ᠪᠦ᠋ ᠰᠢᠶᠣᠤ ᠯᠢᠨ ᠮᠠᠨᠵᠤᠤᠷ ᠪᠣᠭᠤᠮᠲᠠ ᠶᠢᠨ ᠬᠡᠰᠡᠭ ᠨᠢᠭᠡᠴᠡ ᠪᠣᠯᠤᠨ ᠠᠵᠤ ᠠᠬᠤᠶᠢᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠦᠨ᠎ᠡ ᠥᠰᠬᠡᠬᠦ ᠠᠰᠠᠭᠤᠳᠠᠯ ᠳᠤ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2019-07-10
     7 ᠰᠠᠷ᠎ᠠ ᠶᠢᠨ 5 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠬᠢᠨᠠᠨ ᠪᠠᠶᠢᠴᠠᠭᠠᠯᠲᠠ︾ ᠶᠢᠨ ᠢᠯᠡᠴᠢᠯᠡᠬᠦ ᠲᠠᠪᠴᠠᠩ ᠵᠠᠷᠯᠠᠯ ᠨᠡᠶᠢᠲᠡᠯᠡᠵᠦ᠂ ᠮᠠᠨᠵᠤᠤᠷ ᠪᠣᠭᠤᠮᠲᠠ ᠶᠢᠨ ᠬᠡᠰᠡᠭ ᠨᠢᠭᠡᠴᠡ ᠪᠠ ᠠᠵᠤ ᠠᠬᠤᠶᠢᠯᠠᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠦᠨ᠎ᠡ ᠶᠢ ᠳᠤᠷ᠎ᠠ ᠪᠠᠷ ᠢᠶᠠᠨ ᠥᠰᠬᠡᠵᠦ᠂ ᠭᠠᠶᠢᠯᠢ ᠶᠢ ᠬᠥᠩᠭᠡᠯᠡᠬᠦ ᠰᠦᠢᠳᠭᠡᠯ ᠢ ᠪᠠᠭᠠᠰᠬᠠᠬᠤ ᠦᠷ᠎ᠡ ᠪᠦᠲᠦᠮᠵᠢ ᠶᠢ ᠪᠠᠯᠠᠯᠠᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠪᠠ᠃ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠡᠭᠦᠨ ᠳᠤ ᠴᠣᠬᠤᠯᠠᠪᠤᠷᠢ ᠥᠭᠴᠡᠶ᠃      ᠪᠦ᠋ ᠰᠢᠶᠣᠤ ᠯᠢᠨ ᠴᠣᠬᠤᠯᠠᠪᠤᠷᠢ ᠳᠠᠭᠠᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠣᠭᠤᠮᠲᠠ ᠶᠢᠨ ᠠᠯᠪᠠᠨ ᠭᠡᠷ ᠪᠣᠯᠤᠨ ᠮᠠᠨᠵᠤᠤᠷ ᠬᠤᠲᠠ ᠶᠢᠨ ᠵᠠᠰᠠᠭ ᠤᠨ ᠣᠷᠳᠣᠨ ᠳᠠᠷᠤᠶᠢᠬᠠᠨ ᠴᠡᠭᠴᠡᠯᠡᠨ ᠵᠠᠰᠠᠬᠤ ᠪᠠ ᠵᠠᠯᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠪᠦ᠋ ᠰᠢᠶᠣᠤ ᠯᠢᠨ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠠᠰᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠠᠬᠢᠨ ᠳᠠᠬᠢᠨ ᠵᠠᠷᠯᠢᠭ ᠪᠠᠭᠤᠯᠭᠠᠵᠤ ᠪᠠᠶᠢᠬᠤ ᠳᠤ ᠪᠠᠰᠠ ᠯᠠ ᠡᠶᠢᠮᠦ ᠲᠣᠪᠣᠶᠢᠮ᠎ᠠ ᠠᠰᠠᠭᠤᠳᠠᠯ ᠭᠠᠷᠴᠤ ᠪᠠᠶᠢᠨ᠎ᠠ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠣᠭᠤᠮᠲᠠ ᠶᠢᠨ ᠠᠯᠪᠠᠨ ᠭᠡᠷ ᠪᠣᠯᠤᠨ ᠡᠯ᠎ᠡ ᠠᠶᠢᠮᠠᠭ ᠬᠤᠲᠠ ᠨᠤᠭᠤᠳ ᠤᠯᠤᠰ ᠲᠥᠷᠥ ᠶᠢᠨ ᠬᠢᠷᠢ ᠳᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠦᠨ᠎ᠡ ᠥᠰᠬᠡᠬᠦ ᠵᠡᠷᠭᠡ ᠡᠯ᠎ᠡ ᠵᠦᠢᠯ ᠤᠨ ᠠᠰᠠᠭᠤᠳᠠᠯ ᠢ ᠪᠦᠬᠦ ᠲᠠᠯ᠎ᠠ ᠪᠠᠷ ᠵᠢᠬᠰᠠᠭᠠᠨ ᠪᠠᠶᠢᠴᠠᠭᠠᠵᠤ᠂ ᠢᠯᠭᠠᠷᠠᠭᠤᠯᠬᠤ ᠪᠠ ᠴᠡᠭᠴᠡᠯᠡᠨ ᠵᠠᠰᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠬᠤ ᠬᠡᠷᠡᠭᠲᠡᠶ᠃ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠬᠤᠷᠢᠭᠯᠠᠵᠤ ᠪᠠᠶᠢᠲᠠᠯ᠎ᠠ ᠵᠣᠭᠰᠣᠬᠤ ᠦᠭᠡᠢ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠵᠡᠵᠦ ᠪᠠᠶᠢᠭᠠᠳ ᠬᠠᠶᠢᠬᠤᠷᠬᠤ ᠦᠭᠡᠢ᠂ ᠪᠠᠶᠢᠴᠠᠭᠠᠭᠠᠳ ᠰᠢᠢᠳᠪᠦᠷᠢᠯᠡᠬᠦ ᠦᠭᠡᠢ᠂ ᠬᠢᠨᠠᠯᠲᠠ ᠬᠠᠮᠢᠶᠠᠷᠤᠯᠲᠠ ᠳᠤᠲᠠᠭᠳᠠᠵᠤ ᠠᠵᠢᠯ ᠬᠢᠬᠦ ᠦᠭᠡᠢ᠂ ᠤᠳᠠᠭᠠᠰᠢᠷᠠᠭᠤᠯᠤᠨ ᠬᠢᠬᠦ ᠦᠭᠡᠢ ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠬᠡᠵᠡᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1