ᠦᠪᠦᠷ ᠮᠣᠩᠭᠤᠯ ᠤᠨ 6 ᠬᠤᠲᠠ ᠵᠤᠰᠠᠯᠠᠩ ᠤᠨ ᠠᠶᠠᠯᠠᠯ ᠵᠢᠭᠤᠯᠴᠢᠯᠠᠯ ᠤᠨ ᠬᠤᠲᠠ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2019-07-11
     ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠴᠠᠭ ᠠᠭᠤᠷ ᠤᠨ ᠲᠣᠪᠴᠢᠶᠠᠨ ᠠᠴᠠ ᠤᠶᠢᠯᠠᠭᠠᠭᠰᠠᠨ ᠢᠶᠠᠷ᠂ ᠣᠶᠢᠷ᠎ᠠ ᠳᠤ 2019 ᠣᠨ ᠤ ᠳᠤᠮᠳᠠᠳᠤ ᠤᠯᠤᠰ ︵ᠴᠠᠩᠴᠦ᠋ᠨ︶ ᠤᠨ ᠵᠤᠰᠠᠯᠠᠩ ᠤᠨ ᠠᠶᠠᠯᠠᠯ ᠵᠢᠭᠤᠯᠴᠢᠯᠡᠯ ᠤᠨ ᠠᠵᠤ ᠦᠢᠯᠡᠰ ᠤᠨ ᠬᠤᠷᠠᠯ ᠭᠢᠷᠢᠨ ᠮᠤᠵᠢ ᠶᠢᠨ ᠴᠠᠩᠴᠦ᠋ᠨ ᠬᠤᠲᠠ ᠳᠤ ᠵᠤᠬᠢᠶᠠᠨ ᠪᠠᠶᠢᠭᠤᠯᠤᠭᠳᠠᠪᠠ᠃ ᠲᠤᠰ ᠤᠳᠠᠭᠠᠨ ᠤ ᠬᠤᠷᠠᠯ ᠨᠢ ︽ᠵᠤᠰᠠᠯᠠᠩ ᠤᠨ ᠠᠶᠠᠯᠠᠯ ᠵᠢᠭᠤᠯᠴᠢᠯᠡᠯ᠄ ᠰᠣᠶᠣᠯ ᠢᠷᠭᠡᠨᠰᠢᠯ ᠰᠡᠯᠡᠭᠦᠴᠡᠯ ᠪᠠ ᠬᠤᠳᠠ ᠶᠢᠨ ᠰᠥᠨᠢ ᠶᠢᠨ ᠵᠤᠭᠠᠴᠠᠯ︾ ᠬᠡᠮᠡᠬᠦ ᠰᠡᠳᠦᠪ ᠤᠨ ᠲᠣᠭᠤᠷᠢᠨ ᠳᠤ ᠤᠯᠤᠰ ᠲᠠᠶᠠᠭᠠᠷ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠲᠤᠰᠬᠠᠢ ᠡᠷᠳᠡᠮᠳᠡᠨ ᠮᠡᠷᠭᠡᠵᠢᠯᠲᠡᠨ ᠵᠤᠰᠠᠯᠠᠩ ᠤᠨ ᠠᠶᠠᠯᠠᠯ ᠵᠢᠭᠤᠯᠴᠢᠯᠡᠯ ᠤᠨ ᠠᠵᠤ ᠦᠢᠯᠡᠰ ᠤᠨ ᠬᠦᠭᠵᠢᠯᠳᠡ ᠶᠢᠨ ᠲᠤᠬᠠᠢ ᠰᠤᠳᠤᠯᠤᠨ ᠶᠠᠷᠢᠯᠴᠠᠵᠡᠢ᠃      ᠬᠤᠷᠠᠯ ᠲᠡᠭᠡᠷ᠎ᠡ᠂ ᠦᠪᠦᠷ ᠮᠣᠩᠭᠤᠯ ᠤᠨ ᠷᠠᠰᠢᠶᠠᠨ ᠬᠤᠲᠠ 2019 ᠣᠨ ᠤ ︽ᠵᠤᠰᠠᠯᠠᠩ ᠤᠨ ᠠᠶᠠᠯᠠᠯ ᠵᠢᠭᠤᠯᠴᠢᠯᠠᠯ ᠤᠨ ᠠᠷᠪᠠᠨ ᠰᠤᠳᠤᠨ ᠬᠤᠲᠠ︾᠂ ᠤᠯᠠᠭᠠᠨᠴᠠᠪ ᠬᠤᠲᠠ ︽ᠵᠤᠰᠠᠯᠠᠩ ᠤᠨ ᠠᠶᠠᠯᠠᠯ ᠵᠢᠭᠤᠯᠴᠢᠯᠠᠯ ᠤᠨ ᠠᠷᠪᠠᠨ ᠬᠦᠴᠦᠷᠬᠡᠭ ᠬᠤᠲᠠ︾᠂ ᠬᠥᠬᠡᠬᠤᠲᠠ ᠪᠤᠯᠤᠨ ᠬᠥᠯᠥᠨ ᠪᠤᠶᠢᠷ ᠬᠤᠲᠠ᠂ ᠣᠷᠳᠣᠰ ᠬᠤᠲᠠ᠂ ᠶᠠᠭᠰᠢ ᠬᠤᠲᠠ ︽ᠵᠤᠰᠠᠯᠠᠩ ᠤᠨ ᠠᠶᠠᠯᠠᠯ ᠵᠢᠭᠤᠯᠴᠢᠯᠠᠯ ᠤᠨ ᠵᠠᠭᠪᠤᠷ ᠬᠤᠲᠠ︾ ᠪᠠᠷ ᠦᠨᠡᠯᠡᠭᠳᠡᠭᠰᠡᠨ ᠢ ᠨᠡᠶᠢᠳᠡᠯᠡᠪᠡ᠃      ᠡᠭᠦᠨ ᠠᠴᠠ ᠭᠠᠳᠠᠨ᠎ᠠ᠂ 6 - 8 ᠳ᠋ᠤᠭᠠᠷ ᠰᠠᠷ᠎ᠠ ᠳᠤ ᠦᠪᠦᠷ ᠮᠣᠩᠭᠤᠯ ᠤᠨ ᠣᠷᠳᠣᠰ᠂ ᠬᠥᠬᠡᠬᠤᠲᠠ᠂ ᠬᠥᠯᠥᠨ ᠪᠤᠶᠢᠷ᠂ ᠤᠯᠠᠭᠠᠨᠴᠠᠪ᠂ ᠪᠠᠶᠠᠨ ᠤᠪᠤᠭ᠎ᠠ ᠠᠭᠤᠷᠬᠠᠢ ᠶᠢᠨ ᠣᠷᠣᠨ᠂ ᠶᠠᠭᠰᠢ᠂ ᠰᠢᠯᠢᠩᠬᠤᠲᠠ᠂ ᠷᠠᠰᠢᠶᠠᠨ ᠬᠤᠲᠠ ᠵᠡᠷᠬᠡ ᠨᠢ ᠵᠤᠰᠠᠯᠠᠩ ᠤᠨ ᠠᠶᠠᠯᠠᠯ ᠵᠢᠭᠤᠯᠴᠢᠯᠡᠯ ᠤᠨ ᠬᠤᠲᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1