ᠰᠢᠨᠬᠤᠧᠠ ᠬᠤᠷᠢᠶ᠎ᠠ ᠬᠦᠬᠡᠬᠤᠲᠠ ᠶᠢᠨ 5 ᠰᠠᠷ᠎ᠠ ᠶᠢᠨ 30 ᠤ ᠡᠲᠦᠷ ᠤᠨ ᠴᠠᠬᠢᠯᠭᠠᠨ ᠮᠡᠲᠡᠭᠡ ︵ | ᠰᠤᠷᠪᠤᠯᠵᠢᠯᠠᠭᠴᠢ ᠯᠢ ᠶᠦᠨ ᠫᠢᠩ︶ ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠶᠠᠲᠠᠭᠤ ᠶᠢ ᠲᠡᠳᠬᠦᠬᠦ ᠠᠯᠪᠠᠨ ᠠᠴᠠ ᠤᠢᠯᠠᠭᠠᠭᠰᠠᠨ ᠢᠶᠠᠷ ᠤᠲᠤᠬᠠᠨ ᠪᠤᠯᠲᠠᠯ᠎ᠠ ᠤᠷᠤᠨ ᠲᠠᠶᠠᠭᠠᠷ 15.24 ᠲᠦᠮᠡᠨ | ᠬᠦᠮᠦᠨ ᠢ ᠶᠠᠲᠠᠭᠤ ᠠᠴᠠ ᠠᠩᠭᠢᠵᠢᠷᠠᠭᠤᠯᠵᠤ᠂ ᠶᠠᠲᠠᠭᠤᠷᠠᠯ ᠤᠨ ᠨᠤᠷᠮ᠎ᠠ 1.06% ᠪᠠᠷ ᠪᠠᠭᠤᠷᠠᠪᠠ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠲᠠᠭᠤ ᠶᠢ ᠲᠡᠳᠬᠦᠬᠦ ᠠᠯᠪᠠᠨ ᠤ ᠲᠡᠳ᠋ ᠡᠷᠬᠢᠯᠡᠭᠴᠢ | ᠼᠤᠤ ᠰᠧ ᠶᠠᠩ ᠤᠨ ᠲᠠᠨᠢᠯᠴᠠᠭᠤᠯᠤᠭᠰᠠᠨ ᠢᠶᠠᠷ᠂ ᠡᠨᠡ ᠤᠨ ᠳᠤ ᠦᠪᠦᠷ ᠮᠤᠩᠭᠤᠯ ︽ᠬᠤᠶᠠᠷ ᠲᠤ ᠭᠠᠴᠢᠭᠲᠠᠬᠤ | ᠦᠭᠡᠢ ᠭᠤᠷᠪᠠ ᠶᠢ ᠪᠠᠲᠤᠯᠠᠬᠤ︾ ᠶᠢ ᠨᠦᠯᠦᠭᠡᠯᠡᠵᠦ ᠪᠠᠢᠬᠤ ᠲᠤᠪᠦ᠋ᠮᠠ ᠠᠰᠠᠭᠤᠲᠠᠯ ᠢ ᠬᠦᠴᠦᠨ ᠲᠦᠪᠯᠡᠷᠡᠬᠦᠯᠦᠨ | ᠰᠢᠢᠳᠪᠦᠷᠢᠯᠡᠵᠦ᠂ 14 ᠲᠦᠮᠡ ᠭᠠᠷᠤᠢ ᠶᠠᠲᠠᠭᠤ ᠬᠦᠴᠢᠷᠲᠡᠯᠲᠡᠢ ᠬᠦᠮᠦᠨ ᠢ ᠲᠤᠭᠲᠠᠪᠤᠷᠢᠲᠠᠢ ᠶᠠᠲᠠᠭᠤ ᠠᠴᠠ | ᠠᠩᠭᠢᠵᠢᠷᠠᠭᠤᠯᠵᠤ᠂ 20 ᠶᠠᠲᠠᠭᠤ ᠬᠦᠴᠢᠷᠲᠡᠯᠲᠡᠢ ᠬᠤᠰᠢᠭᠤ ᠰᠢᠶᠠᠨ ᠢ ᠴᠦᠮ ᠶᠠᠲᠠᠭᠤ ᠠᠴᠠ ᠠᠩᠭᠢᠵᠢᠷᠠᠭᠤᠯᠵᠤ᠂ | ᠶᠠᠲᠠᠭᠤ ᠬᠦᠴᠢᠷᠲᠡᠯᠲᠡᠢ ᠭᠠᠴᠠᠭ᠎ᠠ ᠲᠤᠰᠬᠤᠨ ᠢ ᠪᠦᠬᠦᠨ ᠢ ᠶᠠᠲᠠᠭᠤ ᠠᠴᠠ ᠠᠩᠭᠢᠵᠢᠷᠠᠭᠤᠯᠤᠨ ᠶᠠᠲᠠᠭᠤ ᠠᠴᠠ | ᠠᠩᠭᠢᠵᠢᠷᠠᠭᠤᠯᠵᠤ ᠪᠤᠭᠤᠮᠲᠠ ᠰᠢᠪᠲᠤᠯᠬᠤ ᠲᠠᠢᠯᠠᠯᠲᠤᠭᠠᠨ ᠢ ᠦᠨᠳᠦᠰᠦᠨ ᠳᠡᠭᠡᠨ ᠪᠡᠶᠡᠯᠡᠬᠦᠯᠦᠨ 2020 ᠤᠨ ᠳᠤ | ᠪᠠᠬᠢᠵᠢᠭᠦᠯᠵᠦ ᠳᠡᠭᠡᠭᠰᠢᠯᠡᠭᠦᠯᠬᠦ ᠳᠤ ᠪᠠᠲᠤᠲᠠᠢ ᠰᠠᠭᠤᠷᠢ ᠶᠢ ᠲᠠᠯᠪᠢᠵᠤ ᠥᠭᠭᠦᠨ᠎ᠡ ᠭᠡᠵᠡᠢ᠃ | ᠼᠤᠤ ᠰᠧ ᠶᠠᠩ ᠤᠨ ᠲᠠᠨᠢᠯᠴᠠᠭᠤᠯᠤᠭᠰᠠᠨ ᠢᠶᠠᠷ ᠦᠪᠦᠷ ᠮᠤᠩᠭᠤᠯ ᠶᠠᠲᠠᠭᠤ ᠬᠦᠴᠢᠷᠲᠡᠯᠲᠡᠢ ᠤᠷᠤᠨ ᠢ | ᠲᠡᠮᠵᠢᠬᠦ ᠬᠦᠴᠦᠯᠡᠴᠡ ᠪᠠᠨ ᠶᠡᠭᠡ ᠪᠠᠷ ᠨᠡᠮᠡᠭᠲᠡᠬᠦᠯᠵᠦ᠂ ᠬᠦᠷᠦᠩᠭᠡ ᠮᠦᠩᠭᠦ᠂ ᠲᠦᠰᠦᠯ᠂ ᠠᠷᠭ᠎ᠠ ᠬᠡᠮᠵᠢᠶ᠎ᠠ ᠪᠠᠷ | ᠤᠷᠢᠲᠡᠪᠡᠷ ᠲᠡᠮᠵᠢᠬᠦ ᠵᠠᠷᠴᠢᠮ ᠢᠶᠠᠷ ᠶᠠᠲᠠᠭᠤ ᠬᠦᠴᠢᠷᠲᠡᠯᠲᠡᠢ ᠬᠤᠰᠢᠭᠤ ᠰᠢᠶᠠᠨ ᠳᠤ ᠠᠵᠤ ᠦᠢᠯᠡᠰ ᠤᠨ ᠲᠡᠮᠵᠢᠯᠭᠡ | ᠬᠠᠩᠭᠠᠬᠤ᠂ ᠮᠦᠩᠭᠦᠨ ᠭᠦᠢᠯᠭᠡᠭᠡᠨ ᠤ ᠲᠡᠮᠵᠢᠯᠭᠡ ᠬᠠᠩᠭᠠᠬᠤ᠂ ᠴᠢᠲᠠᠪᠤᠷᠢᠲᠠᠨ ᠤ ᠲᠡᠮᠵᠢᠯᠭᠡ ᠬᠠᠩᠭᠠᠬᠤ᠂ | ᠨᠡᠢᠭᠡᠮ ᠠᠴᠠ ᠬᠠᠪᠰᠤᠷᠤᠨ ᠲᠤᠰᠠᠯᠠᠬᠤ ᠵᠡᠷᠭᠡ ᠠᠷᠭ᠎ᠠ ᠬᠡᠮᠵᠢᠶ ᠠ ᠪᠠᠷ ᠡᠯ᠎ᠡ ᠲᠦᠷᠦᠯ ᠤᠨ ᠲᠦᠷᠦ ᠶᠢᠨ | ᠪᠤᠲᠤᠯᠭ᠎ᠠ ᠶᠢᠨ ᠲᠤᠭᠤᠰᠢᠯᠠᠭᠲᠠᠨ ᠨᠠᠢᠲᠠᠪᠤᠷᠢᠵᠢᠭᠤᠯᠤᠭᠲᠠᠬᠤ ᠶᠢ ᠪᠠᠲᠤᠯᠠᠵᠤ ᠪᠠᠢᠨ᠎ᠠ᠃ | ᠤᠢᠯᠠᠭᠠᠭᠰᠠᠨ ᠢᠶᠠᠷ᠂ ᠦᠪᠦᠷ ᠮᠤᠩᠭᠤᠯ ᠨᠢ ᠪᠡᠭᠡᠵᠢᠩ ᠠᠴᠠ ᠦᠪᠦᠷ ᠮᠤᠩᠭᠤᠯ ᠢ ᠶᠠᠲᠠᠭᠤ ᠠᠴᠠ | ᠠᠩᠭᠢᠵᠢᠷᠠᠭᠤᠯᠬᠤ ᠲᠤᠰᠠᠯᠠᠨ ᠲᠡᠮᠵᠢᠬᠦ ᠠᠵᠢᠯ ᠢ ᠤᠯᠠᠮ ᠭᠦᠨᠵᠡᠭᠡᠢᠷᠡᠬᠦᠯᠵᠦ᠂ ᠶᠠᠲᠠᠭᠤ ᠠᠴᠠ ᠠᠩᠭᠢᠵᠢᠷᠠᠭᠤᠯᠬᠤ | ᠬᠠᠮᠲᠤᠷᠠᠨ ᠠᠵᠢᠯᠯᠠᠬᠤ ᠲᠦᠰᠦᠯ ᠢ ᠲᠦᠯᠦᠪᠯᠡᠵᠦ᠂ ᠨᠡᠢᠭᠡᠮ ᠤᠨ ᠠᠵᠢᠯ ᠦᠢᠯᠡᠰ᠂ ᠴᠢᠲᠠᠪᠤᠷᠢᠲᠠᠨ ᠤ ᠰᠤᠯᠢᠯᠴᠠᠭ᠎ᠠ᠂ | ᠪᠦᠲᠦᠭᠡᠭᠲᠡᠬᠦᠨ ᠤ ᠰᠤᠯᠢᠯᠴᠠᠭ᠎ᠠ᠂ ᠬᠦᠲᠡᠯᠮᠦᠷᠢ ᠬᠦᠴᠦᠨ ᠤ ᠬᠠᠮᠲᠤᠷᠠᠯᠴᠠᠭ᠎ᠠ ᠵᠡᠷᠭᠡ ᠲᠠᠯ᠎ᠠ ᠪᠠᠷ ᠭᠦᠨᠵᠡᠭᠡᠢ | ᠬᠠᠮᠲᠤᠷᠠᠨ ᠠᠵᠢᠯᠯᠠᠵᠤ ᠪᠤᠢ᠃ |