2020 ᠤᠨ ᠤ ᠤᠯᠤᠰ ᠤᠨ ᠠᠯᠪᠠ ᠬᠠᠭᠠᠭᠴᠢ ᠶᠢᠨ ᠡᠯᠰᠡᠯᠲᠡ ᠶᠢᠨ ᠰᠢᠯᠭᠠᠯᠲᠠ ᠳᠤ ᠵᠠᠭᠤᠨ ᠲᠦᠮᠡ ᠤᠷᠴᠢᠮ ᠬᠦᠮᠦᠨ ᠰᠢᠯᠭᠠᠭᠤᠯᠪᠠ
ᠨᠡᠶᠢᠲᠡᠯᠡᠭᠰᠡᠨ ᠴᠠᠭ᠄
2019-11-26
     ᠰᠢᠨᠬᠤᠧᠠ ᠬᠤᠷᠢᠶ᠎ᠠ ᠪᠡᠭᠡᠵᠢᠩ ᠤᠨ 11 ᠰᠠᠷ᠎ᠠ ᠶᠢᠨ 24 ᠤ ᠡᠲᠦᠷ ᠴᠠᠬᠢᠯᠭᠠᠨ ᠮᠡᠲᠡᠭᠡ ︵ᠰᠤᠷᠪᠤᠯᠵᠢᠯᠠᠭᠴᠢ ᠯᠢᠨ ᠡᠾᠦ᠋ᠢ︶ ᠰᠤᠷᠪᠤᠯᠵᠢᠯᠠᠭᠴᠢ 24 ᠤ ᠡᠲᠦᠷ ᠤᠯᠤᠰ ᠤᠨ ᠠᠯᠪᠠ ᠬᠠᠭᠠᠭᠴᠢ ᠶᠢᠨ ᠲᠤᠪᠴᠢᠶᠠᠨ ᠠᠴᠠ ᠤᠢᠯᠠᠭᠠᠭᠰᠠᠨ ᠢᠶᠠᠷ᠂ ᠲᠦᠪ ᠤᠨ ᠠᠯᠪᠠᠨ ᠪᠠᠢᠭᠤᠯᠭ᠎ᠠ ᠪᠤᠯᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ 2020 ᠤᠨ ᠤ ᠠᠯᠪᠠ ᠬᠠᠭᠠᠭᠴᠢ ᠶᠢᠨ ᠡᠯᠰᠡᠯᠲᠡ ᠶᠢᠨ ᠰᠢᠯᠭᠠᠯᠲᠠ ᠶᠢᠨ ᠪᠢᠷ ᠤᠨ ᠰᠢᠯᠭᠠᠯᠲᠠ ᠲᠤᠬᠠᠢ ᠶᠢᠨ ᠡᠲᠦᠷ ᠪᠦᠬᠦ ᠤᠯᠤᠰ ᠤᠨ 31 ᠮᠤᠵᠢ ︵ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ︶ ᠶᠢᠨ 57 ᠬᠤᠲᠠ᠂ 927 ᠰᠢᠯᠭᠠᠯᠲᠠ ᠶᠢᠨ ᠴᠢᠭ ᠲᠤ ᠵᠡᠷᠭᠡ ᠶᠠᠪᠤᠭᠲᠠᠵᠤ᠂ 96.5 ᠲᠦᠮᠡᠨ ᠬᠦᠮᠦᠨ ᠰᠢᠯᠭᠠᠯᠲᠠ ᠳᠤ ᠤᠷᠤᠯᠴᠠᠪᠠ᠃          ᠤᠯᠤᠰ ᠤᠨ ᠠᠯᠪᠠ ᠬᠠᠭᠠᠭᠴᠢ ᠶᠢᠨ ᠲᠤᠪᠴᠢᠶᠠᠨ ᠤ ᠬᠤᠯᠪᠤᠭᠲᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠤᠯᠤᠰ ᠤᠨ ᠠᠯᠪᠠ ᠬᠠᠭᠠᠭᠴᠢ ᠶᠢᠨ ᠲᠤᠪᠴᠢᠶ᠎ᠠ ᠦᠨᠡᠨᠴᠢ ᠢᠲᠡᠭᠡᠯ ᠲᠠᠢ ᠰᠢᠯᠭᠠᠯᠲᠠ ᠶᠢᠨ ᠠᠵᠢᠯ ᠤᠨ ᠬᠦᠴᠦᠯᠡᠴᠡ ᠪᠠᠨ ᠤᠯᠠᠮ ᠴᠢᠩᠭᠠᠳᠬᠠᠵᠤ᠂ ᠤᠬᠠᠭᠤᠯᠤᠨ ᠰᠤᠷᠲᠠᠯᠴᠢᠯᠠᠵᠤ᠂ ᠰᠤᠷᠭᠠᠨ ᠬᠦᠮᠦᠵᠢᠯ᠂ ᠷᠠᠳᠢᠤ᠋ ᠶᠢᠨ ᠬᠠᠮᠢᠶᠠᠷᠤᠯᠲᠠ᠂ ᠲᠤᠲᠤᠭᠠᠲᠤ ᠶᠢ ᠬᠠᠮᠠᠭᠠᠯᠠᠬᠤ ᠵᠡᠷᠭᠡ ᠰᠠᠯᠠᠭ᠎ᠠ ᠮᠦᠴᠢᠷ ᠲᠠᠢ ᠬᠠᠮᠲᠤ ᠰᠢᠯᠭᠠᠯᠲᠠ ᠶᠢᠨ ᠠᠮᠤᠷ ᠲᠦᠪᠰᠢᠨ ᠢ ᠬᠠᠮᠠᠭᠠᠯᠠᠨ ᠰᠢᠯᠭᠠᠯᠲᠠ ᠶᠢᠨ ᠲᠦᠪ ᠴᠢᠩᠭ᠎ᠠ ᠪᠠᠢᠬᠤ ᠶᠢ ᠪᠠᠲᠤᠯᠠᠪᠠ᠃ ᠡᠯ᠎ᠡ ᠭᠠᠵᠠᠷ ᠤᠨ ᠬᠢᠨ ᠨᠢᠭᠡᠲᠦᠯᠲᠡᠢ ᠪᠠᠢᠷᠢᠯᠠᠭᠤᠯᠵᠤ᠂ ᠰᠢᠯᠭᠠᠯᠲᠠ ᠶᠢᠨ ᠲᠠᠯᠠᠪᠤᠷ ᠢ ᠬᠢᠨᠠᠬᠤ 10 ᠲᠦᠮᠡᠨ ᠬᠢᠨᠠᠭᠴᠢ ᠶᠢ ᠲᠤᠬᠢᠷᠠᠭᠤᠯᠪᠠ᠃ ᠰᠢᠯᠭᠠᠭᠤᠯᠤᠭᠰᠠᠳ ᠰᠢᠯᠭᠠᠯᠲᠠ ᠶᠢᠨ ᠲᠠᠯᠠᠪᠤᠷ ᠤᠨ ᠲᠦᠷᠢᠮ ᠲᠤᠭᠲᠠᠭᠠᠯ ᠢ ᠴᠢᠩᠲᠠ ᠵᠢᠷᠤᠮᠯᠠᠨ ᠰᠠᠬᠢᠬᠤ᠂ ᠪᠠᠢᠲᠠᠯ ᠶᠡᠷᠦᠩᠬᠡᠢ ᠳᠤᠨᠢ ᠲᠤᠭᠲᠠᠭᠤᠨ ᠰᠠᠶᠢᠨ᠃
 
ᠢᠷᠡᠯᠲᠡ᠄ ᠰᠢᠨᠬᠤᠧᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1