ᠲᠠᠶᠢᠸᠠᠨ ᠬᠤᠭᠤᠯᠠᠶ ᠶᠢᠨ ᠬᠤᠶᠠᠷ ᠡᠷᠬᠢ ᠶᠢᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ ᠤᠳᠠᠯ ᠦᠬᠡᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2019-06-28
     ᠰᠢᠨᠬᠤᠸᠠ ᠬᠤᠷᠢᠶ᠎ᠠ ᠺᠦᠨᠮᠢᠩ ᠤᠨ 6 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠼᠤᠩ ᠸᠧᠢ︶ ᠣᠶᠢᠯᠠᠭᠠᠭᠰᠠᠨ ᠢᠶᠠᠷ᠂ ᠪᠦᠬᠦ ᠤᠯᠤᠰ ᠤᠨ ᠲᠠᠶᠢᠸᠠᠨ ᠤ ᠠᠬᠠᠨ ᠳᠡᠬᠦᠤᠰ ᠤᠨ ᠪᠡᠯᠡ ᠣᠷᠣᠭᠤᠯᠤᠯᠲᠠ ᠶᠢᠨ ᠠᠵᠤ ᠠᠬᠤᠶᠢᠯᠡᠯ ᠤᠨ ᠨᠥᠬᠦᠷᠯᠡᠯ ᠤᠨ ᠬᠤᠷᠠᠯ ᠠᠴᠠ ᠡᠭᠦᠰᠭᠡᠨ ᠪᠠᠶᠢᠭᠤᠯᠤᠭᠰᠠᠨ ᠲᠠᠶᠢᠸᠠᠨ ᠬᠤᠭᠤᠯᠠᠢ ᠶᠢᠨ ᠬᠤᠶᠠᠷ ᠡᠷᠬᠢ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠦᠨᠳᠦᠰᠦᠨ ᠳᠡᠭᠡᠨ ᠳᠠᠭᠤᠰᠴᠤ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠤᠭᠳᠠᠬᠤ ᠪᠣᠯᠤᠨ᠎ᠠ᠃ ᠲᠤᠰ ᠰᠠᠭᠤᠷᠢ ᠮᠥᠩᠭᠦ ᠶᠢᠨ ᠵᠣᠷᠢᠯᠭ᠎ᠠ ᠨᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠦ᠂ ᠡᠬᠡ ᠬᠠᠭᠤᠷᠠᠶ ᠳᠠᠬᠢ ᠲᠠᠶᠢᠸᠠᠨ ᠤ ᠬᠤᠳᠠᠯᠳᠤᠭᠠᠨ ᠤ ᠬᠥᠭᠵᠢᠯᠲᠡ ᠵᠢᠴᠢ ᠬᠡᠯᠪᠡᠷᠢ ᠪᠠᠨ ᠬᠤᠪᠢᠷᠠᠭᠤᠯᠬᠤ ᠳᠤ ᠳᠡᠮᠵᠢᠯᠭᠡ ᠦᠵᠡᠭᠦᠯᠬᠦ ᠶᠢᠨ ᠲᠥᠯᠥᠭᠡ ᠶᠤᠮ᠃      8 ᠳ᠋ᠤᠭᠠᠷ ᠬᠤᠭᠤᠴᠠᠭᠠᠨ ᠤ ᠶᠦᠨᠲ᠋ᠠᠢ ᠶᠢᠨ ᠬᠤᠷᠠᠯ ᠢᠶᠠᠷ 25 ᠤ ᠡᠳᠦᠷ ᠶᠠᠪᠤᠭᠳᠠᠭᠰᠠᠨ ᠵᠡᠭᠦᠨ ᠪᠠᠷᠠᠭᠤᠨ ᠬᠡᠰᠡᠭ ᠤᠨ ᠲᠠᠶᠢᠸᠠᠨ ᠤ ᠨᠡᠶᠢᠭᠡᠮᠯᠢᠭ ᠤᠨ ᠳᠠᠷᠤᠭ᠎ᠠ ᠨᠠᠷ ᠤᠨ ᠰᠣᠯᠢᠯᠴᠠᠭᠠᠨ ᠤ ᠹᠤᠷᠦ᠋ᠮ ᠳᠡᠭᠡᠷ᠎ᠡ᠂ ᠪᠦᠬᠦ ᠤᠯᠤᠰ ᠤᠨ ᠲᠠᠶᠢᠸᠠᠨ ᠤ ᠠᠬᠠᠨ ᠳᠡᠬᠦᠤᠰ ᠤᠨ ᠪᠡᠯᠡ ᠣᠷᠣᠭᠤᠯᠤᠯᠲᠠ ᠶᠢᠨ ᠠᠵᠤ ᠠᠬᠤᠶᠢᠯᠡᠯ ᠤᠨ ᠨᠥᠬᠦᠷᠯᠡᠯ ᠤᠨ ᠨᠡᠶᠢᠭᠡᠮᠯᠢᠭ ᠤᠨ ᠮᠥᠩᠭᠦᠨ ᠭᠦᠢᠯᠭᠡᠭᠡᠨ ᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠯᠢ ᠵᠢᠶᠠᠨ ᠭᠦᠸᠧ ᠠᠴᠠ᠂ ᠲᠤᠰ ᠰᠠᠭᠤᠷᠢ ᠮᠥᠩᠭᠦ ᠨᠢ ᠰᠢᠭᠤᠳ ᠮᠥᠩᠭᠦᠨ ᠭᠦᠢᠯᠭᠡᠭᠡ᠂ ᠳᠡᠮ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠶᠢᠨ ᠪᠠᠩᠬᠢ ᠵᠡᠷᠭᠡ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠠᠮᠤᠷᠴᠤ᠂ ᠲᠠᠶᠢᠸᠠᠨ ᠤ ᠬᠤᠳᠠᠯᠳᠤᠭᠠᠴᠢᠨ ᠤ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠡᠬᠡ ᠬᠠᠭᠤᠷᠠᠢ ᠳᠠᠬᠢ ᠲᠠᠶᠢᠸᠠᠨ ᠤ ᠬᠤᠳᠠᠯᠳᠤᠭᠠᠴᠢᠨ ᠤ ᠬᠡᠷᠡᠭ ᠤᠨ ᠢᠷᠡᠯᠲᠡ ᠶᠢ ᠨᠡᠭᠡᠭᠡᠬᠦ᠂ ᠪᠡᠯᠡ ᠣᠷᠣᠭᠤᠯᠤᠯᠲᠠ ᠶᠢ ᠦᠨᠡᠯᠡᠨ ᠵᠢᠱᠢᠬᠦ ᠳᠤ ᠠᠰᠢᠭᠲᠠᠢ ᠪᠠᠶᠢᠵᠤ᠂ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢᠭᠰᠡᠨ ᠪᠡᠯᠡ ᠣᠷᠣᠭᠤᠯᠤᠯᠲᠠ ᠶᠢ ᠪᠦᠷᠢᠯᠳᠦᠭᠦᠯᠦᠨ᠎ᠡ ᠭᠡᠵᠦ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠲᠤᠰ ᠰᠠᠭᠤᠷᠢ ᠮᠥᠩᠭᠦ ᠨᠢ ᠡᠮᠦᠨᠡᠬᠢ ᠬᠤᠭᠤᠴᠠᠭᠠᠨ ᠤ ᠪᠡᠯᠡᠳᠬᠡᠯ ᠢᠶᠠᠷ ᠳᠠᠮᠵᠢᠨ ᠭᠤᠤᠯ ᠬᠠᠮᠢᠶᠠᠷᠤᠯᠲᠠ ᠶᠢᠨ ᠪᠠᠭ ᠨᠢ ᠨᠢᠭᠡᠨᠲᠡ ᠪᠦᠷᠢᠯᠳᠦᠨ ᠲᠣᠭᠲᠠᠵᠤ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠥᠯᠥᠪ᠂ ᠬᠠᠤᠯᠢ ᠴᠠᠭᠠᠵᠠ ᠶᠢᠨ ᠬᠡᠯᠪᠡᠷᠢ᠂ ᠪᠠᠯᠠ ᠣᠷᠣᠭᠤᠯᠤᠯᠲᠠ ᠶᠢᠨ ᠠᠷᠭ᠎ᠠ ᠪᠣᠳᠣᠯᠭ᠎ᠠ ᠵᠡᠷᠭᠡ ᠶᠢ ᠴᠦ ᠦᠨᠳᠦᠰᠦᠨ ᠳᠡᠭᠡᠨ ᠲᠣᠭᠲᠠᠭᠠᠵᠤ᠂ ᠣᠳᠣ ᠶᠠᠭ ᠮᠥᠩᠭᠦ ᠪᠠᠨ ᠴᠤᠭᠯᠠᠭᠤᠯᠬᠤ ᠬᠤᠭᠤᠴᠠᠭᠠᠨ ᠳᠤ ᠪᠠᠶᠢᠨ᠎ᠠ᠃ ᠵᠢᠱᠢᠯᠲᠡ ᠪᠠᠷ 9 ᠰᠠᠷ᠎ᠠ ᠶᠢᠨ ᠡᠴᠦᠰ ᠠᠴᠠ ᠡᠮᠦᠨ᠎ᠡ ᠪᠠᠶᠢᠭᠤᠯᠤᠨ ᠳᠠᠭᠤᠰᠴᠤ᠂ 10 ᠰᠠᠷ᠎ᠠ ᠶᠢᠨ ᠡᠴᠦᠰ ᠠᠴᠠ ᠡᠮᠦᠨ᠎ᠡ ᠦᠨᠡᠲᠦ ᠲᠡᠮᠳᠡᠭᠲᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠠᠮᠢᠶᠠᠷᠤᠭᠴᠢ ᠶᠢ ᠳᠠᠩᠰᠠᠯᠠᠬᠤ ᠪᠠ ᠰᠠᠭᠤᠷᠢ ᠮᠥᠩᠭᠦ ᠶᠢ ᠳᠠᠩᠰᠠᠯᠠᠭᠤᠯᠬᠤ ᠠᠵᠢᠯ ᠢ ᠳᠠᠭᠤᠰᠬᠠᠨ᠎ᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1