ᠪᠣᠳᠠᠯᠠ ᠣᠷᠳᠣᠨ ᠳᠤ ᠤᠷᠤᠬᠤ ᠳᠤ ᠤᠷᠢᠳᠴᠢᠯᠠᠨ ᠪᠣᠯᠵᠣᠬᠤ ᠬᠡᠷᠡᠭᠲᠡᠶ ᠪᠤᠯᠤᠨ᠎ᠠ
ᠨᠡᠶᠢᠲᠡᠯᠡᠭᠰᠡᠨ ᠴᠠᠭ᠄
2019-07-23
     ᠰᠢᠨᠬᠤᠸᠠ ᠬᠤᠷᠢᠶ᠎ᠠ ᡀᠠᠰᠠ ᠶᠢᠨ 7 ᠰᠠᠷ᠎ᠠ ᠶᠢᠨ 21 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠦᠨ ᠯᠠ︶ ᠰᠤᠷᠪᠤᠯᠵᠢᠯᠠᠭᠴᠢ ᠪᠣᠳᠠᠯᠠ ᠣᠷᠳᠣᠨ ᠤ ᠬᠠᠮᠢᠶᠠᠷᠤᠯᠲᠠ ᠶᠢᠨ ᠭᠠᠵᠠᠷ ᠠᠴᠠ ᠣᠢᠯᠭᠠᠭᠰᠠᠨ ᠢᠶᠠᠷ᠂ 7 ᠰᠠᠷ᠎ᠠ ᠶᠢᠨ 21 ᠤ ᠡᠳᠦᠷ ᠠᠴᠠ ᠡᠬᠢᠯᠡᠨ ᠳᠡᠯᠡᠬᠡᠶ ᠶᠢᠨ ᠰᠣᠶᠣᠯ ᠤᠨ ᠥᠪ ᠢ ᠬᠠᠮᠠᠭᠠᠯᠠᠬᠤ ᠭᠠᠵᠠᠷ ᠠᠴᠠ ᠪᠣᠳᠠᠯᠠ ᠣᠷᠳᠣᠨ ᠳᠤ ᠵᠤᠷᠴᠢᠬᠤ ᠵᠢᠭᠤᠯᠴᠢᠨ ᠤ ᠳᠤᠭ᠎ᠠ ᠶᠢ ᠬᠢᠵᠠᠭᠠᠷᠯᠠᠬᠤ ᠪᠠᠷ ᠪᠤᠯᠵᠤ᠂ ᠵᠢᠭᠤᠯᠴᠢᠳ ᠨᠢᠭᠡ ᠡᠳᠦᠷ ᠤᠨ ᠡᠮᠦᠨ᠎ᠡ ᠤᠷᠢᠳᠴᠢᠯᠠᠨ ᠪᠣᠯᠵᠣᠬᠤ ᠬᠡᠷᠡᠭ ᠲᠠᠢ ᠪᠣᠯᠪᠠ᠃      ᠪᠣᠳᠠᠯᠠ ᠣᠷᠳᠣᠨ ᠤ ᠬᠠᠮᠢᠶᠠᠷᠤᠯᠲᠠ ᠶᠢᠨ ᠭᠠᠵᠠᠷ ᠤᠨ ᠤᠨᠴᠠᠯᠠᠭᠰᠠᠨ ᠢᠶᠠᠷ᠂ ᠣᠢᠷ᠎ᠠ ᠶᠢᠨ ᠬᠤᠭᠤᠴᠠᠭᠠᠨ ᠳᠤ ᠲᠣᠭᠤᠷᠢᠨ ᠦᠵᠡᠬᠦ ᠪᠠᠷ ᠲᠥᠯᠥᠪᠯᠡᠵᠦ ᠪᠠᠢᠭ᠎ᠠ ᠵᠢᠭᠤᠯᠴᠢᠳ ᠪᠣᠳᠠᠯᠠ ᠣᠷᠳᠣᠨ ᠤ ᠠᠯᠪᠠᠨ ᠨᠧᠲ ᠢᠶᠠᠷ ᠪᠤᠯᠵᠤᠬᠤ ᠪᠣᠶᠤ ᠲᠤᠬᠠᠶ ᠶᠢᠨ ᠲᠠᠯᠠᠪᠤᠷ ᠲᠤ ᠨᠢ ᠪᠣᠯᠵᠤᠬᠤ ᠬᠤᠶᠠᠷ ᠵᠦᠢᠯ ᠤᠨ ᠠᠷᠭ᠎ᠠ ᠪᠠᠷ ᠤᠷᠢᠳᠴᠢᠯᠠᠨ ᠪᠣᠯᠵᠣᠵᠤ ᠲᠣᠭᠤᠷᠢᠨ ᠦᠵᠡᠵᠦ ᠪᠣᠯᠤᠨ᠎ᠠ᠃ ᠲᠤᠬᠠᠶ ᠶᠢᠨ ᠲᠠᠯᠠᠪᠤᠷ ᠲᠤ ᠤᠷᠢᠳᠴᠢᠯᠠᠨ ᠪᠣᠯᠵᠣᠬᠤ ᠦᠶ᠎ᠡ ᠳᠤ ᠵᠢᠭᠤᠯᠴᠢᠳ ᠪᠡᠶ᠎ᠡ ᠶᠢᠨ ᠦᠨᠡᠮᠯᠡᠯ ᠢᠶᠠᠨ ᠠᠪᠴᠤ ᠤᠴᠢᠬᠤ ᠬᠡᠷᠡᠭᠲᠡᠶ᠂ ᠬᠥᠮᠥᠨ ᠪᠦᠷᠢ ᠬᠠᠮᠤᠭ ᠣᠯᠠᠨ ᠳᠠᠭᠠᠨ 4 ᠬᠥᠮᠥᠨ ᠤ ᠬᠢ ᠶᠢ ᠬᠠᠮᠲᠤ ᠳᠤᠨᠢ ᠤᠷᠢᠳᠴᠢᠯᠠᠨ ᠪᠣᠯᠵᠣᠵᠤ ᠪᠣᠯᠤᠨ᠎ᠠ᠃ ᠠᠵᠢᠯ ᠤᠨ ᠭᠠᠵᠠᠷ ᠨᠢ ᠦᠷᠯᠦᠬᠡ ᠶᠢᠨ 8 ᠴᠠᠭ ᠠᠴᠠ ᠨᠡᠬᠡᠬᠡᠵᠤ᠂ ᠪᠣᠯᠵᠣᠭᠠᠨ ᠤ ᠳᠠᠰᠤᠯᠪᠤᠷᠢ ᠲᠠᠷᠬᠠᠭᠠᠵᠤ ᠳᠠᠭᠤᠰᠲᠠᠯ᠎ᠠ ᠠᠵᠢᠯᠯᠠᠨ᠎ᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1