ᠰᠢ ᠶᠢᠨ ᠫᠢᠩ ᠦᠪᠦᠷ ᠮᠣᠩᠭᠤᠯ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-07-16
     ᠰᠢ ᠶᠢᠨ ᠫᠢᠩ ᠶᠡᠷᠦᠩᠬᠡᠢ ᠱᠦᠵᠢ 15 ᠤ ᠡᠳᠤᠷ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠳᠤ ᠪᠠᠶᠢᠴᠠᠭᠠᠨ ᠰᠤᠳᠤᠯᠪᠠ᠃ ᠲᠡᠷᠡᠪᠡᠷ ᠤᠷᠢᠳᠠᠪᠡᠷ ᠤᠯᠠᠭᠠᠨᠬᠠᠳᠠ ᠬᠤᠳᠠ ᠶᠢᠨ ᠰᠦᠩ ᠱᠠᠨ ᠲᠤᠭᠤᠷᠢᠭ ᠤᠨ ᠬᠢᠩᠭᠠᠨ ᠵᠡᠬᠡᠯᠢ ᠶᠢᠨ ᠯᠢᠨ ᠬᠤᠸᠠᠩ ᠬᠡᠷ ᠬᠤᠷᠢᠶᠠᠯᠠᠯ ᠤᠨ ᠨᠡᠶᠢᠬᠡᠮ ᠲᠤᠭᠤᠷᠢᠭ ᠲᠤ ᠬᠦᠷᠴᠦ᠂ ᠨᠡᠶᠢᠬᠡᠮ ᠲᠤᠭᠤᠷᠢᠭ ᠤᠨ ᠦᠨᠳᠤᠰᠦᠨ ᠱᠠᠳᠤᠨ ᠤ ᠨᠠᠮ ᠤᠨ ᠪᠠᠶᠢᠭᠤᠯᠤᠯᠳᠠ᠂ ᠦᠨᠳᠤᠰᠦᠳᠡᠨ ᠤ ᠪᠦᠯᠬᠦᠮᠳᠡᠯ ᠵᠡᠷᠬᠡ ᠲᠠᠯ᠎ᠠ ᠶᠢᠨ ᠪᠠᠶᠢᠳᠠᠯ ᠢ ᠤᠶᠢᠯᠠᠭᠠᠪᠠ᠃ ᠲᠠᠷᠠᠭ᠎ᠠ ᠨᠢ ᠲᠡᠷᠡᠪᠡᠷ ᠤᠯᠠᠭᠠᠨᠬᠠᠳᠠ ᠬᠤᠳᠠ ᠶᠢᠨ ᠮᠦᠽᠧᠢ ᠳᠤ ᠬᠦᠷᠴᠦ᠂ ᠲᠤᠬᠠᠢ ᠶᠢᠨ ᠭᠠᠵᠠᠷ ᠤᠨ ᠲᠡᠦᠬᠡ ᠰᠤᠶᠤᠯ ᠤᠨ ᠤᠯᠠᠷᠢᠯᠳᠠ ᠬᠤᠪᠢᠰᠤᠯᠳᠠ ᠶᠢ ᠤᠶᠢᠯᠠᠭᠠᠬᠤ ᠶᠢᠨ ᠬᠠᠮᠳᠤ ᠡᠷᠳᠡᠨ ᠤ ᠰᠣᠩᠭᠤᠳᠠᠭ ᠦᠨᠳᠤᠰᠦᠳᠡᠨ ᠤ ᠲᠤᠤᠯᠢ ︽ᠬᠡᠰᠡᠷ︾ ᠤᠨ ᠪᠡᠶᠡᠳᠤ ᠪᠤᠰᠤ ᠰᠤᠶᠤᠯ ᠤᠨ ᠦᠪ ᠤᠨ ᠦᠪᠯᠡᠭᠴᠢ ᠲᠠᠢ ᠲᠤᠳᠤᠨᠤ ᠶᠠᠷᠢᠯᠴᠠᠪᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1