2019 ᠤᠨ ᠤ ᠲᠤᠮᠲᠠᠲᠤ ᠤᠯᠤᠰ ᠤᠨ ᠤᠯᠠᠨ ᠤᠯᠤᠰ ᠤᠨ ᠦᠢᠯᠡᠴᠢᠯᠡᠬᠡᠨ ᠤ ᠠᠷᠠᠯᠵᠢᠶ᠎ᠠ | ᠬᠤᠲᠠᠯᠲᠤᠭᠠᠨ ᠤ ᠰᠤᠯᠢᠯᠴᠠᠭᠠᠨ ᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠰᠬᠠᠢ ᠰᠡᠳᠦᠪᠲᠦ ᠦᠵᠡᠬᠦᠯᠦᠯᠭᠡ | ᠪᠡᠭᠡᠵᠢᠩ ᠤᠨ ᠦᠵᠡᠰᠬᠦᠯᠡᠩ ᠤᠨ ᠤᠷᠲᠤᠨ ᠳᠤ 28 ᠤ ᠡᠲᠦᠷ ᠨᠡᠬᠡᠬᠡᠭᠲᠡᠪᠡ᠃ ᠪᠠᠩᠬᠢ᠂ ᠰᠠᠭᠤᠷᠢ ᠮᠦᠩᠬᠦ᠂ | ᠦᠨᠡᠲᠦ ᠲᠡᠮᠲᠡᠭᠲᠦ᠂ ᠲᠠᠭᠠᠳᠬᠠᠯ᠂ ᠮᠦᠩᠭᠦᠨ ᠭᠦᠢᠯᠭᠡᠭᠡ ᠰᠢᠨᠵᠢᠯᠡᠬᠦ ᠤᠬᠠᠭᠠᠨ ᠲᠧᠭᠨᠤᠯᠤᠬᠢ ᠵᠡᠷᠬᠡ 50 ᠭᠠᠷᠤᠢ | ᠲᠤᠬᠠᠢᠯᠠᠭᠰᠠᠨ ᠠᠵᠢᠯ ᠤᠨ ᠴᠢᠨᠠᠷᠲᠠᠢ ᠤᠯᠠᠨ ᠤᠯᠤᠰ ᠤᠨ ᠪᠠ ᠤᠯᠤᠰ ᠤᠨ ᠲᠤᠲᠤᠭᠠᠲᠤ ᠶᠢᠨ ᠮᠦᠩᠭᠦᠨ | ᠭᠦᠢᠯᠭᠡᠭᠡᠨ ᠤ ᠰᠠᠯᠠᠭ᠎ᠠ ᠮᠦᠴᠢᠷ ᠦᠵᠡᠬᠦᠯᠦᠯᠭᠡ ᠳᠤ ᠤᠷᠤᠯᠴᠠᠭᠰᠠᠨ ᠪᠠᠢᠨ᠎ᠠ᠃ ᠰᠢᠨᠵᠢᠯᠡᠬᠦ ᠤᠬᠠᠭᠠᠨ ᠲᠧᠭᠨᠤᠯᠤᠬᠢ | ᠮᠦᠩᠭᠦᠨ ᠭᠦᠢᠯᠭᠡᠭᠡ ᠨᠢ ᠦᠵᠡᠰᠬᠦᠯᠡᠩ ᠤᠨ ᠬᠠᠮᠤᠭ ᠤᠨ ᠭᠢᠯᠠᠰ ᠴᠡᠭ ᠪᠤᠯᠵᠤ᠂ ᠤᠨᠴᠠᠭᠠᠢᠯᠠᠨ ᠪᠦᠲᠦᠭᠡᠨ | ᠪᠠᠢᠭᠤᠯᠤᠯᠲᠠ ᠶᠢᠨ ᠪᠠᠩᠬᠢ ᠶᠢᠨ 5G ᠠᠦ᠋ᠲ᠋ᠤ᠋ ᠪᠠᠩᠬᠢ᠂ ᠮᠢᠨ ᠱᠧᠩ ᠪᠠᠩᠬᠢ ᠶᠢᠨ ᠠᠦ᠋ᠲ᠋ᠤ᠋ ᠺᠠᠷᠲ ᠲᠠᠷᠬᠠᠭᠠᠬᠤ | ᠵᠡᠷᠭᠡ ᠬᠡᠷᠡᠭᠯᠡᠭᠡ ᠨᠢ ᠦᠵᠡᠭᠴᠢᠳ ᠤᠨ ᠠᠩᠬᠠᠷᠤᠯ ᠢ ᠲᠠᠲᠠᠨ᠎ᠠ᠃ | ᠪᠦᠲᠦᠭᠡᠨ ᠪᠠᠢᠭᠤᠯᠤᠯᠲᠠ ᠶᠢᠨ ᠪᠠᠩᠬᠢ ᠶᠢᠨ ᠬᠠᠷᠢᠭᠤᠴᠠᠯᠭᠠᠲᠠᠨ ᠤ ᠤᠨᠴᠠᠯᠠᠭᠰᠠᠨ ᠢᠶᠠᠷ᠂ ︽5G ᠠᠦ᠋ᠲ᠋ᠤ᠋ | ᠪᠠᠩᠬᠢ ᠨᠢ ᠬᠤᠪᠢ ᠬᠦᠮᠦᠨ ᠪᠤᠯᠤᠨ ᠠᠵᠤ ᠠᠬᠤᠢᠯᠠᠯ ᠤᠨ ᠦᠪᠡᠷ ᠢᠶᠠᠨ ᠡᠯ᠎ᠡ ᠲᠦᠷᠦᠯ ᠤᠨ ᠠᠵᠢᠯ ᠢᠶᠠᠨ | ᠭᠦᠢᠴᠡᠳᠭᠡᠵᠦ᠂ ᠪᠠᠩᠬᠢ ᠠᠴᠠ 5G ᠰᠦᠯᠵᠢᠶᠠᠨ ᠤ ᠲᠤᠭ᠎ᠠ ᠪᠠᠷᠢᠮᠲᠠ ᠶᠢ ᠲᠠᠮᠵᠢᠭᠤᠯᠬᠤ ᠪᠤᠯᠬᠤᠷ ᠠᠵᠢᠯ ᠤᠨ | ᠪᠦᠲᠦᠮᠵᠢ ᠨᠡᠩ ᠦᠨᠳᠦᠷ ᠪᠠᠢᠲᠠᠭ︾ ᠭᠡᠵᠡᠢ᠃ ᠤᠢᠯᠠᠭᠠᠭᠰᠠᠨ ᠢᠶᠠᠷ ᠠᠩᠬᠠᠨ ᠤ ᠡᠭᠡᠯᠵᠢ ᠶᠢᠨ 5G ᠠᠦ᠋ᠲ᠋ᠤ᠋ | ᠪᠠᠩᠬᠢ ᠶᠢ ᠪᠡᠭᠡᠵᠢᠩ ᠬᠤᠲᠠ ᠶᠢᠨ ᠴᠢᠩ ᠬᠤᠧᠠ ᠶᠤᠧᠠᠨ᠂ ᠵᠦᠩ ᠯᠢᠶᠠᠩ ᠠᠭᠤᠲᠠᠮ ᠲᠠᠯᠠᠪᠠᠢ ᠪᠤᠯᠤᠨ ᠴᠠᠩ ᠠᠨ | ᠰᠢᠩ ᠿᠦᠩ ᠲᠦᠪ ᠲᠤ ᠪᠠᠢᠭᠤᠯᠵᠤ 6 ᠰᠠᠷ᠎ᠠ ᠶᠢᠨ ᠡᠬᠢᠨ ᠢᠶᠠᠷ ᠠᠰᠢᠭᠯᠠᠯᠲᠠ ᠳᠤ ᠤᠷᠤᠭᠤᠯᠬᠤ ᠪᠠᠷ ᠲᠦᠯᠦᠪᠯᠡᠵᠦ | ᠪᠤᠢ᠃ |