ᠰᠤᠷᠪᠤᠯᠵᠢᠯᠠᠬᠴᠢ ᠶᠢᠨ ᠤᠶᠢᠯᠠᠭᠠᠬᠰᠠᠨ ᠢᠶᠠᠷ᠂ 6 ᠰᠠᠷ᠎ᠠ ᠶᠢᠨ 2 ᠤᠨ ᠡᠳᠦᠷ ᠤᠨ ᠤᠷᠤᠢ ᠠᠷᠪᠠᠨ | ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠬ ᠤᠨ ᠨᠠᠶᠢᠷ ᠤᠨ ᠬᠠᠭᠠᠯᠲᠠ ᠶᠢᠨ ᠶᠤᠰᠤᠯᠠᠯ ᠠᠴᠠ | ᠪᠠᠶᠠᠷ ᠤᠨ ᠴᠢᠮᠡᠭᠡ ᠳᠤᠭᠤᠯᠳᠤᠵᠦ᠂ ᠦᠪᠦᠷ ᠮᠤᠩᠭᠤᠯ ᠤᠨ ᠤᠷᠠᠯᠢᠬ ᠤᠨ ᠳᠡᠭᠡᠳᠤ ᠰᠤᠷᠭᠠᠭᠤᠯᠢ ᠶᠢᠨ | ᠤᠯᠠᠭᠠᠨᠮᠦ᠋ᠴᠢᠷ ᠤᠨ ᠪᠦᠵᠢᠭ ᠤᠨ ᠪᠠᠬ ᠤᠨ ᠦᠪᠡᠷ ᠢᠶᠠᠨ ᠪᠦᠲᠦᠭᠡᠭᠰᠡᠨ ᠪᠦᠵᠢᠭᠲᠦ ᠵᠦᠴᠦᠭᠡ ︽ᠲᠠᠯ᠎ᠠ ᠨᠤᠲᠤᠬ ᠤᠨ | ᠪᠢᠴᠢᠬᠠᠨ ᠪᠠᠭᠠᠲᠤᠷ ᠡᠭᠡᠴᠢ ᠦᠬᠢᠨ ᠲᠡᠭᠦᠦ︾ ᠨᠢ ᠠᠷᠪᠠᠨ ᠵᠢᠷᠭᠤᠳᠤᠭᠠᠷ ᠬᠤᠭᠤᠴᠠᠭᠠᠨ ᠤ ᠸᠤᠨ ᠬᠤᠸᠠ | ᠱᠠᠩᠨᠠᠯ ᠤᠨ ᠡᠵᠡᠨ ᠢᠶᠠᠷ ᠲᠤᠳᠤᠷᠠᠵᠦ᠂ ᠦᠪᠦᠷ ᠮᠤᠩᠭᠤᠯ ᠳᠤ ᠸᠤᠨ ᠬᠤᠸᠠ ᠱᠠᠩᠨᠠᠯ ᠪᠠᠶᠢᠭ᠎ᠠ ᠦᠭᠡᠢ ᠲᠡᠦᠬᠡ ᠶᠢ | ᠡᠴᠦᠰᠯᠡᠭᠦᠯᠵᠡᠢ᠃ | ᠸᠤᠨ ᠬᠤᠸᠠ ᠱᠠᠩᠨᠠᠯ ᠨᠢ ᠳᠤᠮᠳᠠᠳᠤ ᠤᠯᠤᠰ ᠤᠨ ᠵᠠᠰᠠᠬ ᠤᠨ ᠤᠷᠳᠤᠨ ᠤ ᠰᠤᠶᠤᠯ ᠤᠷᠠᠯᠢᠬ ᠤᠨ | ᠬᠠᠮᠤᠬ ᠤᠨ ᠳᠡᠭᠡᠳᠤ ᠱᠠᠩᠨᠠᠯ ᠪᠠᠶᠢᠵᠦ᠂ 1991 ᠤᠨ ᠳᠤ ᠤᠯᠤᠰ ᠤᠨ ᠰᠤᠶᠤᠯ ᠵᠢᠭᠤᠯᠴᠢᠯᠠᠯ ᠤᠨ ᠶᠠᠮᠤᠨ ᠠᠴᠠ | ᠪᠠᠶᠢᠭᠤᠯᠤᠨ ᠭᠤᠷᠪᠠᠨ ᠵᠢᠯ ᠳᠤ ᠨᠢᠭᠡ ᠤᠳᠠᠭ᠎ᠠ ᠦᠨᠡᠯᠡᠨ ᠱᠠᠩᠨᠠᠳᠠᠬ᠃ ᠪᠦᠵᠢᠭᠲᠦ ᠵᠦᠴᠦᠭᠡ ︽ᠲᠠᠯ᠎ᠠ | ᠨᠤᠲᠤᠬ ᠤᠨ ᠪᠢᠴᠢᠬᠠᠨ ᠪᠠᠭᠠᠲᠤᠷ ᠡᠭᠡᠴᠢ ᠦᠬᠢᠨ ᠲᠡᠭᠦᠦ︾ ᠶᠢ ᠦᠪᠡᠷᠲᠡᠭᠡᠨ ᠵᠠᠰᠬᠠᠤ ᠤᠷᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠦᠪᠡᠷᠲᠡᠭᠡᠨ ᠵᠠᠰᠬᠠᠤ ᠤᠷᠤᠨ ᠤ ᠰᠤᠶᠤᠯ ᠵᠢᠭᠤᠯᠴᠢᠯᠠᠯ ᠤᠨ ᠲᠢᠩᠬᠢᠮ᠂ | ᠳᠡᠭᠡᠳᠤ ᠰᠤᠷᠭᠠᠭᠤᠯᠢ ᠶᠢᠨ ᠠᠵᠢᠯᠲᠠᠳ ᠤᠨ ᠵᠦᠪᠯᠡᠯ᠂ ᠰᠤᠷᠭᠠᠨ ᠬᠦᠮᠦᠵᠢᠯ ᠤᠨ ᠲᠢᠩᠬᠢᠮ ᠪᠤᠯᠤᠨ ᠦᠪᠦᠷ | ᠮᠤᠩᠭᠤᠯ ᠤᠨ ᠤᠷᠠᠯᠢᠬ ᠤᠨ ᠳᠡᠭᠡᠳᠤ ᠰᠤᠷᠭᠠᠭᠤᠯᠢ ᠠᠴᠠ ᠬᠠᠮᠲᠤᠷᠠᠨ ᠪᠦᠲᠦᠭᠡᠵᠦ᠂ ᠴᠤᠷ ᠤᠨ ᠭᠠᠭᠴᠠ ᠦᠪᠦᠷ | ᠮᠤᠩᠭᠤᠯ ᠢ ᠲᠦᠯᠦᠭᠡᠯᠡᠨ ᠤᠷᠤᠯᠴᠠᠬᠰᠠᠨ ᠪᠦᠲᠦᠭᠡᠯ ᠪᠤᠯᠵᠦ᠂ ᠪᠤᠰᠤᠳ ᠮᠤᠵᠢ ᠬᠤᠲᠠ ᠨᠤᠭᠤᠳ ᠤᠨ | ᠳᠡᠪᠰᠢᠭᠦᠯᠦᠭᠰᠡᠨ 37 ᠪᠦᠲᠦᠭᠡᠯ ᠤᠨ ᠳᠤᠮᠳᠠ ᠠᠴᠠ ᠴᠤᠯᠭᠤᠷᠠᠨ ᠦᠯᠡᠳᠡᠵᠦ᠂ ᠪᠤᠰᠤᠳ 9 ᠰᠢᠯᠢᠳᠡᠭ | ᠪᠦᠲᠦᠭᠡᠯ ᠤᠨ ᠬᠠᠮᠲᠤ ᠸᠤᠨ ᠬᠤᠸᠠ ᠱᠠᠩᠨᠠᠯ ᠭᠠᠷᠳᠠᠬᠰᠠᠨ ᠪᠠᠶᠢᠨ᠎ᠠ᠃ |