ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠠᠮ ᠬᠠᠷᠢᠯᠴᠠᠭᠠᠨ ᠤ ᠲᠤᠪᠴᠢᠶ᠎ᠠ᠄ ᠰᠢᠯᠭᠠᠭᠤᠯᠤᠭᠰᠠᠨᠳ ᠤᠨ ᠵᠠᠮ ᠬᠠᠷᠢᠯᠴᠠᠭᠠᠨ ᠤ ᠠᠶᠤᠯᠬᠦᠢ ᠶᠢ ᠪᠦᠬᠦ ᠲᠠᠯ᠎ᠠ ᠪᠠᠷ ᠪᠠᠳᠤᠯᠠᠨ᠎ᠠ
ᠨᠡᠶᠢᠲᠡᠯᠡᠭᠰᠡᠨ ᠴᠠᠭ᠄
2019-06-05
     ᠰᠢᠨᠬᠤᠸᠠ ᠬᠤᠷᠢᠶ᠎ᠠ ᠪᠡᠭᠡᠵᠢᠩ ᠤᠨ 6 ᠰᠠᠷ ᠶᠢᠨ 3 ᠤ ᠡᠳᠤᠷ ᠤᠨ ᠴᠠᠬᠢᠯᠭᠠᠨ ᠮᠡᠳᠡᠭᠡ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠮ ᠬᠠᠷᠢᠯᠴᠠᠭᠠᠨ ᠤ ᠲᠤᠪᠴᠢᠶ᠎ᠠ ᠸᠢᠳᠢᠣ᠋ ᠤᠳᠤᠷᠢᠳᠤᠨ ᠲᠤᠬᠢᠷᠠᠭᠤᠯᠬᠤ ᠬᠤᠷᠠᠯ ᠬᠤᠷᠠᠯᠳᠤᠭᠤᠯᠵᠤ᠂ ᠡᠯ᠎ᠡ ᠭᠠᠵᠠᠷ ᠤᠨ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠶᠡᠭᠡ ᠲᠡᠭᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠳᠤ ᠤᠷᠤᠯᠴᠠᠭᠰᠠᠳ ᠤᠨ ᠵᠠᠮ ᠬᠠᠷᠢᠯᠴᠠᠭᠠᠨ ᠤ ᠠᠶᠤᠯᠬᠦᠢ ᠶᠢᠨ ᠠᠵᠢᠯ ᠤᠨ ᠴᠢᠬᠤᠯᠠ ᠴᠢᠨᠠᠷ ᠢ ᠪᠦᠬᠦ ᠲᠠᠯ᠎ᠠ ᠪᠠᠷ ᠲᠠᠨᠢᠵᠤ᠂ ᠰᠢᠯᠭᠠᠯᠳᠠ ᠶᠢᠨ ᠬᠤᠭᠤᠴᠠᠭᠠᠨ ᠳᠤ ᠵᠠᠮ ᠬᠠᠷᠢᠯᠴᠠᠭᠠᠨ ᠤ ᠬᠠᠮᠢᠶᠠᠷᠤᠯᠳᠠ ᠪᠤᠯᠤᠨ ᠦᠢᠯᠡᠴᠢᠯᠡᠬᠡᠨ ᠤ ᠠᠵᠢᠯ ᠢ ᠰᠠᠶᠢᠳᠤᠷ ᠬᠢᠬᠦ ᠬᠡᠷᠡᠭᠲᠡᠢ ᠬᠡᠵᠤ ᠵᠢᠭᠠᠵᠤ ᠭᠠᠷᠭᠠᠪᠠ᠃      ᠬᠤᠷᠠᠯ ᠳᠤ᠂ ᠡᠯ᠎ᠡ ᠭᠠᠵᠠᠷ ᠤᠨ ᠵᠠᠮ ᠬᠠᠷᠢᠯᠴᠠᠭᠠᠨ ᠤ ᠰᠠᠯᠠᠭ᠎ᠠ ᠮᠦᠴᠢᠷ ᠤᠨ ᠬᠢᠨ ᠵᠠᠮ ᠬᠠᠷᠢᠯᠴᠠᠭᠠᠨ ᠤ ᠲᠦᠭᠵᠢᠷᠡᠯ᠂ ᠵᠠᠮ ᠬᠠᠷᠢᠯᠴᠠᠭᠠᠨ ᠤ ᠤᠰᠤᠯ ᠵᠢᠴᠢ ᠪᠡᠶ᠎ᠡ ᠶᠢᠨ ᠦᠨᠡᠮᠯᠡᠬᠦ᠂ ᠰᠢᠯᠭᠠᠭᠤᠯᠬᠤ ᠦᠨᠡᠮᠯᠡᠬᠦ ᠪᠠᠨ ᠮᠠᠷᠳᠠᠭᠰᠠᠳ ᠲᠤ ᠶᠠᠭᠠᠷᠠᠯᠲᠠᠢ ᠲᠤᠰᠠᠯᠠᠮᠵᠢ ᠬᠠᠩᠬᠠᠨ᠎ᠠ᠃ ᠰᠢᠯᠭᠠᠯᠳᠠ ᠶᠢᠨ ᠬᠤᠭᠤᠴᠠᠭᠠᠨ ᠳᠤ ᠵᠠᠮ ᠬᠠᠷᠢᠯᠴᠠᠭᠠᠨ ᠤ ᠤᠳᠤᠷᠢᠳᠤᠮᠵᠢ ᠶᠢᠨ ᠦᠢᠯᠡᠴᠢᠯᠡᠭᠡ ᠪᠠᠨ ᠴᠢᠩᠬᠠᠳᠬᠠᠵᠤ᠂ ᠵᠠᠮ ᠬᠠᠷᠢᠯᠴᠠᠭᠠᠨ ᠤ ᠪᠠᠶᠢᠳᠠᠯ ᠢ ᠨᠡᠶᠢᠬᠡᠮ ᠳᠤ ᠤᠷᠢᠳᠴᠢᠯᠠᠨ ᠨᠡᠶᠢᠳᠡᠯᠡᠵᠤ᠂ ᠰᠢᠯᠭᠠᠯᠳᠠ ᠶᠢᠨ ᠴᠢᠭ ᠤᠨ ᠤᠶᠢᠷ᠎ᠠ ᠬᠠᠪᠢ ᠳᠤ ᠲᠦᠷ ᠴᠠᠭ ᠤᠨ ᠵᠠᠮ ᠬᠠᠷᠢᠯᠴᠭᠠᠨᠠ ᠤ ᠬᠠᠮᠢᠶᠠᠷᠤᠯᠳᠠ ᠶᠢᠨ ᠲᠦᠷᠢᠮ ᠤᠨ ᠠᠷᠭ᠎ᠠ ᠬᠡᠮᠵᠢᠶ᠎ᠡ ᠠᠪᠴᠤ᠂ ᠢᠷᠭᠡᠳ ᠲᠤ ᠵᠦᠢ ᠵᠤᠬᠢᠰ ᠲᠠᠢ ᠵᠤᠷᠴᠢᠬᠤ ᠵᠠᠮ ᠱᠤᠭᠤᠮ ᠤᠨ ᠵᠢᠯᠤᠭᠤᠳᠤᠮᠵᠢ ᠦᠭᠴᠦ᠂ ᠰᠢᠯᠭᠠᠯᠠᠳᠠ ᠶᠢᠨ ᠴᠢᠭ ᠤᠨ ᠬᠠᠪᠢ ᠶᠢᠨ ᠵᠠᠮ ᠬᠠᠷᠢᠯᠴᠠᠭᠠᠨ ᠤ ᠲᠠᠷᠤᠭᠠᠰᠤ ᠶᠢ ᠬᠦᠩᠬᠡᠷᠡᠬᠦᠯᠬᠦ ᠬᠡᠷᠡᠭᠲᠡᠢ ᠴᠢᠬᠤᠯᠠᠴᠢᠯᠠᠪᠠ᠃
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1