ᠥᠪᠥᠷ ᠮᠣᠩᠭᠤᠯ ᠤᠨ ᠪᠣᠷᠣᠲᠣᠬᠤᠢ ᠶᠢᠨ ᠤᠰᠤᠯᠠᠯᠲᠠ ᠶᠢᠨ ᠣᠷᠣᠨ ᠳᠡᠯᠡᠬᠡᠶ ᠶᠢᠨ ᠤᠰᠤᠯᠠᠯᠲᠠ ᠶᠢᠨ ᠢᠨᠵᠧᠨᠧᠷ ᠤᠨ ᠥᠪ ᠤᠨ ᠨᠡᠷᠡᠰ ᠤᠨ ᠵᠢᠬᠰᠠᠭᠠᠯᠲᠠ ᠳᠤ ᠪᠦᠷᠢᠳᠭᠡᠭᠲᠡᠪᠡ
ᠨᠡᠶᠢᠲᠡᠯᠡᠭᠰᠡᠨ ᠴᠠᠭ᠄
2019-12-10
     ᠰᠢᠨᠬᠤᠸᠠ ᠬᠤᠷᠢᠶ᠎ᠠ ᠬᠦᠬᠡᠬᠤᠲᠠ ᠶᠢᠨ 12 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢ ᠶᠦᠨ ᠫᠢᠩ︶ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠡᠯᠡᠬᠡᠶ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠪᠦᠷᠢᠳᠭᠡᠭᠲᠡᠭᠰᠡᠨ ᠢ ᠲᠤᠷᠠᠰᠬᠠᠬᠤ ᠬᠥᠰᠢᠶ᠎ᠡ ᠰᠡᠬᠦᠬᠦ ᠶᠣᠰᠣᠯᠠᠯ 5 ᠤ ᠡᠳᠦᠷ ᠥᠪᠥᠷ ᠮᠣᠩᠭᠤᠯ ᠤᠨ ᠪᠠᠶᠠᠨᠨᠠᠭᠤᠷ ᠬᠤᠲᠠ ᠳᠤ ᠶᠠᠪᠤᠭᠳᠠᠪᠠ᠃          ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠪᠠᠶᠠᠨᠨᠠᠭᠤᠷ ᠬᠤᠲᠠ ᠳᠤ ᠪᠠᠶᠢᠳᠠᠬ᠂ 9 ᠰᠠᠷ᠎ᠠ ᠶᠢᠨ 4 ᠤ ᠡᠲᠦᠷ 2019 ᠣᠨ ᠤ ᠳᠡᠯᠡᠬᠡᠶ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠤᠨ ᠵᠢᠬᠰᠠᠭᠠᠯᠲᠠ ᠳᠤ ᠠᠮᠵᠢᠯᠲᠠ ᠲᠠᠢ ᠪᠦᠷᠢᠳᠭᠡᠭᠲᠡᠪᠡ᠂ ᠡᠨᠡ ᠪᠣᠯ ᠮᠠᠨ ᠤ ᠤᠯᠤᠰ ᠤᠨ ᠬᠠᠳᠤᠨ ᠭᠤᠣᠯ ᠤᠨ ᠰᠠᠪᠠ ᠭᠠᠵᠠᠷ ᠤᠨ ᠭᠤᠣᠯ ᠵᠠᠮ ᠳᠡᠭᠡᠷᠡᠬᠢ ᠳᠡᠯᠡᠬᠡᠶ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠭᠤᠰᠣᠨ ᠢ ᠨᠥᠬᠦᠪᠥᠷᠢᠯᠡᠪᠡ᠃          ᠬᠠᠳᠤᠨ ᠭᠤᠣᠯ ᠤᠨ ︽几︾ ᠬᠡᠯᠪᠡᠷᠢᠳᠦ ᠳᠤᠬᠤᠢ ᠶᠢᠨ ᠬᠠᠮᠤᠭ ᠤᠨ ᠬᠤᠶᠢᠲᠤ ᠦᠵᠦᠭᠦᠷ ᠲᠤ ᠪᠠᠶᠢᠷᠢᠯᠠᠵᠤ ᠪᠠᠶᠢᠭ᠎ᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠨᠢᠭᠡᠨᠲᠡ 2200 ᠭᠠᠷᠤᠶ ᠵᠢᠯ ᠤᠨ ᠲᠡᠤᠬᠡ ᠲᠠᠢ ᠪᠤᠯᠵᠦ᠂ ᠬᠠᠳᠤᠨ ᠭᠤᠣᠯ ᠤᠨ ᠤᠰᠤ ᠶᠢ ᠲᠠᠲᠠᠵᠤ ᠤᠰᠤᠯᠠᠬᠤ ᠲᠠᠯᠠᠪᠠᠢ 1020 ᠲᠦᠮᠡᠨ ᠮᠦ ᠳᠤ ᠬᠦᠷᠴᠦ᠂ ᠮᠠᠨ ᠤ ᠤᠯᠤᠰ ᠤᠨ ᠬᠠᠮᠤᠭ ᠤᠨ ᠡᠷᠲᠡᠨ ᠤ ᠬᠡᠲᠦ ᠲᠣᠮᠣ ᠬᠡᠯᠪᠡᠷᠢ ᠶᠢᠨ ᠮᠢᠩᠭᠠᠨ ᠲᠦᠮᠡᠨ ᠮᠦ ᠶᠢᠨ ᠤᠰᠤᠯᠠᠯᠲᠠ ᠶᠢᠨ ᠣᠷᠣᠨ ᠪᠠ ᠴᠢᠬᠤᠯᠠ ᠤᠰᠤᠯᠠᠯᠲᠠ ᠶᠢᠨ ᠰᠠᠭᠤᠷᠢᠨ ᠭᠠᠵᠠᠷ ᠪᠣᠯᠵᠤ᠂ ᠮᠠᠨ ᠤ ᠤᠯᠤᠰ ᠤᠨ ᠤᠰᠤᠯᠠᠯᠲᠠ ᠶᠢᠨ ᠣᠷᠣᠨ ᠳᠠᠬᠢ ︽ᠠᠪᠤᠷᠭᠤ ᠲᠤᠮᠤ︾᠂ ᠤᠰᠤᠯᠠᠯᠲᠠ ᠶᠢᠨ ᠲᠠᠷᠢᠶᠠᠯᠠᠩ ᠤᠨ ︽ᠲᠠᠲᠠᠭᠠᠯ︾᠂ ᠦᠷᠭᠦᠯᠵᠢᠯᠡᠨ ᠤᠰᠤᠯᠠᠬᠤ ᠶᠢᠨ ᠨᠡᠶᠢᠲᠡᠯᠢᠭ ᠵᠢᠱᠢᠶ᠎ᠡ ᠪᠣᠯᠪᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1