ᠰᠢᠨᠬᠤᠸᠠ ᠬᠤᠷᠢᠶ᠎ᠠ ᠪᠡᠭᠡᠵᠢᠩ ᠤᠨ 11 ᠰᠠᠷ᠎ᠠ ᠶᠢᠨ 20 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ | ᠰᠤ᠋ ᠪᠸᠢ︶ ᠲᠦᠪ ᠤᠨ ᠷᠠᠳᠢᠤ᠋ ᠲᠤᠯᠸᠢᠰ ᠤᠨ ᠶᠡᠷᠦᠩᠬᠡᠢ ᠬᠤᠷᠢᠶ᠎ᠠ ᠶᠢᠨ ︽ᠲᠦᠪ ᠸᠢᠳᠢᠤ᠋︾ ᠰᠢᠨ᠎ᠡ ᠬᠡᠪᠯᠡᠯ | ᠮᠡᠲᠡᠭᠡᠯᠡᠯ ᠤᠨ ᠲᠠᠪᠴᠠᠩ 20 ᠤ ᠡᠳᠦᠷ ᠠᠰᠢᠭᠯᠠᠯᠲᠠ ᠳᠤ ᠤᠷᠤᠪᠠ᠃ ᠤᠶᠢᠯᠠᠭᠠᠭᠰᠠᠨ ᠢᠶᠠᠷ᠂ ᠡᠨᠡ ᠪᠤᠯ | ᠲᠦᠪ ᠤᠨ ᠷᠠᠳᠢᠤ᠋ ᠲᠤᠯᠸᠢᠰ ᠤᠨ ᠶᠡᠷᠦᠩᠬᠡᠢ ᠬᠤᠷᠢᠶ᠎ᠠ ᠶᠢᠨ ᠬᠢᠨ ︽5G+4K/8K+AI︾ ᠵᠡᠷᠭᠡ ᠰᠢᠨ᠎ᠡ | ᠮᠡᠷᠭᠡᠵᠢᠯ ᠳᠤ ᠰᠠᠭᠤᠷᠢᠯᠠᠵᠤ ᠪᠠᠶᠢᠭᠤᠯᠤᠭᠰᠠᠨ ᠶᠠᠷᠦᠩᠬᠡᠶᠢᠯᠡᠭᠰᠡᠨ ᠴᠢᠨᠠᠷᠲᠠᠢ ᠦᠵᠡᠵᠦ ᠰᠤᠨᠤᠰᠴᠤ ᠴᠢᠲᠠᠬᠤ ᠰᠢᠨ᠎ᠡ | ᠬᠡᠪᠯᠡᠯ ᠮᠡᠲᠡᠭᠡᠯᠡᠯ ᠤᠨ ᠬᠡᠷᠡᠭᠰᠡᠯ ᠪᠤᠯᠬᠤ ᠶᠤᠮ᠃ | | ᠤᠶᠢᠯᠠᠭᠠᠭᠰᠠᠨ ᠢᠶᠠᠷ᠂ ︽ᠲᠦᠪ ᠸᠢᠳᠢᠤ᠋︾ ᠨᠢ ᠡᠬᠦᠯᠡᠨ ᠦᠢᠯᠡᠴᠢᠯᠡᠭᠡ ᠪᠠᠷ ᠲᠠᠮᠵᠢᠭᠤᠯᠤᠨ ᠤᠯᠠᠮᠵᠢᠯᠠᠯᠲᠤ | ᠬᠡᠪᠯᠡᠯ ᠮᠡᠲᠡᠭᠡᠯᠡᠯ ᠤᠨ ᠦᠢᠯᠡᠳᠪᠤᠷᠢᠯᠡᠯ ᠤᠨ ᠭᠤᠭᠴᠤᠭ᠎ᠠ ᠪᠠ ᠹᠢᠽᠢᠺ ᠤᠨ ᠤᠷᠤᠨ ᠵᠠᠢ ᠶᠢ ᠨᠡᠪᠲᠡᠷᠡᠭᠦᠯᠵᠦ᠂ | ᠠᠭᠤᠯᠭ᠎ᠠ ᠶᠢᠨ ᠲᠤᠭ᠎ᠠ ᠪᠠᠷᠢᠮᠲᠠ ᠬᠦᠷᠲᠡᠯ᠎ᠠ ᠬᠠᠮᠲᠤ ᠪᠠᠷ ᠡᠳ᠋ᠯᠡᠬᠦ᠂ ᠬᠠᠷᠢᠯᠴᠠᠨ ᠬᠤᠯᠪᠤᠭᠠᠯᠠᠵᠤ ᠬᠠᠷᠢᠯᠴᠠᠨ | ᠨᠡᠪᠲᠡᠷᠡᠯᠴᠡᠬᠦ ᠶᠢ ᠪᠡᠶᠡᠯᠡᠭᠦᠯᠦᠭᠰᠡᠨ ᠪᠦ᠋ᠭᠡᠳ ᠶᠡᠷᠦᠩᠬᠡᠢ ᠬᠤᠷᠢᠶ᠎ᠠ ᠶᠢᠨ ᠸᠢᠳᠢᠤ᠋ ᠶᠢᠨ ᠳᠠᠪᠠᠭᠤᠯᠢᠭ ᠢ ᠬᠡᠷᠡᠭᠯᠡᠭᠴᠢ ᠶᠢᠨ | ᠨᠡᠶᠢᠭᠡᠮ ᠤᠨ ᠬᠠᠷᠢᠯᠴᠠᠭᠠᠨ ᠤ ᠠᠷᠭ᠎ᠠ ᠮᠠᠶ᠋᠊ᠢᠭ ᠲᠠᠢ ᠤᠶᠠᠯᠳᠤᠭᠤᠯᠵᠠᠢ᠃ ᠠᠭᠤᠯᠭ᠎ᠠ ᠶᠢᠨ ᠲᠠᠯ᠎ᠠ ᠪᠠᠷ᠂ ᠰᠤᠶᠤᠯ | ᠤᠷᠠᠯᠢᠭ ᠵᠤᠭ᠎ᠠ ᠴᠡᠩᠭᠡᠬᠦᠨ᠂ ᠦᠷᠭᠡᠨ ᠳᠡᠯᠭᠡᠷ ᠮᠡᠳᠡᠭᠡ ᠵᠠᠩᠭᠢ᠂ ᠦᠷᠭᠡᠨ ᠳᠡᠯᠭᠡᠷ ᠮᠡᠳᠡᠯᠭᠡ ᠵᠡᠷᠭᠡ ᠭᠤᠷᠪᠠᠨ ᠶᠡᠭᠡ | ᠲᠦᠷᠦᠯ ᠵᠦᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠨᠡᠭᠡᠭᠡᠯᠲᠡ ᠬᠢᠵᠦ ᠬᠠᠮᠲᠤ ᠪᠠᠷ ᠪᠠᠶᠢᠭᠤᠯᠬᠤ ᠤᠪᠤᠷ | ᠪᠠᠶᠢᠲᠠᠯ ᠢᠶᠠᠷ ᠴᠢᠨᠠᠷ ᠰᠠᠶᠢᠲᠠᠢ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠦᠨ᠎ᠡ᠃ ︵ | ᠲᠠᠲᠤᠯᠭ᠎ᠠ ᠶᠢᠨ ᠰᠤᠷᠤᠭᠴᠢ ᠬᠦᠰᠡᠯ ᠤᠷᠴᠢᠭᠤᠯᠪᠠ︶ |