ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠠᠴᠠ 2018 ᠤᠨ ᠤ GDP ᠶᠢᠨ ᠠᠩᠬᠠᠨ ᠤ ᠬᠢᠨᠠᠨ ᠬᠠᠷᠭᠤᠭᠤᠯᠤᠭᠰᠠᠨ ᠲᠤᠭ᠎ᠠ ᠶᠢ ᠵᠠᠰᠠᠪᠤᠷᠢ ᠤᠷᠤᠭᠤᠯᠪᠠ
ᠨᠡᠶᠢᠲᠡᠯᠡᠭᠰᠡᠨ ᠴᠠᠭ᠄
2019-11-25
     ᠰᠢᠨᠬᠤᠧᠠ ᠬᠤᠷᠢᠶ᠎ᠠ ᠪᠡᠭᠡᠵᠢᠩ ᠤᠨ 11 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ ︵ᠰᠤᠷᠪᠤᠯᠵᠢᠯᠠᠭᠴᠢ ᠴᠧᠨ ᠸᠧᠢ ᠸᠧᠢ︶ ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ 22 ᠤᠨ ᠡᠲᠦᠷ ᠨᠡᠢᠲᠡᠯᠡᠭᠰᠡᠨ ᠮᠡᠲᠡᠭᠡᠨ ᠳᠤ᠂ ᠮᠠᠨ ᠤ ᠤᠯᠤᠰ ᠤᠨ ᠤᠯᠤᠰ ᠤᠨ ᠲᠤᠲᠤᠭᠠᠲᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠬᠠᠷᠭᠤᠭᠤᠯᠤᠨ ᠪᠤᠲᠤᠬᠤ ᠲᠦᠷᠢᠮ ᠪᠤᠯᠤᠨ ᠪᠦᠬᠦ ᠤᠯᠤᠰ ᠤᠨ ᠠᠵᠤ ᠠᠬᠤᠢ ᠶᠢᠨ ᠨᠡᠢᠲᠡᠮ ᠪᠠᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠠᠴᠠ 2018 ᠤᠨ ᠤ GDP ᠳᠤ ᠠᠩᠬᠠᠨ ᠤ ᠬᠢᠨᠠᠨ ᠬᠠᠷᠭᠤᠯᠤᠯᠲᠠ ᠬᠢᠵᠦ ᠵᠠᠰᠠᠪᠤᠷᠢ ᠤᠷᠤᠭᠤᠯᠪᠠ᠃ 2018 ᠤᠨ ᠤ GDP ᠨᠢ 919281 ᠳ᠋ᠦᠩᠰᠢᠭᠤᠷ ᠲᠦᠭᠦᠷᠢᠭ᠂ ᠠᠩᠬᠠᠨ ᠤ ᠬᠢᠨᠠᠨ ᠬᠠᠷᠭᠤᠭᠤᠯᠤᠭᠰᠠᠨ ᠲᠤᠭ᠎ᠠ ᠠᠴᠠ 18972 ᠳ᠋ᠦᠩᠰᠢᠭᠤᠷ ᠲᠦᠭᠦᠷᠢᠭ ᠨᠡᠮᠡᠭᠲᠡᠵᠦ᠂ ᠨᠡᠮᠡᠭᠲᠡᠯ ᠤᠨ ᠬᠡᠮᠵᠢᠶ᠎ᠠ ᠨᠢ 2.1% ᠳᠤ ᠬᠦᠷᠪᠡ᠃          ᠵᠠᠰᠠᠪᠤᠷᠢ ᠤᠷᠤᠭᠤᠯᠤᠭᠰᠠᠨ ᠤ ᠲᠠᠷᠠᠭ᠎ᠠ ᠨᠢᠭᠡᠲᠦᠭᠡᠷ ᠠᠵᠤ ᠦᠢᠯᠡᠰ ᠤᠨ ᠨᠡᠮᠡᠭᠲᠡᠯ ᠤᠨ ᠦᠷᠲᠡᠭ 64745 ᠳ᠋ᠦᠩᠰᠢᠭᠤᠷ ᠲᠦᠭᠦᠷᠢᠭ᠂ ᠬᠠᠷᠢᠴᠠᠯ ᠨᠢ 7.0%︔ ᠬᠤᠶᠠᠲᠤᠭᠠᠷ ᠠᠵᠤ ᠦᠢᠯᠡᠰ ᠤᠨ ᠨᠡᠮᠡᠭᠲᠡᠯ ᠦᠷᠲᠡᠭ ᠨᠢ 364835 ᠳ᠋ᠦᠩᠰᠢᠭᠤᠷ ᠲᠦᠭᠦᠷᠢᠭ᠂ ᠬᠠᠷᠢᠴᠠᠯ ᠨᠢ 39.7%︔ ᠭᠤᠷᠪᠠᠲᠤᠭᠠᠷ ᠠᠵᠤ ᠦᠢᠯᠡᠰ ᠤᠨ ᠨᠡᠮᠡᠭᠲᠡᠯ ᠦᠷᠲᠡᠭ ᠨᠢ 489701 ᠳ᠋ᠦᠩᠰᠢᠭᠤᠷ ᠲᠦᠭᠦᠷᠢᠭ᠂ ᠬᠠᠷᠢᠴᠠᠯ ᠨᠢ 53.3% ᠪᠤᠯᠤᠨ᠎ᠠ᠃
 
ᠢᠷᠡᠯᠲᠡ᠄ ᠰᠢᠨᠬᠤᠧᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1