ᠦᠪᠦᠷ ᠮᠤᠩᠭᠤᠯ ᠤᠨ 12 ᠠᠶᠢᠮᠠᠬ ᠬᠤᠲᠠ ᠶᠢᠨ 600 ᠭᠠᠷᠤᠢ ᠬᠦᠳᠡᠭᠡ ᠲᠤᠰᠬᠤᠨ ᠤ ᠮᠤᠩᠭᠤᠯ ᠡᠮᠴᠢ | 6 ᠰᠠᠷ᠎ᠠ ᠶᠢᠨ 1 ᠠᠴᠠ 2 ᠤᠨ ᠡᠳᠦᠷ ᠬᠦᠷᠲᠡᠯ᠎ᠡ ᠬᠦᠬᠡᠬᠤᠲᠠ ᠳᠤ ᠰᠤᠷᠭᠠᠯᠲᠠ ᠳᠤ ᠤᠷᠤᠯᠴᠠᠪᠠ᠃ | ᠲᠤᠰ ᠤᠳᠠᠭ᠎ᠠ ᠶᠢᠨ ᠰᠤᠷᠭᠠᠯᠲᠠ ᠶᠢ ᠦᠪᠦᠷ ᠮᠤᠩᠭᠤᠯ ᠤᠨ ᠮᠤᠩᠭᠤᠯ ᠡᠮᠨᠡᠯᠭᠡ ᠶᠢᠨ ᠤᠬᠠᠭᠠᠨ ᠤ | ᠨᠡᠶᠢᠭᠡᠮᠯᠢᠭ ᠠᠴᠠ ᠰᠠᠨᠠᠭᠠᠴᠢᠯᠠᠨ᠂ ᠤᠯᠠᠨ ᠤᠯᠤᠰ ᠤᠨ ᠭᠤᠤᠯᠳᠠᠯᠭ᠎ᠠ ᠲᠠᠢ ᠰᠤᠳᠤᠯᠭᠠᠨ ᠤ ᠲᠦᠯᠦᠪᠯᠡᠭᠡ ᠪᠤᠯᠬᠤ ︽ | ᠦᠨᠳᠦᠰᠦᠲᠡᠨ ᠤ ᠡᠮ ᠢ ᠢᠯᠡᠷᠡᠭᠦᠯᠦᠨ ᠡᠮᠬᠢᠯᠡᠬᠦ ᠬᠢᠭᠡᠳ ᠡᠷᠳᠡᠮ ᠰᠢᠵᠢᠯᠡᠭᠡᠨ ᠤ ᠤᠯᠠᠮᠵᠢᠯᠠᠯ ᠤᠨ ᠰᠤᠳᠤᠯᠭᠠᠨ︾ ᠤ | ᠲᠦᠰᠦᠯ ᠤᠨ ᠭᠤᠷᠪᠠᠳᠤᠭᠠᠷ ᠰᠤᠳᠤᠯᠭᠠᠨ ᠤ ᠰᠡᠳᠦᠪ ᠤᠨ ᠪᠠᠬ ᠤᠨ ᠬᠢᠨ ᠵᠤᠬᠢᠶᠠᠨ ᠪᠠᠶᠢᠭᠤᠯᠵᠦ᠂ ᠬᠦᠳᠡᠭᠡ | ᠲᠤᠰᠬᠤᠨ ᠤ ᠮᠤᠩᠭᠤᠯ ᠡᠮᠴᠢ ᠶᠢᠨ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠤᠯᠤᠨ ᠮᠤᠩᠭᠤᠯ | ᠡᠮᠨᠡᠯᠭᠡ ᠶᠢᠨ ᠦᠢᠯᠡᠰ ᠤᠨ ᠬᠦᠭᠵᠢᠯᠲᠡ ᠳᠠᠬᠢ ᠦᠢᠯᠡᠳᠦᠯ ᠢ ᠪᠠᠳᠠᠷᠠᠭᠤᠯᠤᠨ᠂ ᠬᠦᠳᠡᠭᠡ ᠲᠤᠰᠬᠤᠨ ᠤ ᠮᠤᠩᠭᠤᠯ | ᠡᠮᠴᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠴᠢᠩᠭᠠᠳᠬᠠᠵᠦ᠂ ᠬᠦᠳᠡᠭᠡ | ᠲᠤᠰᠬᠤᠨ ᠤ ᠮᠤᠩᠭᠤᠯ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ | ᠮᠤᠩᠭᠤᠯ ᠡᠮ ᠡᠮᠨᠡᠯᠭᠡ ᠶᠢᠨ ᠠᠵᠢᠯᠲᠠᠳ ᠢ ᠬᠠᠪᠰᠤᠷᠤᠨ ᠮᠤᠩᠭᠤᠯ ᠡᠮ ᠤᠨ ᠤᠨᠴᠠᠯᠢᠬ ᠬᠢᠭᠡᠳ ᠳᠠᠪᠠᠭᠤᠯᠢᠬ ᠢ ᠨᠡᠩ | ᠰᠠᠶᠢᠨ ᠪᠠᠳᠠᠷᠠᠭᠤᠯᠬᠤ ᠪᠠᠷ ᠵᠤᠷᠢᠯᠲᠠ ᠪᠠᠨ ᠪᠤᠯᠭᠠᠵᠠᠢ᠃ |