ᠯᠢ ᠱᠢ ᠮᠢᠩ ᠮᠠᠨ ᠤ ᠲᠣᠭᠤᠷᠢᠭ ᠤᠨ ᠰᠣᠶᠤᠯ ᠵᠢᠭᠤᠯᠴᠢᠯᠠᠯ ᠤᠨ ᠫᠷᠤᠵᠢᠺᠠᠲ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2019-05-16
     4 ᠰᠠᠷ᠎ᠠ ᠶᠢᠨ 22᠎ ᠤ ᠡᠳᠦᠷ ᠤᠨ ᠦᠳᠡ ᠶᠢᠨ ᠡᠮᠤᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠱᠢ ᠮᠢᠩ  ᠮᠠᠨ ᠤ ᠲᠣᠭᠤᠷᠢᠭ ᠤᠨ ᠰᠣᠶᠤᠯ ᠵᠢᠭᠤᠯᠴᠢᠯᠠᠯ ᠤᠨ ᠫᠷᠤᠵᠢᠺᠠᠲ ᠳᠤ ᠪᠠᠶᠢᠴᠠᠭᠠᠨ ᠰᠣᠳᠣᠯᠣᠯᠳᠠ ᠬᠢᠪᠡ᠃ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠠᠯᠪᠡᠨ ᠭᠡᠷ ᠤᠨ ᠡᠷᠬᠢᠯᠡᠭᠴᠢ ᠸᠠᠩ ᠯᠢᠨ ᠹᠦ᠋ ᠵᠢᠴᠢ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠤᠷᠤᠨ ᠰᠠᠭᠤᠴᠠ ᠶᠢᠨ ᠪᠠᠶᠢᠭᠤᠯᠤᠯᠲᠠ ᠶᠢᠨ ᠲᠣᠪᠴᠢᠶ᠎ᠠ᠂ ᠦᠨᠳᠤᠰᠤᠳᠡᠨ ᠤ ᠵᠦᠪᠯᠡᠯ ᠵᠡᠷᠭᠡ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠬᠠᠮᠲᠦ ᠪᠠᠷ ᠪᠠᠶᠢᠴᠠᠭᠠᠨ ᠰᠣᠳᠣᠯᠣᠯᠲᠠ ᠬᠢᠪᠡ᠃      ᠯᠢ ᠱᠢ ᠮᠢᠩ ᠤᠷᠢᠳ ᠡᠮᠤᠨ᠎ᠡ ᠬᠦᠷᠡᠯ ᠰᠢᠯᠢ ᠶᠢᠨ ᠪᠦᠬᠦ ᠠᠷᠡᠳ ᠤᠨ ᠪᠡᠶ᠎ᠡ ᠪᠣᠯᠪᠠᠰᠤᠷᠠᠭᠤᠯᠬᠤ ᠲᠥᠪ᠂ ᠵᠤᠸᠠᠨ ᠯᠥᠩ ᠽᠠᠩ ᠴᠡᠴᠡᠷᠯᠢᠭ᠂ 19 ᠭᠡᠰᠡᠭ ᠡᠷᠲᠡᠨ ᠤ ᠠᠷᠡᠳ ᠤᠨ ᠰᠠᠭᠤᠴᠠ᠂ ᠳ᠋ᠠ ᠱᠦᠢ   ᠪᠥᠸᠧ ᠳ᠋ᠦᠩ ᠴᠡᠴᠡᠷᠯᠢᠭ᠂ ᠴᠢᠶᠣᠣ ᠣᠪᠣᠭᠲᠤ ᠶᠢᠨ ᠠᠯᠳᠡᠨ ᠵᠡᠭᠡᠯᠢ᠂ ᠲᠣᠭᠤᠷᠢᠭ ᠤᠨ ᠨᠣᠮ ᠤᠨ ᠰᠠᠩ ᠪᠠ ᠨᠠᠨ ᠬᠠᠢ ᠨᠣᠶᠢᠳᠡᠨ ᠭᠠᠵᠠᠷ ᠤᠨ ᠦᠵᠡᠮᠵᠢ ᠶᠢᠨ ᠤᠷᠤᠨ ᠳᠤ ᠭᠦᠷᠴᠦ᠂ ᠫᠷᠤᠵᠢᠺᠠᠲ ᠤᠨ ᠲᠥᠯᠥᠪᠯᠡᠭᠡ᠂ ᠢᠨᠵᠧᠨᠧᠷᠢᠩ ᠤᠨ ᠪᠠᠶᠢᠭᠤᠯᠤᠯᠲᠠ᠂ ᠡᠷᠲᠡᠨ ᠤ ᠪᠠᠷᠢᠯᠭ᠎ᠠ ᠵᠢᠨ‌ᠬᠠᠮᠠᠭᠠᠯᠠᠯᠲᠠ᠂ ᠦᠵᠡᠮᠵᠢ ᠶᠢᠨ ᠤᠷᠤᠨ ᠤ ᠬᠦᠭᠵᠢᠯᠳᠡ ᠶᠢᠨ ᠪᠠᠶᠢᠳᠡᠯ ᠵᠡᠷᠭᠡ ᠶᠢ ᠦᠵᠡᠵᠦ᠂ ᠨᠠᠷᠢᠨ ᠨᠠᠮᠪᠠᠢ ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠰᠠᠭᠤᠷᠢ  ᠂ ᠬᠦᠭᠵᠢᠯᠲᠡ ᠶᠢᠨ ᠣᠷᠴᠢᠨ᠂ ᠬᠦᠭᠵᠢᠯᠲᠡ ᠶᠢᠨ ᠰᠡᠳᠭᠢᠭᠦᠢ ᠵᠢᠴᠢ ᠬᠡᠷᠡᠭᠵᠢᠭᠦᠯᠬᠦ ᠶᠠᠪᠣᠴᠠ ᠲᠣᠮᠲᠠ ᠣᠷᠣᠰᠢᠬᠤ ᠠᠰᠠᠭᠤᠳᠡᠯ ᠢ ᠦᠢᠯᠠᠭᠠᠵᠦ᠂ ᠬᠠᠮᠢᠶ᠎ᠠ ᠪᠦᠬᠦᠢ ᠬᠦᠮᠦᠰ ᠲᠠᠢ ᠬᠠᠮᠲᠦ ᠪᠠᠷ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠶᠢ ᠰᠣᠳᠣᠯᠠᠭᠰᠠᠨ ᠪᠠᠶᠢᠨ᠎ᠠ᠃      ᠯᠢ ᠱᠢ ᠮᠢᠩ ᠴᠢᠩᠭᠠᠳᠬᠠᠭᠰᠠᠨ ᠨᠢ᠂ ᠬᠠᠮᠢᠶ᠎ᠠ ᠪᠦᠬᠦᠢ ᠪᠠᠶᠢᠭᠤᠯᠭ᠎ᠠ ᠰᠢ ᠶᠢᠨ ᠫᠢᠩ ᠶᠠᠷᠤᠩᠬᠢ ᠱᠦᠵᠢ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠵᠤ ᠲᠣᠣᠱᠯᠠᠭᠤᠯᠵᠤ᠂ ᠲᠦᠷᠪᠡᠨ ᠤᠬᠠᠮᠰᠠᠷ ᠢ ᠪᠠᠳᠤᠳᠬᠠᠵᠤ᠂ ᠬᠤᠶᠠᠷ ᠪᠠᠳᠣᠯᠠᠬᠤ ᠶᠢ ᠪᠡᠶᠡᠯᠡᠭᠦᠯᠵᠦ᠂ ᠰᠢᠯᠵᠢᠰᠢ ᠦᠭᠡᠢ ᠠᠮᠢ ᠠᠬᠤᠢ ᠲᠡᠷᠢᠭᠦᠨ ᠳᠤ᠂ ᠪᠣᠬᠢᠷᠳᠡᠯ ᠦᠭᠡᠢ ᠬᠦᠭᠵᠢᠯᠳᠡ ᠪᠠᠷ ᠤᠳᠤᠷᠢᠳᠤᠮᠵᠢ ᠪᠣᠯᠭᠠᠵᠤ᠂ ᠦᠨᠳᠣᠷ ᠴᠢᠨᠠᠷ ᠲᠠᠢ ᠬᠦᠭᠵᠢᠯᠳᠡ ᠶᠢᠨ ᠵᠠᠮ ᠪᠣᠯᠭᠠᠵᠣ᠂ ᠮᠠᠨ ᠤ ᠲᠣᠭᠤᠷᠢᠭ ᠤᠨ ᠲᠡᠣᠬᠡᠨ ᠰᠣᠶᠤᠯ ᠤᠨ ᠡᠬᠢ ᠪᠠᠶᠠᠯᠢᠭ ᠢ ᠭᠦᠢᠴᠡᠳ ᠢᠯᠡᠷᠡᠭᠦᠯᠵᠦ᠂ ᠶᠡᠭᠡ ᠬᠦᠴᠦᠨ ᠢᠶᠠᠷ ᠰᠣᠶᠣᠯ ᠵᠢᠭᠤᠯᠴᠢᠯᠡᠯ ᠤᠨ ᠦᠢᠯᠡᠰ ᠢ ᠪᠣᠶᠢᠵᠢᠭᠤᠯᠵᠦ᠂ ᠲᠣᠭᠤᠷᠢᠭ ᠤᠨ ᠠᠵᠦ ᠠᠬᠤᠢ ᠶᠢ ᠬᠦᠭᠵᠢᠯᠳᠡ ᠦᠨᠳᠦᠷ ᠴᠢᠨᠠᠷᠲᠠᠢ ᠬᠦᠭᠵᠢᠭᠦᠯᠬᠦ ᠰᠢᠨ᠎ᠡ ᠬᠥᠳᠡᠯᠭᠡᠬᠦ ᠬᠦᠴᠦᠨ᠂ ᠰᠢᠨ᠎ᠡ ᠲᠣᠯᠭᠠᠭᠤᠷᠢ ᠶᠢ ᠬᠦᠴᠦᠯᠡᠨ ᠴᠢᠷᠮᠠᠶᠢᠵᠦ᠂ ᠲᠦᠯᠦᠪᠯᠡᠭᠡ ᠲᠡᠷᠢᠭᠦᠨ ᠳᠤ᠂ ᠪᠦᠬᠦ ᠲᠠᠯ᠎ᠠ ᠪᠠᠷ ᠲᠡᠤᠬᠡᠨ ᠰᠣᠶᠣᠯ ᠤᠨ ᠡᠬᠢ ᠪᠠᠶᠠᠯᠢᠭ ᠢ ᠢᠯᠡᠷᠡᠭᠦᠯᠵᠦ᠂ ᠡᠮᠬᠢᠳᠬᠡᠵᠦ ᠂ ᠨᠢᠭᠡᠳᠬᠡᠵᠦ᠂ ᠲᠣᠰ ᠭᠠᠵᠠᠷ ᠲᠤ ᠪᠠᠨ ᠰᠠᠭᠤᠷᠢᠯᠠᠵᠤ᠂ ᠪᠦᠬᠦ ᠣᠯᠤᠰ ᠲᠤ ᠬᠠᠷᠠᠭ᠎ᠠ ᠪᠠᠨ ᠲᠠᠯᠪᠢᠵᠦ᠂ ᠵᠠᠬ᠎ᠠ ᠲᠡᠯᠭᠡᠭᠦᠷ ᠲᠤ ᠬᠠᠨᠳᠦᠵᠤ᠂ ᠪᠠᠶᠢᠷᠢ ᠰᠠᠭᠤᠷᠢ ᠪᠠᠨ ᠣᠯᠵᠦ᠂ ᠬᠠᠨᠳᠤᠯᠭ᠎ᠠ ᠲᠠᠢ ᠪᠠᠷ ᠲᠦᠯᠦᠪᠯᠡᠭᠡ ᠪᠠᠶᠢᠭᠤᠯᠤᠯᠲᠠ ᠢᠶᠠᠨ ᠰᠠᠶᠢᠨ ᠬᠢᠵᠦ᠂ ᠪᠠᠶᠠᠨ ᠴᠢᠨᠡᠭᠡᠯᠢᠭ ᠭᠠᠵᠠᠷ ᠤᠷᠤᠨ ᠤ ᠣᠨᠴᠠᠯᠢᠭ ᠲᠠᠢ ᠰᠣᠶᠤᠯ ᠵᠢᠭᠤᠯᠴᠢᠯᠠᠯ ᠤᠨ ᠲᠡᠮᠳᠡᠭᠲᠦ ᠶᠢ ᠵᠣᠬᠢᠶᠠᠨ ᠪᠠᠶᠢᠭᠤᠯᠵᠤ᠂ ᠵᠢᠭᠤᠯᠴᠢᠯᠠᠯ ᠤᠨ ᠲᠠᠸᠠᠷ ᠢ ᠶᠡᠭᠡ ᠪᠠᠷ ᠬᠥᠭᠵᠢᠭᠦᠯᠵᠦ᠂ ᠫᠷᠤᠵᠢᠺᠠᠲ ᠤᠨ ᠲᠠᠲᠡᠨ ᠤᠷᠤᠭᠤᠯᠬᠤ ᠪᠠ ᠰᠠᠭᠤᠷᠢ ᠲᠦᠬᠦᠭᠡᠷᠤᠮᠵᠢ ᠶᠢᠨ ᠢᠵᠢ ᠪᠦᠷᠢᠯᠳᠦᠭᠦᠨ ᠲᠦᠬᠦᠭᠡᠷᠤᠮᠵᠢ ᠶᠢ ᠲᠡᠭᠦᠯᠳᠡᠷᠵᠢᠭᠦᠯᠵᠦ᠂ ᠠᠵᠦ ᠦᠢᠯᠡᠰ ᠤᠨ ᠬᠦᠭᠵᠢᠯᠲᠡ ᠪᠠ ᠬᠤᠲᠠ ᠶᠢᠨ ᠪᠠᠶᠢᠭᠤᠯᠤᠯᠲᠠ ᠶᠢ ᠤᠶᠠᠯᠳᠠᠭᠤᠯᠵᠤ᠂ ᠳᠠᠰᠤᠷᠠᠯᠲᠠ ᠦᠭᠡᠢ ᠵᠢᠭᠤᠯᠴᠢᠯᠠᠯ ᠤᠨ ᠬᠡᠷᠡᠭᠡᠯᠡᠭᠡ ᠶᠢᠨ ᠮᠡᠳᠡᠷᠡᠮᠵᠢ ᠶᠢ ᠪᠡᠶᠡᠯᠡᠭᠦᠯᠵᠦ ᠢᠳᠡᠪᠬᠢᠲᠠᠢ ᠪᠠᠷ ᠰᠣᠶᠣᠯ᠂ ᠬᠤᠳᠠᠯᠳᠤᠭ᠎ᠠ᠂ ᠵᠢᠭᠤᠯᠴᠢᠯᠠᠯ ᠢ ᠠᠭᠤᠰᠤᠯᠴᠠ ᠬᠦᠭᠵᠢᠭᠦᠯᠬᠦ ᠬᠡᠷᠩᠲᠠᠢ᠃ ᠬᠦᠭᠵᠢᠭᠦᠯᠬᠦ ᠪᠠ ᠬᠠᠮᠠᠭᠠᠯᠠᠯᠲᠠ ᠶᠢ ᠬᠠᠮᠲᠦ ᠨᠢ ᠬᠦᠨᠳᠤᠳᠭᠡᠨ᠂  ᠬᠠᠮᠠᠭᠠᠯᠠᠯᠲᠠ ᠶᠢ  ᠲᠡᠷᠢᠭᠦᠨ ᠳᠤ ᠲᠠᠯᠪᠢᠵᠦ᠂ ᠨᠠᠷᠢᠨ ᠬᠢᠨᠠᠮᠠᠭᠠᠢ ᠪᠠᠷ ᠲᠡᠣᠬᠡ ᠰᠣᠶᠤᠯ ᠢ ᠰᠠᠶᠢᠨ ᠦᠯᠡᠳᠡᠭᠡᠵᠦ᠂ ᠰᠠᠶᠢᠨ ᠤᠯᠠᠮᠵᠢᠯᠠᠵᠤ᠂ ᠴᠢᠩᠭ᠎ᠠ ᠪᠠᠷ《 ᠭᠤᠷᠪᠡᠨ ᠲᠣᠭᠤᠷᠢᠭ᠂ ᠭᠤᠷᠪᠡᠨ ᠱᠣᠭᠤᠮ》᠎ ᠢᠶᠠᠷ ᠰᠣᠶᠤᠯ ᠵᠢᠭᠤᠯᠴᠢᠯᠠᠯ ᠤᠨ ᠫᠷᠤᠵᠢᠺᠠᠲ ᠤᠨ ᠲᠠᠪᠠᠵᠦ ᠪᠣᠯᠬᠤ ᠦᠭᠡᠢ ᠱᠣᠭᠤᠮ ᠪᠣᠯᠭᠠᠵᠤ᠂ ᠴᠢᠷᠮᠠᠶᠢᠨ ᠠᠭᠤᠯᠠ᠂ ᠣᠰᠦ᠂ ᠣᠢ᠂ ᠬᠡᠭᠡᠷ᠎ᠡ ᠲᠠᠯ᠎ᠠ᠂ ᠨᠠᠭᠤᠷ ᠢᠶᠠᠷ ᠳ᠋ᠦᠩ ᠾᠧ ᠲᠣᠭᠤᠷᠢᠭ ᠤᠨ  ᠪᠣᠬᠢᠷᠳᠡᠯ ᠦᠭᠡᠢ᠂ ᠪᠠᠶᠠᠨ ᠰᠠᠶᠢᠬᠠᠨ ᠪᠣᠯᠭᠠᠵᠦ᠂ ᠦᠨᠳᠦᠷ ᠲᠦᠪᠰᠢᠨ ᠢᠶᠠᠷ ᠬᠠᠮᠠᠭᠠᠯᠠᠬᠤ ᠶᠢᠨ ᠲᠣᠮᠲᠠ ᠦᠨᠳᠦᠷ ᠴᠢᠨᠠᠷ ᠲᠠᠢ ᠬᠦᠭᠵᠢᠭᠦᠯᠬᠦ ᠶᠢ ᠠᠬᠢᠭᠤᠯᠬᠤ ᠬᠡᠷᠩᠲᠠᠢ ᠭᠡᠪᠡ᠃
 
ᠢᠷᠡᠯᠲᠡ᠄ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1