ᠦᠪᠦᠷ ᠮᠤᠩᠭᠤᠯ ᠤᠨ ᠭᠤᠷᠪᠠᠳᠤᠭᠠᠷ ᠬᠤᠭᠤᠴᠠᠭᠠᠨ ᠤ ᠠᠷᠠᠳ ᠤᠨ ᠠᠮᠠᠨ ᠵᠤᠬᠢᠶᠠᠯ ᠤᠷᠠᠯᠢᠭ ᠰᠢᠨᠵᠢᠯᠡᠯ ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠪᠤᠯᠪᠠ
ᠨᠡᠶᠢᠲᠡᠯᠡᠭᠰᠡᠨ ᠴᠠᠭ᠄
2019-11-25
     ᠰᠢᠨᠬᠤᠧᠠ ᠮᠤᠩᠭᠤᠯ ᠨᠧᠲ ᠬᠦᠬᠡᠬᠤᠳᠠ ᠶᠢᠨ 11 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ︵ᠪᠤᠯᠤᠷᠴᠡᠴᠡᠭ︶ ᠦᠪᠦᠷ ᠮᠤᠩᠭᠤᠯ ᠤᠨ ᠭᠤᠷᠪᠠᠳᠤᠭᠠᠷ ᠬᠤᠭᠤᠴᠠᠭᠠᠨ ᠤ ᠠᠷᠠᠳ ᠤᠨ ᠠᠮᠠᠨ ᠵᠤᠬᠢᠶᠠᠯ ᠤᠷᠠᠯᠢᠭ ᠰᠢᠨᠵᠢᠯᠡᠯ ᠤᠨ ᠰᠤᠳᠤᠯᠤᠨ ᠶᠠᠷᠢᠯᠴᠠᠬᠤ ᠬᠤᠷᠠᠯ ᠡᠨᠡ ᠰᠠᠷ᠎ᠠ ᠶᠢᠨ 23 ᠤ ᠡᠳᠦᠷ ᠬᠦᠬᠡᠬᠤᠳᠠ ᠳᠤ ᠨᠡᠬᠡᠬᠡᠯᠳᠡ ᠪᠠᠨ ᠬᠢᠵᠤ᠂ ᠤᠷᠤᠨ ᠤ ᠳᠤᠳᠤᠭᠠᠳᠤ ᠭᠠᠳᠠᠭᠠᠳᠤ ᠶᠢᠨ ᠶᠡᠭᠡ ᠳᠡᠬᠡᠳᠦ ᠰᠤᠷᠭᠠᠭᠤᠯᠢ ᠪᠤᠯᠤᠨ ᠡᠷᠳᠡᠮ ᠰᠢᠨᠵᠢᠯᠡᠬᠡᠨ ᠤ ᠪᠠᠢᠭᠤᠯᠭ᠎ᠠ ᠶᠢᠨ ᠡᠷᠳᠡᠮᠳᠡᠨ ᠫᠷᠤᠹᠧᠰᠰᠤᠷ ᠨᠡᠢᠳᠡ 100 ᠭᠠᠷᠤᠢ ᠬᠦᠮᠦᠨ ᠤᠷᠤᠯᠴᠠᠵᠠᠢ᠃          ᠡᠨᠡ ᠬᠦ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ᠂ ᠦᠪᠦᠷ ᠮᠤᠩᠭᠤᠯ ᠤᠨ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠠᠮᠳᠤᠷᠠᠨ ᠰᠠᠨᠠᠭᠠᠴᠢᠯᠠᠵᠤ᠂ ᠦᠪᠦᠷ ᠮᠤᠩᠭᠤᠯ ᠤᠨ ᠠᠮᠠᠨ ᠵᠤᠬᠢᠶᠠᠯ ᠤᠷᠠᠯᠢᠭ ᠰᠢᠨᠵᠢᠯᠡᠯ ᠤᠨ ᠰᠤᠳᠤᠯᠬᠤ ᠬᠤᠷᠠᠯ ᠠᠴᠠ ᠳᠠᠭᠠᠭᠠᠴᠢᠯᠠᠨ ᠵᠤᠬᠢᠶᠠᠨ ᠪᠠᠶᠢᠭᠤᠯᠪᠠ᠃ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠡᠷᠬᠢᠮᠪᠠᠶᠠᠷ ᠬᠤᠷᠠᠯ ᠢ ᠨᠡᠬᠡᠬᠡᠵᠤ ᠤᠭᠳᠤᠯᠭ᠎ᠠ ᠶᠢᠨ ᠦᠬᠡ ᠶᠠᠷᠢᠭᠰᠠᠨ ᠪᠠ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠡᠦ ᠶᠢᠩ ᠵᠧ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠦᠷᠢᠶ᠎ᠡ ᠬᠤᠰᠢᠭᠤ ᠶᠢᠨ ᠬᠤᠷᠢᠶ᠎ᠠ ᠶᠢᠨ ᠪᠠᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠪᠤᠤ ᠸᠧᠨ ᠯᠠᠨ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠤᠯᠤᠰ ᠢ ᠰᠤᠳᠤᠯᠬᠤ ᠬᠦᠷᠢᠶᠡᠯᠡᠩ ᠤᠨ ᠵᠠᠬᠢᠷᠤᠯ᠂ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠶᠢᠨ ᠤᠤᠯ ᠤᠨ ᠵᠠᠬᠢᠷᠤᠯ᠂ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠪᠠᠶᠠᠷᠮᠡᠨᠳᠦ ᠨᠠᠷ ᠳᠤᠰ ᠳᠤᠰ ᠶᠠᠷᠢᠶ᠎ᠠ ᠳᠠᠯᠪᠢᠵᠠᠢ᠃          ︽ᠳᠡᠤᠬᠡ ᠪᠠᠷ ᠳᠤᠯᠢ ᠪᠤᠯᠭᠠᠬᠤ ᠨᠢ ᠡᠷᠬᠢᠮ᠂ ᠳᠡᠤᠬᠡ ᠶᠢ ᠠᠭᠤᠳᠠᠯᠯᠠᠨ ᠬᠤᠵᠢᠮ ᠤᠨ ᠬᠦᠮᠦᠰ ᠲᠤ ᠳᠤᠯᠢ ᠪᠤᠯᠭᠠᠨ ᠦᠯᠡᠳᠡᠬᠡᠬᠦ ᠨᠢ ᠨᠡᠩ ᠡᠷᠬᠢᠮ᠃︾ 2010 ᠤᠨ ᠤ 9 ᠰᠠᠷ᠎ᠠ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠨᠢ ᠦᠪᠦᠷ ᠮᠤᠩᠭᠤᠯ ᠤᠨ ᠬᠦᠷᠢᠶ᠎ᠡ ᠬᠤᠰᠢᠭᠤᠨ ᠤ ᠵᠠᠰᠠᠭ ᠤᠨ ᠤᠷᠳᠤᠨ ᠲᠠᠢ ᠬᠠᠮᠳᠤᠷᠠᠨ ᠠᠵᠢᠯᠯᠠᠬᠤ ᠬᠡᠷ᠎ᠡ ᠪᠠᠢᠭᠤᠯᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠦᠷᠢᠶ᠎ᠡ ᠰᠤᠶᠤᠯ ᠰᠤᠳᠤᠯᠬᠤ ᠰᠠᠭᠤᠷᠢᠨ ᠭᠠᠵᠠᠷ ᠳᠤᠰ ᠬᠤᠰᠢᠭᠤᠨ ᠳᠤ ᠠᠩᠬ᠎ᠠ ᠪᠠᠢᠭᠤᠯᠤᠭᠳᠠᠭᠰᠠᠨ ᠶᠤᠮ᠃ ᠳᠠᠷᠠᠭ᠎ᠠ ᠪᠠᠷ ᠨᠢ᠂ ᠬᠦᠷᠢᠶ᠎ᠡ ᠳᠡᠤᠬᠡ ᠰᠤᠶᠤᠯ ᠰᠤᠳᠤᠯᠤᠯ ᠤᠨ ᠴᠤᠪᠤᠷᠠᠯ ᠪᠢᠴᠢᠭ ᠡᠮᠬᠢᠳᠬᠡᠨ ᠨᠠᠢᠷᠠᠭᠤᠯᠬᠤ ᠠᠵᠢᠯ ᠢ ᠭᠠᠷᠳᠠᠨ ᠡᠬᠢᠯᠡᠬᠦᠯᠵᠤ᠂ ᠤᠳᠤ ᠪᠠᠷ ᠨᠢᠬᠡᠨᠳᠡ 18 ᠪᠤᠳᠢ ᠶᠢ ᠬᠡᠪᠯᠡᠬᠦᠯᠦᠭᠰᠡᠨ ᠪᠠᠢᠨ᠎ᠠ᠃ ᠳᠤᠰ ᠴᠤᠪᠤᠷᠠᠯ ᠨᠤᠮ ᠤᠨ ᠠᠩᠬᠠᠯᠠᠨ ᠳᠠᠷᠬᠠᠭᠠᠬᠤ ᠶᠤᠰᠤᠯᠠᠯ ᠢ ᠮᠦᠨ ᠬᠤᠷᠠᠯ ᠤᠨ ᠨᠡᠬᠡᠬᠡᠯᠳᠡ ᠪᠠᠷ ᠶᠠᠪᠤᠭᠳᠠᠭᠤᠯᠵᠤ᠂ ᠬᠠᠮᠢᠶᠠᠳᠠᠢ ᠪᠠᠢᠭᠤᠯᠭ᠎ᠠ ᠨᠢᠬᠡᠴᠡ ᠪᠤᠯᠤᠨ ᠬᠤᠪᠢ ᠬᠦᠮᠦᠨ ᠳᠤ ᠪᠡᠯᠡᠭᠯᠡᠯ᠎ᠠ᠃ ᠶᠢᠨ ᠬᠦ ᠬᠦᠷᠢᠶ᠎ᠡ ᠳᠡᠤᠬᠡ ᠰᠤᠶᠤᠯ ᠢ ᠠᠭᠤᠳᠠᠯᠯᠠᠨ ᠰᠤᠳᠤᠯᠬᠤ ᠦᠢᠯᠡᠰ ᠲᠤ ᠬᠢᠴᠢᠶᠡᠯ ᠵᠢᠳᠬᠦᠯ ᠦᠵᠡᠬᠦᠯᠵᠤ ᠨᠢᠬᠡᠨ ᠵᠡᠷᠬᠡ ᠶᠢᠨ ᠠᠮᠵᠢᠯᠳᠠ ᠪᠦᠳᠦᠮᠵᠢ ᠳᠤ ᠬᠦᠷᠴᠤ ᠶᠠᠪᠤᠭ᠎ᠠ ᠳᠤ ᠨᠢ ᠪᠠᠶᠠᠷ ᠳᠠᠯᠠᠷᠬᠠᠯ ᠢᠶᠠᠨ ᠢᠯᠡᠷᠬᠡᠢᠯᠡᠨ ᠬᠦᠷᠢᠶ᠎ᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠳᠤ ᠬᠡᠮᠡᠷᠯᠢᠭ ᠳᠤᠭ ᠬᠦᠷᠬᠡᠵᠤ᠂ ᠬᠦᠷᠡᠯᠱᠠ ᠫᠷᠤᠹᠧᠰᠰᠤᠷ ᠲᠤ ᠢᠷᠠᠭᠤ ᠠᠯᠳᠠᠷ ᠤᠨ ᠦᠨᠡᠮᠯᠡᠯ ᠤᠯᠭᠤᠭᠰᠠᠨ ᠪᠠᠢᠨ᠎ᠠ᠃          ᠠᠨᠳᠠᠢ ᠰᠤᠶᠤᠯ ᠨᠢ ᠬᠦᠷᠢᠶ᠎ᠡ ᠳᠡᠤᠬᠡ ᠰᠤᠶᠤᠯ ᠤᠨ ᠴᠢᠬᠤᠯᠠ ᠨᠢᠬᠡ ᠪᠦᠷᠢᠯᠳᠦᠬᠦᠨ ᠪᠤᠯᠬᠤ ᠳᠡᠳᠦᠢ ᠦᠬᠡᠢ ᠳᠡᠬᠦᠨ ᠤ ᠳᠤᠬᠠᠢ ᠰᠤᠳᠤᠯᠭ᠎ᠠ ᠡᠷᠳᠡᠮ ᠰᠢᠨᠵᠢᠯᠡᠬᠡᠨ ᠤ ᠰᠠᠯᠪᠤᠷᠢ ᠳᠤ ᠦᠷᠬᠡᠨ ᠢᠶᠠᠷ ᠦᠷᠨᠢᠵᠤ ᠢᠷᠡᠵᠡᠢ᠃ ᠠᠨᠳᠠᠢ ᠰᠤᠶᠤᠯ ᠤᠨ ᠰᠤᠳᠤᠯᠭᠠᠨ ᠤ ᠬᠦᠷᠢᠶᠡᠨ ᠳᠤ ᠠᠯᠳᠠᠷ ᠨᠡᠷ᠎ᠡ ᠪᠠᠨ ᠳᠠᠭᠤᠷᠢᠰᠤᠭᠤᠯᠤᠭᠠᠳ ᠰᠤᠪᠤᠷᠠᠵᠤ ᠤᠳᠤᠭᠰᠠᠨ ᠨᠢᠬᠡᠨ ᠤᠳᠤ ᠪᠤᠯ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠳᠤ ᠮᠤᠩᠭᠤᠯ ᠦᠨᠳᠦᠰᠦᠳᠡᠨ ᠤ ᠵᠠᠩ ᠦᠢᠯᠡ᠂ ᠱᠠᠰᠢᠨ ᠰᠤᠷᠳᠠᠬᠤᠨ᠂ ᠰᠤᠶᠤᠯ ᠰᠤᠳᠤᠯᠭᠠᠨ ᠤ ᠴᠢᠭᠯᠡᠯ ᠢᠶᠠᠷ ᠠᠵᠢᠯᠯᠠᠵᠤ ᠪᠠᠢᠬᠰᠡᠨ ᠰᠠᠷᠠᠭᠤᠯ ᠳ᠋ᠤᠺᠲ᠋ᠤᠷ ᠪᠤᠯᠬᠤ ᠶᠤᠮ᠃ ᠳᠡᠬᠦᠨ ᠤ ︽ᠮᠤᠩᠭᠤᠯᠴᠤᠳ ᠤᠨ ᠠᠨᠳᠠᠢ ᠬᠢᠬᠡᠳ ᠰᠤᠶᠤᠯ ᠤᠨ ᠤᠯᠠᠨ ᠡᠰᠢᠳᠦ ᠰᠤᠳᠤᠯᠤᠯ︾ ᠢ ᠪᠠᠭᠳᠠᠭᠠᠭᠰᠠᠨ ᠠᠨᠳᠠᠢ ᠰᠤᠳᠤᠯᠤᠯ ᠤᠨ 4 ᠨᠤᠮ ᠢ ᠮᠦᠨ ᠡᠨᠡ ᠬᠦ ᠰᠤᠳᠤᠯᠤᠨ ᠶᠠᠷᠢᠯᠴᠠᠬᠤ ᠬᠤᠷᠠᠯ ᠤᠨ ᠨᠡᠬᠡᠬᠡᠯᠳᠡ ᠶᠢᠨ ᠶᠤᠰᠤᠯᠠᠯ ᠢᠶᠠᠷ ᠳᠠᠷᠬᠠᠭᠠᠵᠤ᠂ ᠬᠠᠮᠢᠶᠠᠳᠠᠢ ᠪᠠᠢᠭᠤᠯᠭ᠎ᠠ ᠨᠢᠬᠡᠴᠡ ᠪᠠ ᠬᠤᠪᠢ ᠬᠦᠮᠦᠨ ᠳᠤ ᠪᠡᠯᠡᠭᠯᠡᠵᠡᠢ᠃          ᠰᠤᠳᠤᠯᠤᠨ ᠶᠠᠷᠢᠯᠴᠠᠬᠤ ᠬᠤᠷᠠᠯ ᠢᠶᠠᠷ ᠪᠠᠰᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠵᠠᠬᠢᠷᠤᠯ᠂ ᠰᠤᠳᠤᠯᠤᠭᠴᠢ᠂ ᠳᠤᠮᠳᠠᠳᠤ ᠤᠯᠤᠰ ᠤᠨ ᠮᠤᠩᠭᠤᠯ ᠰᠤᠳᠤᠯᠤᠯ ᠤᠨ ᠨᠡᠢᠬᠡᠮᠯᠢᠭ ᠤᠨ ᠶᠡᠷᠦᠩᠬᠡᠢ ᠨᠠᠷᠢᠨ ᠪᠢᠴᠢᠭ ᠤᠨ ᠳᠠᠷᠤᠭ᠎ᠠ ᠶᠢᠨ ᠬᠠᠢ ︽ᠪᠦᠰᠡ ᠨᠤᠳᠤᠭ ᠤᠨ ᠰᠤᠶᠤᠯ ᠤᠨ ᠤᠨᠤᠯ ᠤᠨ ᠴᠤᠭᠴᠠᠯᠠᠯᠳᠠ ᠶᠢᠨ ᠦᠯᠢᠬᠡᠷ ᠳᠠᠭᠤᠷᠢᠶᠠᠯ᠂ ᠰᠤᠶᠤᠯ ᠤᠨ ᠤᠬᠠᠮᠰᠠᠷ ᠢᠳᠡᠬᠡᠯ ᠬᠦᠴᠦᠷᠬᠡᠭᠵᠢᠯ ᠤᠨ ᠠᠮᠵᠢᠯᠳᠠ ᠲᠠᠢ ᠦᠢᠯᠡᠳᠦᠯᠬᠡ︾ ᠬᠡᠬᠦ ᠰᠡᠳᠦᠪ ᠢᠶᠠᠷ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ᠂ ᠦᠪᠦᠷ ᠮᠤᠩᠭᠤᠯ ᠤᠨ ᠵᠠᠩ ᠦᠢᠯᠡ ᠶᠢᠨ ᠰᠤᠶᠤᠯ ᠰᠤᠳᠤᠯᠭᠠᠨ ᠤ ᠰᠠᠭᠤᠷᠢᠨ ᠭᠠᠵᠠᠷ ᠤᠨ ᠠᠬᠠᠯᠠᠬᠴᠢ ᠡᠷᠳᠡᠮᠳᠡᠨ ᠵᠠᠭᠠᠷ ︽ᠠᠨᠳᠠᠢ ᠰᠤᠶᠤᠯ ᠰᠤᠳᠤᠯᠤᠯ ᠳᠠᠬᠢ ᠵᠠᠯᠠᠭᠤ ᠡᠷᠳᠡᠮᠳᠡᠨ ᠤ ᠵᠢᠳᠬᠦᠯ︾ ᠬᠡᠬᠦ ᠰᠡᠳᠦᠪ ᠢᠶᠠᠷ᠂ ᠪᠤᠭᠤᠳᠤ ᠶᠢᠨ ᠪᠠᠭᠰᠢ ᠶᠢᠨ ᠳᠡᠬᠡᠳᠦ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠱᠤᠧᠠᠩ ᠱᠠᠨ ︽︿ᠬᠦᠷᠢᠶ᠎ᠡ ᠳᠡᠤᠬᠡ ᠰᠤᠶᠤᠯ ᠰᠤᠳᠤᠯᠤᠯ ᠤᠨ ᠴᠤᠪᠤᠷᠠᠯ ᠪᠢᠴᠢᠭ﹀ ᠤᠨ ᠬᠠᠮᠳᠤᠷᠠᠯ ᠤᠨ ᠵᠠᠬᠪᠤᠷ ᠵᠢᠴᠢ ᠤᠳᠬ᠎ᠠ ᠠᠭᠤᠯᠭ᠎ᠠ︾ ᠬᠡᠬᠦ ᠰᠡᠳᠦᠪ ᠢᠶᠠᠷ᠂ ᠦᠪᠦᠷ ᠮᠤᠩᠭᠤᠯ ᠤᠨ ᠤᠷᠠᠯᠢᠭ ᠤᠨ ᠳᠡᠬᠡᠳᠦ ᠰᠤᠷᠭᠠᠭᠤᠯᠢ ᠶᠢᠨ ᠳᠠᠭᠤᠤ ᠬᠦᠭᠵᠢᠮ ᠤᠨ ᠳᠡᠬᠡᠳᠦ ᠰᠤᠷᠭᠠᠭᠤᠯᠢ ᠶᠢᠨ ᠵᠠᠬᠢᠷᠤᠯ ᠂ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠶᠠᠩ ᠢᠤᠢ ᠴᠧᠩ ︽ᠨᠡᠢᠬᠡᠮ ᠤᠨ ᠬᠤᠪᠢᠰᠤᠯ ᠤᠨ ᠬᠠᠷᠠᠭᠠᠨ ᠳᠠᠬᠢ ᠠᠨᠳᠠᠢ ᠶᠢᠨ ᠦᠪᠯᠡᠨ ᠤᠯᠠᠮᠵᠢᠯᠠᠬᠤ ᠬᠡᠯᠪᠡᠷᠢ - ᠰᠠᠷᠠᠭᠤᠯ ᠤᠨ ︿ᠬᠦᠷᠢᠶ᠎ᠡ ᠠᠨᠳᠠᠢ ᠳᠤᠪᠴᠢᠶ᠎ᠠ﹀ ᠶᠢᠨ ᠳᠠᠢᠯᠤᠮᠵᠢ︾ ᠬᠡᠬᠦ ᠰᠡᠳᠦᠪ ᠢᠶᠠᠷ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠬᠦᠷᠡᠯᠱᠠ ︽ᠤᠷᠤᠨ ᠨᠤᠳᠤᠭ ᠤᠨ ᠰᠤᠶᠤᠯ ᠤᠨ ᠪᠦᠬᠦᠯᠢ ᠴᠤᠭᠴᠠᠳᠤ ᠦᠵᠡᠯᠳᠡ ᠪᠦᠬᠦᠢ ᠰᠢᠰᠲ᠋ᠧᠮᠳᠤ ᠰᠤᠳᠤᠯᠤᠯ ᠤᠨ ᠪᠦᠳᠦᠬᠡᠯ - ︿ᠬᠦᠷᠢᠶ᠎ᠡ ᠳᠡᠤᠬᠡ ᠰᠤᠶᠤᠯ ᠰᠤᠳᠤᠯᠤᠯ ᠤᠨ ᠴᠤᠪᠤᠷᠠᠯ ᠪᠢᠴᠢᠭ﹀ ᠤᠨ ᠡᠷᠬᠢᠴᠡᠬᠦᠯᠦᠯ ᠪᠤᠳᠤᠯᠬᠢᠯᠠᠯ︾ ᠬᠡᠬᠦ ᠰᠡᠳᠦᠪ ᠢᠶᠠᠷ ᠳᠤᠰ ᠳᠤᠰ ᠡᠷᠳᠡᠮ ᠰᠢᠨᠵᠢᠯᠡᠬᠡᠨ ᠤ ᠢᠯᠡᠳᠬᠡᠯ ᠬᠢᠭᠰᠡᠨ ᠪᠠᠢᠨ᠎ᠠ᠃          ᠦᠪᠦᠷ ᠮᠤᠩᠭᠤᠯ ᠤᠨ ᠠᠮᠠᠨ ᠵᠤᠬᠢᠶᠠᠯ ᠤᠷᠠᠯᠢᠭ ᠰᠢᠨᠵᠢᠯᠡᠯ ᠤᠨ ᠰᠤᠳᠤᠯᠬᠤ ᠬᠤᠷᠠᠯ 2017 ᠤᠨ ᠤ 12 ᠰᠠᠷ᠎ᠠ ᠳᠤ ᠬᠦᠬᠡᠬᠤᠳᠠ ᠳᠤ ᠪᠠᠶᠢᠭᠤᠯᠤᠭᠳᠠᠪᠠ᠃ ᠬᠤᠷᠠᠯ ᠨᠢ ᠤᠯᠤᠰ ᠲᠠᠶᠠᠭᠠᠷ ᠤᠨ ᠪᠡᠶᠡᠳᠦ ᠪᠤᠰᠤ ᠰᠤᠶᠤᠯ ᠤᠨ ᠦᠪ ᠢ ᠬᠠᠮᠠᠭᠠᠯᠠᠬᠤ ᠪᠤᠳᠤᠯᠭ᠎ᠠ ᠶᠢᠨ ᠳᠠᠭᠠᠤ ᠪᠡᠶᠡᠳᠦ ᠪᠤᠰᠤ ᠰᠤᠶᠤᠯ ᠤᠨ ᠦᠪ ᠪᠤᠯᠤᠭᠰᠠᠨ ᠠᠷᠠᠳ ᠤᠨ ᠠᠮᠠᠨ ᠵᠤᠬᠢᠶᠠᠯ ᠪᠤᠯᠤᠨ ᠠᠷᠠᠳ ᠤᠨ ᠤᠷᠠᠯᠢᠭ ᠢ ᠰᠢᠰᠲ᠋ᠧᠮ ᠲᠠᠢ ᠪᠠᠷ ᠰᠤᠳᠤᠯᠵᠤ᠂ ᠪᠦᠬᠦ ᠳᠠᠯ᠎ᠠ ᠪᠠᠷ ᠬᠠᠮᠠᠭᠠᠯᠠᠵᠤ ᠤᠯᠠᠮᠵᠢᠯᠠᠬᠤ ᠵᠤᠷᠢᠯᠭ᠎ᠠ ᠪᠠᠷ ᠪᠠᠢᠭᠤᠯᠤᠭᠳᠠᠭᠰᠠᠨ ᠶᠤᠮ᠃ ᠰᠤᠳᠤᠯᠬᠤ ᠬᠤᠷᠠᠯ ᠪᠠᠢᠭᠤᠯᠤᠭᠳᠠᠭᠰᠠᠨ ᠠᠴᠠ ᠨᠠᠭᠠᠰᠢ᠂ ᠠᠷᠠᠳ ᠤᠨ ᠠᠮᠠᠨ ᠵᠤᠬᠢᠶᠠᠯ ᠤᠷᠠᠯᠢᠭ ᠰᠢᠨᠵᠢᠯᠡᠯ ᠤᠨ ᠰᠤᠳᠤᠯᠤᠨ ᠶᠠᠷᠢᠯᠴᠠᠬᠤ ᠬᠤᠷᠠᠯ ᠢ ᠳᠤᠭᠳᠠᠮᠠᠯ ᠬᠤᠭᠤᠴᠠᠭ᠎ᠠ ᠲᠠᠢ ᠪᠠᠷ ᠨᠢᠬᠡᠨᠳᠡ ᠭᠤᠷᠪᠠ ᠤᠳᠠᠭ᠎ᠠ ᠡᠷᠬᠢᠯᠡᠭᠰᠡᠨ ᠳᠡᠳᠦᠢ ᠦᠬᠡᠢ ᠠᠷᠠᠳ ᠤᠨ ᠠᠮᠠᠨ ᠵᠤᠬᠢᠶᠠᠯ ᠤᠷᠠᠯᠢᠭ ᠢ ᠠᠪᠤᠷᠠᠨ ᠬᠠᠮᠠᠭᠠᠯᠠᠬᠤ᠂ ᠡᠷᠳᠡᠮ ᠰᠢᠨᠵᠢᠯᠡᠬᠡᠨ ᠤ ᠰᠤᠯᠢᠯᠴᠠᠭ᠎ᠠ ᠦᠷᠨᠢᠬᠦᠯᠬᠦ᠂ ᠡᠷᠳᠡᠮ ᠰᠢᠨᠵᠢᠯᠡᠬᠡᠨ ᠤ ᠨᠤᠮ ᠪᠢᠴᠢᠭ ᠬᠡᠪᠯᠡᠬᠦᠯᠬᠦ ᠵᠡᠷᠬᠡ ᠠᠵᠢᠯ ᠤᠳ ᠢ ᠬᠢᠵᠤ ᠬᠦᠢᠴᠡᠳᠬᠡᠭᠰᠡᠬᠡᠷ ᠢᠷᠡᠵᠡᠢ᠃
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1