ᠡᠳ᠋ ᠤᠨ ᠵᠠᠰᠠᠬ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠰᠧᠴᠣᠸᠠᠨ ᠮᠤᠵᠢ ᠳᠤ ᠲᠦᠪ ᠤᠨ ᠪᠠᠶᠢᠭᠠᠯᠢ ᠶᠢᠨ ᠭᠠᠮᠰᠢᠬ ᠠᠴᠠ ᠠᠪᠤᠷᠠᠬᠤ ᠮᠦᠩᠭᠦ 1 ᠳ᠋ᠦᠩᠰᠢᠭᠤᠷ ᠲᠦᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2019-06-21
     ᠰᠢᠨᠬᠤᠸᠠ ᠬᠤᠷᠢᠶ᠎ᠠ ᠪᠡᠭᠡᠵᠢᠩ ᠤᠨ 6 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠶᠤ᠋ ᠬᠤᠤ ᠮᠢᠩ︶ ᠰᠤᠷᠪᠤᠯᠵᠢᠯᠬᠠᠴᠢ 19 ᠤ ᠡᠳᠦᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠤᠶᠢᠯᠠᠭᠠᠬᠰᠠᠨ ᠢᠶᠠᠷ᠂ ᠡᠳ᠋ ᠤᠨ ᠵᠠᠰᠠᠬ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠰᠧᠴᠣᠸᠠᠨ ᠤ ᠴᠠᠩ ᠨᠢᠩ ᠤᠨ 6 ᠳᠡᠰ ᠤᠨ ᠭᠠᠵᠠᠷ ᠬᠦᠳᠡᠯᠦᠯᠲᠡ ᠶᠢᠨ ᠭᠠᠮᠰᠢᠬ ᠠᠴᠠ ᠠᠪᠤᠷᠠᠬᠤ ᠠᠵᠢᠯ ᠢ ᠰᠠᠶᠢᠲᠤᠷ ᠬᠢᠬᠦ ᠶᠢ ᠳᠡᠮᠵᠢᠨ᠂ ᠲᠤᠬᠠᠢ ᠶᠢᠨ ᠤᠷᠤᠨ ᠤ ᠭᠠᠮᠰᠢᠬᠳᠠᠬᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠳᠤ ᠲᠤᠰᠠᠯᠠᠬᠤ ᠶᠢᠨ ᠲᠦᠯᠦᠭᠡ ᠲᠤᠬᠠᠢ ᠶᠢᠨ ᠡᠳᠦᠷ ᠲᠦᠪ ᠤᠨ ᠪᠠᠶᠢᠭᠠᠯᠢ ᠶᠢᠨ ᠭᠠᠮᠰᠢᠬ ᠠᠴᠠ ᠠᠪᠤᠷᠠᠬᠤ ᠮᠦᠩᠭᠦ 1 ᠳ᠋ᠦᠩᠰᠢᠭᠤᠷ ᠲᠦᠭᠦᠷᠢᠭ ᠢ ᠪᠠᠴᠢᠮ ᠪᠠᠭᠤᠯᠭᠠᠵᠠᠢ᠃          6 ᠰᠠᠷ᠎ᠠ ᠶᠢᠨ 19 ᠤ ᠡᠳᠦᠷ ᠤᠨ 13᠄ 00 ᠴᠠᠬ ᠬᠦᠷᠲᠡᠯ᠎ᠡ᠂ ᠰᠧᠴᠣᠸᠠᠨ ᠤ ᠴᠠᠩ ᠨᠢᠩ ᠤᠨ 6 ᠳᠡᠰ ᠤᠨ ᠭᠠᠵᠠᠷ ᠬᠦᠳᠡᠯᠦᠯᠲᠡ ᠳᠤ 19.4 ᠲᠦᠮᠡᠨ ᠬᠦᠮᠦᠨ ᠭᠠᠮᠰᠢᠬᠳᠠᠨ᠂ 13 ᠬᠦᠮᠦᠨ ᠠᠳᠡᠵᠦ᠂ 211 ᠬᠦᠮᠦᠨ ᠰᠢᠷᠬᠠᠳᠤᠵᠠᠢ᠃ 1.9 ᠲᠦᠮᠡᠨ ᠬᠦᠮᠦᠨ ᠢ ᠪᠠᠴᠢᠮ ᠰᠢᠯᠵᠢᠭᠦᠯᠦᠨ ᠲᠦᠪᠬᠢᠨᠡᠭᠦᠯᠪᠡ᠃ 2.2 ᠲᠦᠮᠡᠨ ᠡᠷᠦᠬᠡ ᠶᠢᠨ ᠭᠡᠷ ᠪᠠᠶᠢᠰᠢᠩ ᠠᠳᠠᠯᠢ ᠪᠤᠰᠤ ᠬᠡᠮᠵᠢᠶ᠎ᠡ ᠪᠠᠷ ᠡᠪᠳᠡᠭᠳᠡᠭᠰᠡᠨ ᠪᠤᠶᠤ ᠨᠤᠷᠠᠵᠠᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠰᠢᠯᠵᠢᠭᠦᠯᠦᠨ ᠵᠦᠭᠡᠭᠡᠪᠦᠷᠢᠯᠡᠭᠰᠡᠨ 5000 ᠮᠠᠶᠢᠬᠠᠨ᠂ 1 ᠲᠦᠮᠡᠨ ᠡᠪᠬᠡᠮᠡᠯ ᠤᠷᠤ ᠪᠤᠯᠤᠨ 2 ᠲᠦᠮᠡᠨ ᠬᠦᠨᠵᠢᠯᠡ ᠶᠢ ᠨᠢᠭᠡᠨᠲᠡ ᠭᠠᠮᠰᠢᠬᠳᠠᠬᠰᠠᠨ ᠤᠯᠠᠨ ᠲᠦᠮᠡᠨ ᠳᠤ ᠲᠦᠭᠡᠭᠡᠭᠰᠡᠨ ᠪᠠᠶᠢᠨ᠎ᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1