ᠲᠦᠪ ᠤᠨ ᠪᠠᠶᠢᠭᠤᠯᠭ᠎ᠠ ᠶᠢᠨ ᠠᠵᠢᠯᠲᠠᠳ ᠭᠠᠳᠠᠬᠰᠢ ᠭᠠᠷᠬᠤ ᠳᠠᠭᠠᠨ ᠬᠤᠭᠤᠯᠠᠨ ᠵᠠᠷᠤᠳᠠᠯ ᠢᠶᠠᠨ ᠦᠪᠡᠷ ᠢᠶᠠᠨ ᠭᠠᠷᠭᠠᠬᠤ ᠬᠡᠷᠡᠭᠲᠡᠢ
ᠨᠡᠶᠢᠲᠡᠯᠡᠭᠰᠡᠨ ᠴᠠᠭ᠄
2019-07-23
     ᠡᠳ᠋ ᠤᠨ ᠵᠠᠰᠠᠬ ᠤᠨ ᠶᠠᠮᠤᠨ ᠵᠡᠷᠭᠡ ᠪᠠᠶᠢᠭᠤᠯᠭ᠎ᠠ ᠨᠤᠭᠤᠳ ᠤᠶᠢᠷ᠎ᠠ ᠳᠤ ︽ᠭᠠᠳᠠᠬᠰᠢ ᠭᠠᠷᠬᠤ ᠬᠤᠭᠤᠯᠠᠨ ᠵᠠᠷᠤᠳᠠᠯ ᠪᠤᠯᠤᠨ ᠬᠤᠲᠠ ᠶᠢᠨ ᠲᠤᠳᠤᠷᠠᠬᠢ ᠵᠠᠮ ᠬᠠᠷᠢᠯᠴᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠤᠬᠠᠢ ᠬᠤᠯᠪᠤᠬᠳᠠᠬᠤ ᠵᠦᠢᠯ ᠤᠨ ᠮᠡᠳᠡᠭᠳᠡᠯ︾ ᠲᠠᠷᠬᠠᠭᠠᠪᠠ᠃      ᠮᠡᠳᠡᠭᠳᠡᠯ ᠳᠤ᠄ ᠲᠦᠪ ᠤᠨ ᠪᠠᠶᠢᠭᠤᠯᠭ᠎ᠠ ᠶᠢᠨ ᠠᠵᠢᠯᠲᠠᠳ ᠠᠵᠢᠯ ᠢᠶᠠᠷ ᠭᠠᠳᠠᠬᠰᠢ ᠭᠠᠷᠬᠤ ᠬᠤᠭᠤᠴᠠᠭᠠᠨ ᠳᠤ ᠲᠤᠬᠲᠠᠭᠠᠯ ᠶᠤᠰᠤᠭᠠᠷ ᠬᠤᠭᠤᠯᠠᠨ ᠤ ᠨᠦᠬᠦᠪᠦᠷᠢ ᠮᠦᠩᠭᠦ ᠠᠪᠤᠨ᠎ᠠ᠃ ᠠᠵᠢᠯ ᠤᠨ ᠱᠠᠭᠠᠷᠳᠠᠯᠭ᠎ᠠ ᠠᠴᠠ ᠪᠤᠯᠵᠦ ᠬᠦᠯᠢᠶᠡᠨ ᠠᠪᠤᠬᠰᠠᠨ ᠪᠠᠶᠢᠭᠤᠯᠭ᠎ᠠ ᠲᠤᠬᠲᠠᠭᠠᠯ ᠶᠤᠰᠤᠭᠠᠷ ᠨᠢᠭᠡ ᠤᠳᠠᠭᠠᠨ ᠤ ᠠᠵᠢᠯ ᠤᠨ ᠬᠤᠭᠤᠯᠠ ᠲᠤᠬᠢᠷᠠᠭᠤᠯᠵᠦ ᠪᠤᠯᠬᠤ ᠠᠴᠠ ᠭᠠᠳᠠᠨ᠎ᠠ ᠪᠤᠰᠤᠳ ᠬᠤᠭᠤᠯᠠᠨ ᠵᠠᠷᠤᠳᠠᠯ ᠢ ᠦᠪᠡᠷ ᠢᠶᠠᠨ ᠭᠠᠷᠭᠠᠬᠤ ᠬᠡᠷᠡᠭᠲᠡᠢ᠃ ᠬᠡᠷᠪᠡ ᠬᠦᠯᠢᠶᠡᠨ ᠠᠪᠤᠬᠰᠠᠨ ᠪᠠᠶᠢᠭᠤᠯᠭ᠎ᠠ ᠬᠤᠭᠤᠯᠠᠨ ᠳᠤ ᠤᠷᠤᠬᠤ ᠠᠰᠠᠭᠤᠳᠠᠯ ᠢ ᠬᠠᠪᠰᠤᠷᠤᠨ ᠲᠤᠬᠢᠷᠠᠭᠤᠯᠬᠤ ᠳᠤ ᠬᠦᠷᠪᠡᠯ ᠬᠤᠭᠤᠯᠠᠨ ᠵᠠᠷᠤᠳᠠᠯ ᠤᠨ ᠪᠠᠷᠢᠮᠵᠢᠶ᠎ᠠ ᠪᠠᠨ ᠤᠷᠢᠳᠠᠪᠡᠷ ᠮᠡᠳᠡᠭᠳᠡᠵᠦ᠂ ᠬᠤᠭᠤᠯᠠ ᠬᠠᠩᠭᠠᠬᠤ ᠲᠠᠯ᠎ᠠ ᠶᠢᠨ ᠬᠢᠨ ᠳᠤ ᠬᠤᠭᠤᠯᠠᠨ ᠵᠠᠷᠤᠳᠠᠯ ᠢᠶᠠᠨ ᠲᠤᠰᠢᠶᠠᠬᠤ ᠬᠡᠷᠡᠭᠲᠡᠢ᠃ ᠬᠤᠲᠠ ᠶᠢᠨ ᠲᠤᠳᠤᠷ᠎ᠠ ᠠᠵᠢᠯ ᠢᠶᠠᠷ ᠭᠠᠷᠬᠤ ᠬᠤᠭᠤᠴᠠᠭᠠᠨ ᠳᠤ ᠲᠤᠬᠲᠠᠭᠠᠯ ᠶᠤᠰᠤᠭᠠᠷ ᠵᠠᠮ ᠬᠠᠷᠢᠯᠴᠠᠭᠠᠨ ᠤ ᠨᠦᠬᠦᠪᠦᠷᠢ ᠮᠦᠩᠬᠦ ᠠᠪᠤᠨ᠎ᠠ᠃ ᠬᠡᠷᠪᠡ ᠬᠦᠯᠢᠶᠡᠨ ᠠᠪᠬᠤ ᠪᠠᠶᠢᠭᠤᠯᠭ᠎ᠠ ᠵᠠᠮ ᠬᠠᠷᠢᠯᠴᠠᠭᠠᠨ ᠤ ᠪᠠᠭᠠᠵᠢ ᠬᠠᠩᠭᠠᠬᠤ ᠪᠠ ᠵᠠᠷᠤᠳᠠᠯ ᠤᠨ ᠪᠠᠷᠢᠮᠵᠢᠶ᠎ᠠ ᠲᠠᠢ ᠪᠠᠶᠢᠬᠤ ᠳᠤ ᠬᠦᠷᠪᠡᠯ ᠪᠠᠷᠢᠮᠵᠢᠶ᠎ᠠ ᠶᠤᠰᠤᠭᠠᠷ ᠵᠠᠷᠤᠳᠠᠯ ᠮᠦᠩᠭᠦ ᠲᠤᠰᠢᠶᠠᠵᠦ᠂ ᠬᠠᠮᠤᠬ ᠤᠨ ᠤᠯᠠᠨ ᠳᠠᠭᠠᠨ ᠬᠤᠲᠠ ᠶᠢᠨ ᠲᠤᠳᠤᠷᠠᠬᠢ ᠵᠠᠮ ᠬᠠᠷᠢᠯᠴᠠᠭᠠᠨ ᠤ ᠨᠦᠬᠦᠪᠦᠷᠢ ᠶᠢᠨ ᠨᠢᠭᠡ ᠡᠳᠦᠷ ᠤᠨ ᠪᠠᠷᠢᠮᠵᠢᠶᠠᠨ ᠠᠴᠠ ᠬᠡᠲᠦᠷᠡᠵᠦ ᠪᠤᠯᠬᠤ ᠦᠭᠡᠢ︔ ᠬᠡᠷᠪᠡ ᠲᠦᠯᠦᠪᠦᠷᠢ ᠶᠢᠨ ᠪᠠᠷᠢᠮᠵᠢᠶ᠎ᠠ ᠦᠭᠡᠢ ᠪᠠᠶᠢᠪᠠᠯ ᠬᠦᠮᠦᠨ ᠪᠦᠷᠢ ᠬᠠᠭᠠᠰ ᠡᠳᠦᠷ ᠲᠤ ᠬᠤᠲᠠ ᠶᠢᠨ ᠲᠤᠳᠤᠷᠠᠬᠢ ᠵᠠᠮ ᠬᠠᠷᠢᠯᠴᠠᠭᠠᠨ ᠤ ᠨᠦᠬᠦᠪᠦᠷᠢ ᠶᠢᠨ ᠪᠠᠷᠢᠮᠵᠢᠶᠠᠨ ᠤ 50 ᠬᠤᠪᠢ ᠶᠢ ᠲᠤᠰᠢᠶᠠᠨ᠎ᠠ᠃ ᠲᠤᠰ ᠮᠡᠳᠡᠭᠳᠡᠯ ᠢ 2019 ᠤᠨ ᠤ 8 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1