ᠨᠢ ᠭᠤᠣᠯᠳᠠᠭᠤ ᠭᠠᠵᠠᠷ ᠰᠢᠷᠣᠶ ᠲᠠᠲᠠᠪᠤᠷᠢᠯᠠᠬᠤ᠂ ᠨᠤᠷᠠᠭᠠᠨ ᠨᠡᠭᠦᠯᠭᠡᠵᠦ ᠲᠥᠪᠬᠢᠨᠡᠭᠦᠯᠬᠦ᠂ ᠨᠡᠶᠢᠭᠡᠮ ᠤᠨ ᠪᠠᠲᠤᠯᠠᠭᠠᠨ ᠤ ᠰᠦᠢᠳᠬᠡᠯ ᠲᠤᠰᠢᠶᠠᠬᠤ᠂ ᠣᠷᠴᠢᠨ ᠠᠬᠤᠶ ᠶᠢᠨ ᠪᠣᠬᠢᠷᠳᠤᠯ ᠵᠡᠷᠭᠡ ᠣᠯᠠᠨ ᠲᠦᠮᠡᠨ ᠤ ᠲᠤᠰᠬᠠᠯ ᠶᠡᠬᠡᠲᠡᠶ᠂ ᠠᠷᠠᠳ ᠤᠨ ᠠᠮᠢᠳᠤᠷᠠᠯ ᠤᠨ ᠠᠰᠠᠭᠤᠳᠠᠯ ᠲᠠᠢ ᠬᠤᠯᠪᠣᠭᠳᠠᠬᠤ ᠲᠠᠯ᠎ᠠ ᠳᠤ ᠢᠯᠡᠷᠡᠪᠡ᠃          ᠡᠨᠡ ᠵᠢᠯ ᠤᠨ 9 ᠰᠠᠷ᠎ᠠ ᠳᠤ᠂ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠢᠷᠭᠤᠭᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠾᠧᠪᠧᠢ᠂ ᠱᠠᠨ ᠰᠢ᠂ ᠯᠢᠶᠣᠤᠨᠢᠩ᠂ ᠱᠠᠨᠳᠦ᠋ᠩ᠂ ᠬᠤᠨᠠᠨ᠂ ᠰᠧᠴᠤᠸᠠᠨ ᠵᠡᠷᠭᠡ 6 ᠮᠤᠵᠢ ᠳᠤ ᠬᠦᠷᠴᠦ 24 ᠬᠤᠪᠢ ᠵᠠᠬᠢᠳᠠᠯ ᠰᠤᠷᠪᠤᠯᠵᠢᠯᠠᠭ᠎ᠠ ᠶᠢ ᠲᠤᠬᠠᠶ ᠶᠢᠨ ᠭᠠᠵᠠᠷ ᠲᠤ ᠨᠢ ᠬᠢᠨᠠᠨ ᠪᠠᠶᠢᠴᠠᠭᠠᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠡᠷᠭᠡ ᠬᠡᠰᠡᠭ ᠪᠦᠯᠦᠭ ᠬᠦᠮᠦᠰ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠤ ᠬᠤᠪᠢ ᠪᠠᠷ ᠬᠢᠨᠠᠨ ᠪᠠᠶᠢᠴᠠᠭᠠᠯᠲᠠ ᠳᠤ ᠣᠷᠣᠯᠴᠠᠪᠠ᠃          ᠣᠶᠢᠯᠠᠭᠠᠭᠰᠠᠨ ᠢᠶᠠᠷ᠂ ᠲᠣᠰ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠲᠤᠬᠠᠶ ᠶᠢᠨ ᠭᠠᠵᠠᠷ ᠤᠨ ᠬᠢᠨᠠᠨ ᠪᠠᠶᠢᠴᠠᠭᠠᠯᠲᠠ ᠨᠢ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠬᠥᠮᠦᠨ ᠲᠠᠢ ᠬᠤᠯᠪᠣᠭᠳᠠᠭᠰᠠᠨ᠂ ᠰᠢᠢᠳᠪᠦᠷᠢᠯᠡᠬᠦ ᠳᠤ ᠬᠦᠴᠢᠷᠲᠡᠶ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠣᠬᠢᠲᠠᠶ ᠰᠢᠢᠳᠪᠦᠷᠢᠯᠡᠬᠦ ᠶᠢ ᠬᠦᠴᠦᠯᠡᠨ ᠠᠬᠢᠭᠤᠯᠪᠠ᠃           ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠠᠴᠠ ᠣᠷᠣᠨ ᠨᠤᠲᠤᠭ ᠢ ᠵᠠᠪᠠᠯ ᠬᠢᠨᠠᠨ ᠪᠠᠶᠢᠴᠠᠭᠠᠵᠤ ᠴᠡᠭᠴᠡᠯᠡᠨ ᠥᠭᠡᠷᠡᠴᠢᠯᠡᠭᠰᠡᠨ ᠠᠬᠢᠴᠠ ᠪᠠᠨ ᠬᠤᠭᠤᠴᠠᠭ᠎ᠠ ᠶᠣᠰᠣᠭᠠᠷ ᠳᠡᠭᠡᠭᠰᠢ ᠮᠡᠳᠡᠭᠦᠯᠵᠦ᠂ ᠡᠯ᠎ᠡ ᠭᠠᠵᠠᠷ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠮᠥᠷᠳᠡᠨ ᠪᠠᠶᠢᠴᠠᠭᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠢ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠲᠤ ᠬᠦᠨᠳᠦ ᠨᠣᠴᠢᠲᠠᠶ ᠬᠠᠯᠳᠠᠵᠤ᠂ ᠬᠦᠨᠳᠦ ᠨᠤᠴᠢᠲᠠᠢ ᠬᠤᠬᠢᠷᠠᠯ ᠪᠤᠶᠤ ᠮᠠᠭᠤ ᠨᠥᠯᠥᠭᠡ ᠭᠠᠷᠭᠠᠭᠰᠠᠨ ᠵᠦᠢᠯᠡᠰ ᠲᠤ ᠪᠠᠶᠢᠳᠠᠯ ᠢ ᠨᠢ ᠦᠵᠡᠵᠦ ᠪᠠᠶᠢᠭᠠᠳ ᠬᠤᠯᠪᠣᠭᠳᠠᠯ ᠪᠦᠬᠦᠢ ᠭᠠᠵᠠᠷ ᠣᠷᠣᠨ ᠳᠤ ᠰᠠᠨᠠᠭᠤᠯᠭ᠎ᠠ ᠭᠠᠷᠭᠠᠵᠤ ᠬᠠᠷᠢᠭᠤᠴᠠᠯᠭ᠎ᠠ ᠬᠡᠯᠡᠯᠴᠡᠬᠦ ᠲᠦᠷᠢᠮᠵᠢᠯ ᠢ ᠡᠬᠢᠯᠡᠭᠦᠯᠬᠦ ᠬᠡᠷᠡᠭᠲᠡᠶ ᠭᠡᠰᠡᠨ ᠱᠠᠭᠠᠷᠳᠠᠯᠭ᠎ᠠ ᠭᠠᠷᠭᠠᠵᠠᠢ᠃
 
ᠢᠷᠡᠯᠲᠡ᠄ ᠰᠢᠨᠬᠤᠧᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1