ᠦᠪᠦᠷ ᠮᠤᠩᠭᠤᠯ ᠮᠦᠽᠸᠢ ᠰᠤᠨᠢᠷᠬᠠᠬᠴᠢᠳ ᠤᠨ ᠲᠤᠭ᠎ᠠ ᠶᠢ ᠬᠢᠵᠠᠭᠠᠷᠯᠠᠬᠤ ᠪᠠᠷ ᠪᠤᠢ
ᠨᠡᠶᠢᠲᠡᠯᠡᠭᠰᠡᠨ ᠴᠠᠭ᠄
2019-06-17
     ᠰᠤᠷᠪᠤᠯᠵᠢᠯᠠᠬᠴᠢ ᠦᠪᠦᠷ ᠮᠤᠩᠭᠤᠯ ᠮᠦᠽᠸᠢ ᠠᠴᠠ ᠤᠶᠢᠯᠠᠭᠠᠬᠰᠠᠨ ᠢᠶᠠᠷ᠂ ᠮᠦᠽᠸᠢ ᠰᠤᠨᠢᠷᠬᠠᠬᠤ ᠬᠦᠮᠦᠨ ᠤᠯᠠᠰᠢᠷᠠᠬᠰᠠᠨ ᠢᠶᠠᠷ ᠰᠤᠨᠢᠷᠬᠠᠬᠤ ᠬᠦᠮᠦᠨ ᠤ ᠲᠤᠭ᠎ᠠ ᠶᠢ ᠬᠢᠵᠠᠭᠠᠷᠯᠠᠬᠤ ᠠᠷᠭ᠎ᠠ ᠠᠪᠬᠤ ᠪᠠᠷ ᠪᠤᠢ᠃      ᠤᠶᠢᠯᠠᠭᠠᠬᠰᠠᠨ ᠢᠶᠠᠷ᠂ ᠵᠢᠯ ᠪᠦᠷᠢ ᠶᠢᠨ 5 ᠰᠠᠷ᠎ᠠ ᠶᠢᠨ 1 ᠠᠴᠠ 10 ᠰᠠᠷ᠎ᠠ ᠶᠢᠨ 7 ᠤ ᠡᠳᠦᠷ ᠬᠦᠷᠲᠡᠯ᠎ᠡ ᠦᠪᠦᠷ ᠮᠤᠩᠭᠤᠯ ᠤᠨ ᠮᠦᠽᠸᠢ ᠶᠢ ᠰᠤᠨᠢᠷᠬᠠᠬᠤ ᠬᠦᠮᠦᠨ ᠬᠠᠮᠤᠬ ᠤᠨ ᠤᠯᠠᠨ᠃ ᠲᠡᠶᠢᠨᠬᠦ ᠦᠪᠦᠷ ᠮᠤᠩᠭᠤᠯ ᠤᠨ ᠮᠦᠽᠸᠢ ᠨᠢ ᠵᠢᠯ ᠪᠦᠷᠢ ᠶᠢᠨ 7 ᠰᠠᠷ᠎ᠠ᠂ 8 ᠰᠠᠷ᠎ᠠ ᠵᠢᠴᠢ ᠬᠦᠳᠡᠯᠮᠦᠷᠢᠴᠢᠳ ᠤᠨ ᠪᠠᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠂ ᠲᠡᠷᠭᠡᠯ ᠰᠠᠷᠠᠨ ᠤ ᠪᠠᠶᠠᠷ᠂ ᠤᠯᠤᠰ ᠪᠠᠶᠢᠭᠤᠯᠤᠬᠳᠠᠬᠰᠠᠨ ᠪᠠᠶᠠᠷ ᠵᠡᠷᠭᠡ 4 ᠠᠮᠠᠷᠠᠯᠲᠠ ᠶᠢᠨ ᠬᠤᠭᠤᠴᠠᠭᠠᠨ ᠳᠤ ᠬᠦᠮᠦᠨ ᠤ ᠲᠤᠭ᠎ᠠ ᠶᠢ ᠬᠢᠵᠠᠭᠠᠷᠯᠠᠬᠤ ᠠᠷᠭ᠎ᠠ ᠠᠪᠴᠤ᠂ ᠦᠵᠡᠭᠴᠢᠳ ᠦᠪᠡᠷ ᠲᠤ ᠪᠠᠨ ᠦᠢᠯᠡᠴᠢᠯᠡᠬᠦ ᠮᠠᠰᠢᠨ ᠠᠴᠠ ᠪᠡᠶ᠎ᠡ ᠶᠢᠨ ᠦᠨᠡᠮᠯᠡᠬᠦ ᠪᠠᠷ ᠢᠶᠠᠨ ᠲᠠᠰᠤᠯᠪᠤᠷᠢ ᠠᠪᠴᠤ ᠮᠦᠽᠸᠢ ᠳᠤ ᠤᠷᠤᠨ᠎ᠠ᠃ ᠡᠳᠦᠷ ᠪᠦᠷᠢ 15000 ᠲᠠᠰᠤᠯᠪᠤᠷᠢ ︵ᠪᠦᠯᠬᠦᠮ ᠪᠤᠯᠤᠨ ᠨᠠᠰᠤᠨ ᠳᠤ ᠬᠦᠷᠦᠭᠡᠳᠦᠢ ᠦᠵᠡᠭᠴᠢᠳ ᠢ ᠪᠠᠭᠲᠠᠭᠠᠨ᠎ᠠ︶ ᠪᠠᠷ ᠬᠢᠵᠠᠭᠠᠷᠯᠠᠨ᠎ᠠ᠃ ᠪᠤᠰᠤᠳ ᠴᠠᠬ ᠲᠤ ᠦᠵᠡᠭᠴᠢᠳ ᠲᠠᠰᠤᠯᠪᠤᠷᠢ ᠠᠪᠬᠤ ᠱᠠᠭᠠᠷᠳᠠᠯᠭ᠎ᠠ ᠦᠭᠡᠢ᠂ ᠵᠦᠪᠬᠡᠨ ᠪᠡᠶ᠎ᠡ ᠶᠢᠨ ᠦᠨᠡᠮᠯᠡᠬᠦ ᠪᠠᠷ ᠢᠶᠠᠨ ᠰᠢᠯᠭᠠᠯᠲᠠ ᠶᠢ ᠦᠩᠭᠡᠷᠡᠭᠡᠮᠡᠭᠴᠡ ᠮᠦᠽᠸᠢ ᠳᠤ ᠤᠷᠤᠵᠦ ᠰᠤᠨᠢᠷᠬᠠᠵᠦ ᠪᠤᠯᠤᠨ᠎ᠠ᠃
 
ᠢᠷᠡᠯᠲᠡ᠄ ᠬᠦᠬᠡᠬᠤᠲᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1