ᠦᠪᠦᠷ ᠮᠣᠩᠭᠤᠯ 2019 ᠤᠨ ᠤ ᠨᠡᠶᠢᠬᠡᠮ ᠤᠨ ᠡᠯ᠎ᠡ ᠲᠦᠷᠦᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2019-06-10
     9 ᠤ ᠡᠳᠤᠷ᠂ ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠤᠶᠢᠷ᠎ᠠ ᠳᠤ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ︽2019 ᠤᠨ ᠤ ᠤᠷᠤᠨ ᠲᠠᠶᠠᠭᠠᠷ ᠤᠨ ᠨᠡᠶᠢᠬᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠲᠤᠬᠠᠢ ᠬᠤᠯᠪᠤᠭᠳᠠᠬᠤ ᠶᠠᠪᠤᠳᠠᠯ ᠤᠨ ᠮᠡᠳᠡᠭᠳᠡᠯ︾ ᠢ ᠨᠡᠶᠢᠳᠡᠯᠡᠪᠡ᠃ ︽ᠮᠡᠳᠡᠭᠳᠡᠯ︾ ᠳᠤ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ 2019 ᠤᠨ ᠤ ᠬᠤᠳᠠ ᠬᠦᠳᠡᠭᠡ ᠶᠢᠨ ᠢᠷᠭᠡᠳ ᠤᠨ ᠬᠠᠮᠤᠭ ᠤᠨ ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ᠂ ᠤᠨᠴᠠ ᠬᠦᠴᠢᠷᠳᠡᠯᠲᠡᠢ ᠬᠦᠮᠦᠰ ᠤᠨ ᠦᠨᠳᠤᠰᠤᠨ ᠠᠮᠢᠳᠤᠷᠠᠯ ᠤᠨ ᠪᠠᠷᠢᠮᠵᠢᠶ᠎ᠠ ᠪᠤᠯᠤᠨ ᠤᠨᠴᠠ ᠬᠦᠴᠢᠷᠳᠡᠯᠲᠡᠢ ᠬᠦᠮᠦᠰ ᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠨᠡᠶᠢᠳᠡᠯᠡᠵᠤ᠂ ᠶᠠᠳᠠᠭᠤ ᠬᠦᠴᠢᠷᠳᠡᠯᠲᠡᠢ ᠢᠷᠭᠡᠳ ᠤᠨ ᠦᠨᠳᠤᠰᠦᠨ ᠠᠮᠢᠳᠤᠷᠠᠯ ᠤᠨ ᠪᠠᠳᠤᠯᠠᠭ᠎ᠠ ᠶᠢᠨ ᠠᠵᠢᠯ ᠢ ᠰᠠᠶᠢᠳᠤᠷ ᠬᠢᠵᠤ᠂ ᠶᠠᠳᠠᠭᠤ ᠬᠦᠴᠢᠷᠳᠡᠯᠲᠡᠢ ᠢᠷᠭᠡᠳ ᠤᠨ ᠬᠦᠷᠳᠡᠬᠡᠮᠵᠢᠳᠤ ᠰᠡᠳᠬᠢᠯᠬᠡ᠂ ᠠᠵᠠ ᠵᠢᠷᠭᠠᠯᠳᠤ ᠰᠡᠳᠬᠢᠯᠬᠡ ᠪᠤᠯᠤᠨ ᠠᠶᠤᠯᠬᠦᠢ ᠰᠡᠳᠬᠢᠯᠬᠡ ᠶᠢ ᠲᠠᠰᠤᠷᠠᠯᠳᠠ ᠦᠭᠡᠢ ᠨᠡᠮᠡᠭᠳᠡᠬᠦᠯᠦᠨ᠎ᠡ ᠬᠡᠪᠡ᠃      ᠤᠶᠢᠯᠠᠭᠠᠭᠰᠠᠨ ᠢᠶᠠᠷ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ 2019 ᠤᠨ ᠤ ᠬᠤᠳᠠ ᠬᠦᠳᠡᠭᠡ ᠶᠢᠨ ᠢᠷᠭᠡᠳ ᠤᠨ ᠬᠠᠮᠤᠭ ᠤᠨ ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠳᠤ ᠬᠦᠬᠡᠬᠤᠳᠠ ᠶᠢᠨ ᠬᠤᠳᠠ ᠶᠢᠨ ᠪᠠᠳᠤᠯᠠᠭ᠎ᠠ ᠶᠢᠨ ᠪᠠᠷᠢᠮᠵᠢᠶ᠎ᠠ ᠨᠢ 725 ᠲᠦᠭᠦᠷᠢᠭ / ᠰᠠᠷ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ᠪᠠᠷᠢᠮᠵᠢᠶ᠎ᠠ ᠨᠢ 6120 ᠲᠦᠭᠦ᠋ᠷᠭ / ᠵᠢᠯ ᠬᠦᠷᠴᠦ ᠪᠤᠢ᠃ ᠦᠪᠦᠷ ᠮᠤᠩᠬᠤᠯ ᠤᠨ ᠦᠪᠡᠷᠳᠡᠬᠡᠨ ᠵᠠᠰᠠᠬᠤ ᠤᠷᠤᠨ ᠤ 2019 ᠤᠨ ᠤ ᠤᠨᠴᠠ ᠬᠦᠴᠢᠷᠳᠡᠯᠲᠡᠢ ᠬᠦᠮᠦᠰ ᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠳᠤ ᠬᠦᠬᠡᠬᠤᠳᠠ ᠶᠢᠨ ᠬᠦᠳᠡᠯᠮᠦᠷᠢ ᠶᠢᠨ ᠴᠢᠳᠠᠮᠵᠢ ᠪᠠᠨ ᠠᠯᠳᠠᠭᠰᠠᠳ ᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠨᠢ 1066 ᠲᠦᠭᠦ᠋ᠷᠭ / ᠰᠠᠷ᠎ᠠ᠂ ᠬᠦᠳᠡᠯᠮᠦᠷᠢ ᠶᠢᠨ ᠴᠢᠳᠠᠮᠵᠢ ᠪᠠᠨ ᠬᠠᠭᠠᠰ ᠠᠯᠳᠠᠭᠰᠠᠳ ᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠨᠢ 496 ᠲᠦᠭᠦᠷᠢᠭ / ᠰᠠᠷ᠎ᠠ᠃ ᠦᠪᠦᠷ ᠮᠤᠩᠬᠤᠯ ᠤᠨ ᠦᠪᠡᠷᠳᠡᠬᠡᠨ ᠵᠠᠰᠠᠬᠤ ᠤᠷᠤᠨ ᠤ 2019 ᠤᠨ ᠤ ᠤᠨᠴᠠ ᠬᠦᠴᠢᠷᠳᠡᠯᠲᠡᠢ ᠬᠦᠮᠦᠰ ᠤᠨ ᠦᠨᠳᠤᠰᠦᠨ ᠠᠮᠢᠳᠤᠷᠠᠯ ᠤᠨ ᠪᠠᠷᠢᠮᠵᠢᠶ᠎ᠠ ᠳᠤ ᠬᠦᠬᠡᠬᠤᠳᠠ ᠶᠢᠨ ᠬᠤᠳᠠ ᠪᠠᠯᠭᠠᠰᠤᠨ ᠤ ᠪᠠᠷᠢᠮᠵᠢᠶ᠎ᠠ ᠨᠢ 1200 ᠲᠦᠭᠦᠷᠢᠭ / ᠰᠠᠷ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ᠪᠠᠷᠢᠮᠵᠢᠶ᠎ᠠ ᠨᠢ 7980 ᠲᠦᠭᠦᠷᠢᠭ / ᠵᠢᠯ᠃
 
ᠢᠷᠡᠯᠲᠡ᠄ ᠬᠦᠬᠡᠬᠤᠳᠠ ᠶᠢᠨ ᠤᠷᠤᠢ ᠶᠢᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1