ᠰᠢᠨᠬᠤᠸᠠ ᠬᠤᠷᠢᠶ᠎ᠠ ᠬᠦᠬᠡᠬᠤᠳᠠ ᠶᠢᠨ 5 ᠰᠠᠷ᠎ᠠ ᠶᠢᠨ 29 ᠤ ᠡᠳᠤᠷ ᠤᠨ ᠴᠠᠬᠢᠯᠭᠠᠨ ᠮᠡᠳᠡᠭᠡ ︵ | ᠰᠤᠷᠪᠤᠯᠵᠢᠯᠠᠭᠴᠢ ᠸᠠᠩ ᠵᠢᠩ ᠠᠨ ᠯᠦ ᠮᠧᠩ︶ ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠳᠡᠬᠡᠨ ᠵᠠᠰᠠᠬᠤ | ᠤᠷᠤᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠦᠨᠦᠴᠢᠨ ᠬᠡᠦᠬᠡᠳ ᠤᠨ ᠦᠨᠳᠤᠰᠦᠨ | ᠠᠮᠢᠳᠤᠷᠠᠯ ᠢ ᠪᠠᠳᠤᠯᠠᠬᠤ ᠶᠢᠨ ᠲᠦᠯᠦᠬᠡ ᠦᠪᠦᠷ ᠮᠣᠩᠭᠤᠯ ᠤᠶᠢᠷ᠎ᠠ ᠳᠤ ᠦᠨᠦᠴᠢᠨ ᠬᠡᠦᠬᠡᠳ ᠤᠨ ᠦᠨᠳᠤᠰᠤᠨ | ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠰᠠᠷ᠎ᠠ ᠳᠤ 200 ᠲᠦᠭᠦᠷᠢᠭ ᠨᠡᠮᠡᠭᠳᠡᠬᠦᠯᠪᠡ᠃ | ᠪᠦᠷᠢᠳᠬᠡᠯ ᠲᠤᠭ᠎ᠠ ᠶᠢ ᠦᠨᠳᠤᠰᠦᠯᠡᠪᠡᠯ᠂ 2011 ᠤᠨ ᠠᠴᠠ ᠨᠠᠰᠢ ᠦᠪᠦᠷ ᠮᠣᠩᠭᠤᠯ ᠤᠨ ᠦᠨᠦᠴᠢᠨ | ᠬᠡᠦᠬᠡᠳ ᠢ ᠦᠰᠬᠡᠵᠤ ᠬᠦᠮᠦᠵᠢᠬᠦᠯᠬᠦ ᠪᠠᠷᠢᠮᠵᠢᠶ᠎ᠠ ᠶᠢ ᠨᠡᠮᠡᠭᠳᠡᠬᠦᠯᠦᠭᠰᠡᠭᠡᠷ ᠢᠷᠡᠵᠡᠢ᠂ 2018 ᠤᠨ ᠪᠤᠯᠬᠤ ᠳᠤ | ᠲᠦᠪᠯᠡᠷᠡᠬᠦᠯᠦᠨ ᠠᠰᠠᠷᠠᠬᠤ ᠪᠤᠯᠤᠨ ᠲᠠᠷᠬᠠᠭᠠᠨ ᠠᠰᠠᠷᠠᠬᠤ ᠪᠠᠷᠢᠮᠵᠢᠶ᠎ᠠ ᠶᠢ ᠲᠤᠰ ᠲᠤᠰ ᠤᠤᠯ ᠤᠨ 700 ᠲᠦᠭᠦᠷᠢᠭ | ᠪᠤᠯᠤᠨ 500 ᠲᠦᠭᠦᠷᠢᠭ ᠪᠠᠶᠢᠭᠰᠠᠨ ᠠᠴᠠ ᠨᠢ ᠨᠡᠮᠡᠭᠳᠡᠬᠦᠯᠦᠭᠡᠳ 1330 ᠲᠦᠭᠦᠷᠢᠭ ᠪᠤᠯᠤᠨ 1088 | ᠲᠦᠭᠦᠷᠢᠭ ᠲᠤ ᠬᠦᠷᠬᠡᠪᠡ᠃ | 2019 ᠤᠨ ᠳᠤ᠂ ᠦᠪᠦᠷ ᠮᠣᠩᠭᠤᠯ ᠤᠨ ᠦᠨᠦᠴᠢᠨ ᠬᠡᠦᠬᠡᠳ ᠤᠨ ᠦᠨᠳᠤᠰᠦᠨ ᠠᠮᠢᠳᠤᠷᠠᠯ ᠤᠨ | ᠪᠠᠳᠤᠯᠠᠭᠠᠨ ᠤ ᠪᠠᠷᠢᠮᠵᠢᠶ᠎ᠠ ᠶᠢ ᠲᠠᠬᠢᠨ ᠰᠢᠨ᠎ᠡ ᠪᠠᠷ ᠲᠤᠬᠢᠷᠠᠭᠤᠯᠤᠭᠰᠠᠨ ᠤ ᠲᠠᠷᠠᠭ᠎ᠠ᠂ ᠨᠢᠳᠤᠨᠤᠨ ᠤ ᠬᠢ ᠠᠴᠠ | ᠨᠡᠮᠡᠭᠳᠡᠭᠡᠳ ᠬᠦᠮᠦᠨ ᠪᠦᠷᠢ ᠰᠠᠷ᠎ᠠ ᠳᠤ 1530 ᠲᠦᠭᠦᠷᠢᠭ ᠪᠤᠯᠤᠨ 1288 ᠲᠦᠭᠦᠷᠢᠭ ᠪᠤᠯᠬᠤ ᠪᠤᠯᠤᠨ᠎ᠠ᠃ | ᠤᠳᠤᠬᠠᠨ ᠳᠤ ᠦᠪᠦᠷ ᠮᠣᠩᠭᠤᠯ ᠳᠤ ᠨᠡᠶᠢᠳᠡ 4100 ᠦᠨᠦᠴᠢᠨ ᠬᠡᠦᠬᠡᠳ ᠲᠠᠢ᠂ ᠡᠬᠦᠨ ᠳᠤ 1010 ᠶᠢ ᠨᠢ | ᠲᠦᠪᠯᠡᠷᠡᠬᠦᠯᠦᠨ ᠦᠰᠭᠡᠵᠤ ᠪᠤᠶᠢᠵᠢᠭᠤᠯᠵᠤ ᠪᠠᠶᠢᠨ᠎ᠠ᠂ 3090 ᠶᠢ ᠨᠢ ᠲᠠᠷᠬᠠᠭᠠᠨ ᠠᠰᠠᠷᠠᠨ ᠦᠰᠬᠡᠵᠤ ᠪᠤᠢ᠃ |