24 ᠤ ᠡᠳᠤᠷ ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠤᠶᠢᠯᠠᠭᠠᠭᠰᠠᠨ ᠢᠶᠠᠷ᠂ ᠤᠶᠢᠷ᠎ᠠ ᠳᠤ ᠦᠪᠦᠷ ᠮᠣᠩᠭᠤᠯ ᠤᠨ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ︽2019 ᠤᠨ ᠤ | ᠤᠷᠤᠨ ᠲᠠᠶᠠᠭᠠᠷ ᠤᠨ ᠨᠡᠶᠢᠬᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠠᠮᠢᠶᠠᠲᠠᠢ ᠶᠠᠪᠤᠳᠠᠯ ᠤᠨ ᠲᠤᠬᠠᠢ | ᠮᠡᠳᠡᠭᠳᠡᠯ︾ ᠢ ᠲᠠᠷᠬᠠᠭᠠᠵᠤ᠂ 2019 ᠤᠨ ᠤ ᠤᠷᠤᠨ ᠲᠠᠶᠠᠭᠠᠷ ᠤᠨ ᠬᠤᠳᠠ ᠬᠦᠳᠡᠭᠡ ᠶᠢᠨ ᠰᠠᠭᠤᠭᠠᠯᠢ | ᠢᠷᠭᠡᠳ ᠤᠨ ᠬᠠᠮᠤᠭ ᠤᠨ ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ᠂ ᠤᠨᠴᠨ ᠬᠦᠴᠢᠷᠳᠡᠯᠲᠡᠢ | ᠬᠦᠮᠦᠰ ᠤᠨ ᠦᠨᠳᠤᠰᠦᠨ ᠠᠮᠢᠳᠤᠷᠠᠯ ᠤᠨ ᠪᠠᠷᠢᠮᠵᠢᠶ᠎ᠠ ᠪᠤᠯᠤᠨ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠨᠡᠶᠢᠳᠡᠯᠡᠪᠡ᠃ | ᠦᠪᠦᠷ ᠮᠣᠩᠭᠤᠯ ᠤᠨ ᠬᠤᠳᠠ ᠬᠦᠳᠡᠭᠡ ᠶᠢᠨ ᠰᠠᠭᠤᠭᠠᠯᠢ ᠢᠷᠭᠡᠳ ᠤᠨ ᠬᠠᠮᠤᠭ ᠤᠨ ᠲᠤᠤᠷ᠎ᠠ ᠠᠮᠢᠳᠤᠷᠠᠯ ᠤᠨ | ᠪᠠᠳᠤᠯᠠᠭ᠎ᠠ ᠶᠢᠨ ᠲᠤᠮᠳᠠᠴᠢ ᠪᠠᠷᠢᠮᠵᠢᠶ᠎ᠠ ᠨᠢ ᠲᠡᠭᠡᠭᠰᠢᠯᠡᠵᠤ᠂ ᠬᠤᠳᠠ ᠶᠢᠨ ᠬᠠᠮᠤᠭ ᠤᠨ ᠲᠤᠤᠷ᠎ᠠ ᠪᠠᠳᠤᠯᠠᠭ᠎ᠠ ᠶᠢᠨ | ᠪᠠᠷᠢᠮᠵᠢᠶ᠎ᠠ ᠨᠢ ᠤᠯᠤᠰ ᠲᠠᠶᠠᠭᠠᠷ ᠤᠨ 7 ᠳ᠋ᠤᠭᠠᠷ ᠲᠤ ᠪᠠᠶᠢᠷᠢᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ | ᠬᠠᠮᠤᠭ ᠤᠨ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠨᠢ ᠤᠯᠤᠰ ᠲᠠᠶᠠᠭᠠᠷ ᠤᠨ 9 ᠳ᠋ᠤᠬᠡᠷ ᠲᠤ ᠪᠠᠶᠢᠷᠢᠯᠠᠵᠤ ᠪᠤᠢ᠃ | | | ᠤᠶᠢᠯᠠᠭᠠᠭᠰᠠᠨ ᠢᠶᠠᠷ᠂ 2019 ᠤᠨ ᠤ ᠦᠪᠦᠷ ᠮᠣᠩᠭᠤᠯ ᠤᠨ ᠤᠨᠴᠠ ᠬᠦᠴᠢᠷᠳᠡᠯᠲᠡᠢ ᠬᠦᠮᠦᠰ ᠤᠨ | ᠦᠨᠳᠤᠰᠦᠨ ᠠᠮᠢᠳᠤᠷᠠᠯ ᠤᠨ ᠪᠠᠷᠢᠮᠵᠢᠶ᠎ᠠ ᠨᠢ ᠰᠠᠷ᠎ᠠ ᠳᠤ 1192 ᠲᠦᠭᠦᠷᠢᠭ᠂ ᠬᠦᠳᠡᠭᠡ ᠲᠤᠰᠬᠤᠨ ᠮᠠᠯᠵᠢᠬᠤ | ᠤᠷᠤᠨ ᠤ ᠤᠨᠴᠠ ᠬᠦᠴᠢᠷᠳᠡᠯᠲᠡᠢ ᠬᠦᠮᠦᠰ ᠤᠨ ᠦᠨᠳᠤᠰᠦᠨ ᠠᠮᠢᠳᠤᠷᠠᠯ ᠤᠨ ᠪᠠᠷᠢᠮᠵᠢᠶ᠎ᠠ ᠨᠢ ᠵᠢᠯ ᠳᠤ 9727 | ᠲᠦᠭᠦᠷᠢᠭ ᠲᠤ ᠬᠦᠷᠴᠦ ᠪᠤᠢ᠃ ᠦᠪᠦᠷ ᠮᠣᠩᠭᠤᠯ ᠤᠨ ᠵᠠᠷᠢᠮ ᠬᠦᠳᠡᠯᠮᠦᠷᠢ ᠶᠢᠨ ᠴᠢᠳᠠᠮᠵᠢ ᠪᠠᠨ ᠠᠯᠳᠠᠭᠰᠠᠨ | ᠬᠦᠮᠦᠰ ᠤᠨ ᠦᠨᠳᠤᠰᠦᠨ ᠠᠮᠢᠳᠤᠷᠠᠯ ᠤᠨ ᠪᠠᠷᠢᠮᠵᠢᠶ᠎ᠠ ᠨᠢ ᠰᠠᠷ᠎ᠠ ᠳᠤ 425 ᠲᠦᠭᠦᠷᠢᠭ᠂ ᠬᠦᠳᠡᠯᠮᠦᠷᠢ ᠶᠢᠨ | ᠴᠢᠳᠠᠮᠵᠢ ᠪᠠᠨ ᠪᠦᠷᠢᠨ ᠠᠯᠳᠠᠭᠰᠠᠨ ᠬᠦᠮᠦᠰ ᠤᠨ ᠪᠠᠷᠢᠮᠵᠢᠶ᠎ᠠ ᠨᠢ ᠰᠠᠷ᠎ᠠ ᠳᠤ 1070 ᠲᠦᠭᠦᠷᠢᠭ ᠲᠤ ᠬᠦᠷᠴᠦ | ᠪᠠᠶᠢᠨ᠎ᠠ᠃ |