ᠦᠪᠦᠷ ᠮᠣᠩᠭᠤᠯ ᠤᠨ ᠰᠠᠭᠰᠤᠨ ᠪᠦᠮᠪᠦᠭᠡ ᠶᠢᠨ ᠡᠮᠡᠭᠲᠡᠢ ᠶᠢᠨ ᠪᠠᠭ 34 ᠵᠢᠯ ᠤᠨ ᠲᠠᠷᠠᠭ᠎ᠠ ᠲᠠᠬᠢᠨ ᠴᠤᠭᠯᠠᠷᠠᠵᠤ ᠤᠯᠤᠰ ᠲᠠᠶᠠᠭᠠᠷ ᠤᠨ ᠰᠠᠭᠰᠤᠨ ᠪᠦᠮᠪᠦᠭᠡ ᠶᠢᠨ ᠡᠮᠡᠭᠲᠡᠢ ᠪᠠᠭ ᠤᠨ ᠮᠠᠩᠯᠠᠢ ᠰᠢᠯᠭᠠᠷᠠᠭᠤᠯᠬᠤ ᠲᠡᠮᠡᠴᠡᠬᠡᠨ ᠳᠤ ᠦᠷᠢᠰᠦᠯᠳᠦᠬᠦ ᠪᠠᠷ ᠪᠤᠢ
ᠨᠡᠶᠢᠲᠡᠯᠡᠭᠰᠡᠨ ᠴᠠᠭ᠄
2019-05-30
     ᠰᠢᠨᠬᠤᠸᠠ ᠬᠤᠷᠢᠶ᠎ᠠ ᠬᠦᠬᠡᠬᠤᠳᠠ ᠶᠢᠨ 5 ᠰᠠᠷ᠎ᠠ ᠶᠢᠨ 29 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠸᠧᠢ ᠵᠢᠩ ᠢᠤᠢ︶ 29 ᠤ ᠡᠳᠤᠷ᠂ 2019 ᠤᠨ ᠤ ᠤᠯᠤᠰ ᠲᠠᠶᠠᠭᠠᠷ ᠤᠨ ᠰᠠᠭᠰᠤᠨ ᠪᠦᠮᠪᠦᠭᠡ ᠶᠢᠨ ᠡᠮᠡᠭᠲᠡᠢ ᠪᠠᠭ ᠤᠨ ᠮᠠᠩᠯᠠᠢ ᠰᠢᠯᠭᠠᠷᠠᠭᠤᠯᠬᠤ ᠲᠡᠮᠡᠴᠡᠬᠡᠨ ᠦᠪᠦᠷ ᠮᠣᠩᠭᠤᠯ ᠤᠨ ᠬᠦᠬᠡᠬᠤᠳᠠ ᠳᠤ ᠬᠦᠰᠢᠬᠡ ᠪᠠᠨ ᠨᠡᠬᠡᠬᠡᠪᠡ᠃ ᠦᠪᠦᠷ ᠮᠣᠩᠭᠤᠯ ᠤᠨ ᠰᠠᠭᠰᠤᠨ ᠪᠦᠮᠪᠦᠭᠡ ᠶᠢᠨ ᠡᠮᠡᠭᠲᠡᠢ ᠶᠢᠨ ᠪᠠᠭ 34 ᠵᠢᠯ ᠤᠨ ᠲᠠᠷᠠᠭ᠎ᠠ ᠲᠠᠬᠢᠨᠳᠠ ᠴᠤᠭᠯᠠᠷᠠᠵᠤ᠂ ᠤᠯᠤᠰ ᠲᠠᠶᠠᠭᠠᠷ ᠤᠨ ᠰᠠᠭᠰᠤᠨ ᠪᠦᠮᠪᠦᠭᠡ ᠶᠢᠨ ᠡᠮᠡᠭᠲᠡᠢ ᠪᠠᠭ ᠤᠨ ᠮᠠᠩᠯᠠᠢ ᠰᠢᠯᠭᠠᠷᠠᠭᠤᠯᠬᠤ ᠲᠡᠮᠡᠴᠡᠬᠡᠨ ᠳᠤ ᠦᠷᠢᠰᠦᠯᠳᠦᠬᠦ ᠪᠠᠷ ᠪᠤᠢ᠃      ᠲᠤᠰ ᠤᠳᠠᠭᠠᠨ ᠤ ᠲᠡᠮᠡᠴᠡᠬᠡᠨ ᠢ ᠲᠤᠮᠳᠠᠳᠤ ᠤᠯᠤᠰ ᠤᠨ ᠰᠠᠭᠰᠤᠨ ᠪᠦᠮᠪᠦᠭᠡ ᠶᠢᠨ ᠨᠡᠶᠢᠬᠡᠮᠯᠢᠭ ᠠᠴᠠ ᠡᠷᠬᠢᠯᠡᠵᠤ᠂ ᠦᠪᠦᠷ ᠮᠣᠩᠭᠤᠯ ᠤᠨ ᠰᠠᠭᠰᠤᠨ ᠪᠦᠮᠪᠦᠭᠡ ᠶᠢᠨ ᠨᠡᠶᠢᠬᠡᠮᠯᠢᠭ ᠲᠠᠭᠠᠭᠠᠴᠢᠯᠠᠵᠤ᠂ ᠬᠤᠶᠠᠷ ᠱᠠᠳᠤ ᠬᠤᠪᠢᠶᠠᠨ ᠦᠷᠢᠰᠦᠯᠳᠤᠨ᠎ᠡ᠃ ᠠᠩᠬᠠᠳᠤᠭᠠᠷ ᠱᠠᠳᠤᠨ ᠤ ᠦᠷᠢᠰᠦᠯᠳᠦᠬᠡᠨ ᠨᠢ ᠦᠪᠦᠷ ᠮᠣᠩᠭᠤᠯ ᠤᠨ ᠬᠦᠬᠡᠬᠤᠳᠠ᠂ ᠬᠤᠪᠧᠢ ᠶᠢᠨ ᠢᠴᠠᠩ᠂ ᠠᠨᠾᠦ᠋ᠢ ᠶᠢᠨ ᠡᠦ ᠬᠤ᠂ ᠰᠧᠴᠤᠸᠠᠨ ᠤ ᠬᠠᠨ ᠶᠤᠸᠠᠨ ᠲᠦᠷᠪᠡᠨ ᠲᠡᠮᠡᠴᠡᠬᠡᠨ ᠤ ᠲᠠᠯᠠᠪᠤᠷ ᠲᠤ ᠵᠤᠬᠢᠶᠠᠨ ᠪᠠᠶᠢᠭᠤᠯᠤᠭᠳᠠᠨ᠎ᠠ᠃ ᠬᠦᠬᠡᠬᠤᠳᠠ ᠶᠢᠨ ᠲᠡᠮᠡᠴᠡᠬᠡᠨ ᠤ ᠲᠠᠯᠠᠪᠤᠷ ᠤᠨ ᠦᠷᠢᠰᠦᠯᠳᠤᠬᠡᠨ ᠨᠡᠶᠢᠳᠡ 7 ᠡᠳᠤᠷ ᠶᠠᠪᠤᠭᠳᠠᠨ᠎ᠠ᠃
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1