ᠰᠢᠨᠬᠤᠸᠠ ᠬᠤᠷᠢᠶ᠎ᠠ ᠮᠦᠭᠳᠡᠨ ᠤ 6 ᠰᠠᠷ᠎ᠠ ᠶᠢᠨ 22 ᠤᠨ ᠡᠳᠤᠷ ᠤᠨ ᠴᠠᠬᠢᠯᠭᠠᠨ ᠮᠡᠳᠡᠭᠡ 6 ᠰᠠᠷ᠎ᠠ ᠶᠢᠨ | 22 ᠤᠨ ᠡᠳᠤᠷ ᠤᠨ 7᠄ 16 ᠴᠠᠭ ᠤᠨ ᠦᠶ᠎ᠡ ᠪᠠᠷ ᠮᠦᠭᠳᠡᠨ ᠠᠴᠠ ᠲᠦᠩᠯᠢᠶᠤᠤ ᠬᠦᠷᠬᠦ G8132 ᠡᠬᠡᠯᠵᠢᠳᠤ | ᠬᠤᠷᠳᠤᠨ ᠤ ᠭᠠᠯᠳᠤ ᠮᠦᠭᠳᠡᠨ ᠤ ᠬᠤᠶᠢᠳᠤ ᠦᠷᠳᠡᠬᠡᠨ ᠠᠴᠠ ᠠᠯᠪᠠᠨ ᠶᠤᠰᠤᠭᠠᠷ ᠠᠶᠠᠯᠠᠵᠤ ᠡᠬᠢᠯᠡᠪᠡ᠃ ᠰᠢᠨ | ᠮᠢᠨ ᠠᠴᠠ ᠲᠦᠩᠯᠢᠶᠤᠤ ᠴᠢᠭᠯᠡᠯ ᠤᠨ ᠬᠤᠷᠳᠤᠨ ᠤ ᠭᠠᠯᠳᠤ ᠦᠪᠦᠷ ᠮᠣᠩᠭᠤᠯ ᠤᠨ ᠵᠡᠬᠦᠨ ᠪᠦᠰᠡ ᠨᠤᠳᠤᠭ ᠤᠨ | ᠬᠤᠳᠠ ᠲᠦᠩᠯᠢᠶᠤᠤ ᠪᠠᠷ ᠦᠩᠬᠡᠷᠡᠨ᠎ᠡ᠃ ᠰᠤᠷᠪᠤᠯᠵᠢᠯᠠᠭᠴᠢ ᠲᠤᠮᠳᠠᠳᠤ ᠤᠯᠤᠰ ᠤᠨ ᠲᠡᠮᠦᠷ ᠵᠠᠮ ᠤᠨ ᠮᠦᠭᠳᠡᠨ ᠤ | ᠲᠤᠪᠴᠢᠶᠠᠨ ᠤ ᠪᠦᠯᠦᠭᠯᠡᠯ ᠺᠤᠮᠫᠠᠨᠢ ᠠᠴᠠ ᠤᠶᠢᠯᠠᠭᠠᠭᠰᠠᠨ ᠢᠶᠠᠷ᠂ ᠡᠨᠡ ᠨᠢ ᠰᠢᠨ ᠮᠢᠨ ᠠᠴᠠ ᠲᠦᠩᠯᠢᠶᠤᠤ | ᠴᠢᠭᠯᠡᠯ ᠤᠨ ᠬᠤᠷᠳᠤᠨ ᠤ ᠭᠠᠯᠳᠤ ᠨᠡᠪᠳᠡᠷᠡᠭᠰᠡᠨ ᠠᠴᠠ ᠨᠠᠰᠢ᠂ ᠬᠤᠷᠳᠤᠨ ᠤ ᠭᠠᠯᠳᠤ ᠲᠡᠷᠬᠡ ᠠᠩᠬ᠎ᠠ ᠤᠳᠠᠭ᠎ᠠ | ᠦᠪᠦᠷ ᠮᠣᠩᠭᠤᠯ ᠤᠨ ᠲᠠᠯ᠎ᠠ ᠨᠤᠳᠤᠭ ᠪᠠᠷ ᠠᠶᠠᠯᠠᠬᠰᠠᠨ ᠢ ᠬᠠᠷᠠᠭᠤᠯᠵᠤ ᠪᠠᠶᠢᠨ᠎ᠠ᠃ | ᠮᠦᠭᠳᠡᠨ ᠠᠴᠠ ᠲᠦᠩᠯᠢᠶᠤᠤ ᠬᠦᠷᠬᠦ ᠡᠩ ᠤᠨ ᠭᠠᠯᠳᠤ ᠨᠢ 4 ᠴᠠᠭ ᠤᠷᠴᠢᠮ ᠠᠶᠠᠯᠠᠨ᠎ᠠ᠂ ᠰᠢᠨ ᠮᠢᠨ ᠠᠴᠠ | ᠲᠦᠩᠯᠢᠶᠤᠤ ᠬᠦᠷᠬᠦ ᠬᠤᠷᠳᠤᠨ ᠤ ᠭᠠᠯᠳᠤ ᠵᠦᠪᠬᠡᠨ 1 ᠴᠠᠭ 20 ᠮᠢᠨᠦ᠋ᠲ ᠬᠡᠷᠡᠭᠰᠡᠨ᠎ᠡ᠃ ᠠᠶᠠᠨᠴᠢᠳ | ᠦᠷᠳᠡᠬᠡᠨ ᠠᠴᠠ ᠭᠠᠷᠪᠠᠯ ᠠᠶᠠᠨᠴᠢᠨ ᠤ ᠲᠤᠮᠤ ᠮᠠᠰᠢᠨ ᠢᠶᠠᠷ ᠦᠵᠡᠮᠦᠷᠢ ᠶᠢᠨ ᠪᠦᠰᠡ ᠳᠤ ᠬᠦᠷᠴᠦ ᠪᠤᠯᠤᠨ᠎ᠠ᠃ | ᠡᠨᠡ ᠨᠢ ᠭᠠᠯᠳᠤ ᠲᠡᠷᠬᠡᠨ ᠤ ᠦᠷᠳᠡᠬᠡᠨ ᠠᠴᠠ ᠦᠵᠡᠮᠦᠷᠢ ᠶᠢᠨ ᠪᠦᠰᠡ ᠬᠦᠷᠳᠡᠯᠡᠬᠢ ᠵᠠᠢ ᠦᠭᠡᠢ ᠬᠤᠯᠪᠤᠯᠳᠠ ᠬᠢᠵᠤ | ᠠᠶᠠᠨᠴᠢᠳ ᠤᠨ ᠠᠶᠠᠯᠠᠯ ᠤᠨ ᠴᠠᠭ ᠢ ᠪᠤᠭᠤᠨᠢᠰᠬᠠᠨ᠎ᠠ᠃ ᠮᠦᠨ ᠵᠢᠭᠤᠯᠴᠢᠳ ᠤᠨ ᠭᠠᠷᠠᠭ ᠤᠨ ᠰᠡᠬᠦᠯᠴᠢ ᠶᠢᠨ | ᠬᠤᠶᠠᠷ ᠡᠳᠤᠷ ᠤᠨ ᠠᠮᠠᠷᠠᠯᠳᠠ ᠳᠤ ᠪᠠᠨ ᠬᠤᠷᠳᠤᠨ ᠤ ᠭᠠᠯᠳᠤ ᠪᠠᠷ ᠠᠶᠠᠯᠠᠵᠤ ᠲᠠᠯ᠎ᠠ ᠨᠤᠳᠤᠭ ᠪᠠᠷ ᠵᠢᠭᠤᠯᠴᠢᠯᠠᠬᠤ | ᠬᠦᠰᠡᠯ ᠢ ᠬᠠᠩᠭᠠᠬᠤ ᠪᠤᠯᠤᠨ᠎ᠠ᠃ |