ᠤᠯᠤᠰ ᠤᠨ ᠤᠢ ᠰᠢᠭᠤᠢ ᠨᠤᠳᠤᠭ ᠪᠡᠯᠴᠢᠬᠡᠷ ᠤᠨ ᠲᠤᠪᠴᠢᠶ᠎ᠠ 2025 ᠤᠨ ᠪᠤᠯᠬᠤ ᠳᠤ ᠪᠦᠬᠦ ᠤᠯᠤᠰ ᠤᠨ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠶᠢ 57% ᠠᠴᠠ ᠲᠡᠭᠡᠭᠰᠢ ᠳᠤ ᠬᠦᠷᠭᠡᠬᠦ ᠪᠠᠷ ᠴᠢᠷᠮᠡᠶᠢᠨ᠎ᠡ
ᠨᠡᠶᠢᠲᠡᠯᠡᠭᠰᠡᠨ ᠴᠠᠭ᠄
2019-07-29
     ᠰᠢᠨᠬᠤᠸᠠ ᠬᠤᠷᠢᠶᠡᠨ ᠤ ᠬᠦᠬᠡᠬᠤᠳᠠ ᠶᠢᠨ 7 ᠰᠠᠷ᠎ᠠ ᠶᠢᠨ 25 ᠤ ᠴᠠᠬᠢᠯᠭᠠᠨ ᠮᠡᠳᠡᠭᠡ ᠠᠴᠠ ︵ᠰᠤᠷᠪᠤᠯᠵᠢᠯᠠᠬᠴᠢ ᠳ᠋ᠦᠩ ᠵᠢᠶᠦ᠋ᠨ ᠰᠦᠨ ᠰᠢᠶᠠᠨ ᠹᠦ᠋︶ ᠤᠯᠤᠰ ᠤᠨ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶᠠᠨ ᠤ ᠲᠠᠷᠤᠭ᠎ᠠ ᠵᠠᠩ ᠵᠢᠶᠠᠨ ᠯᠥᠩ 25 ᠤ ᠡᠳᠤᠷ᠂ 2025 ᠤᠨ ᠪᠤᠯᠬᠤ ᠳᠤ ᠪᠦᠬᠦ ᠤᠯᠤᠰ ᠤᠨ ᠨᠤᠳᠤᠭ ᠪᠡᠯᠴᠢᠬᠡᠷ ᠮᠠᠭᠤᠳᠠᠬᠤ ᠬᠠᠨᠳᠤᠰᠢ ᠶᠢ ᠶᠡᠷᠤᠩᠬᠡᠢ ᠳᠤᠨᠢ ᠬᠤᠷᠢᠬᠯᠠᠵᠥ᠂ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠶᠢ 57% ᠠᠴᠠ ᠲᠡᠭᠡᠭᠰᠢ ᠳᠤ ᠬᠦᠷᠬᠡᠵᠥ᠂ ᠨᠤᠳᠤᠭ ᠪᠡᠯᠴᠢᠬᠡᠷ ᠤᠨ ᠠᠮᠢ ᠠᠬᠤᠢ ᠶᠢ ᠦᠷᠬᠦᠯᠵᠢᠯᠡᠨ ᠰᠠᠶᠢᠵᠢᠷᠠᠭᠤᠯᠵᠥ᠂ ᠨᠤᠳᠤᠭ ᠪᠡᠯᠴᠢᠬᠡᠷ ᠤᠨ ᠶᠠᠰᠤ ᠴᠢᠨᠠᠷ ᠢ ᠲᠤᠭᠳᠠᠭᠤᠨ ᠢᠶᠠᠷ ᠲᠡᠭᠡᠭᠰᠢᠯᠡᠬᠦᠯᠬᠦ ᠪᠠᠷ ᠴᠢᠷᠮᠡᠶᠢᠨ᠎ᠡ ᠬᠡᠵᠥ ᠲᠤᠷᠠᠳᠪᠠ᠃      ᠡᠬᠦᠨ ᠢ ᠵᠠᠩ ᠵᠢᠶᠠᠨ ᠯᠥᠩ ᠲᠤᠰ ᠡᠳᠤᠷ ᠦᠪᠤᠷ ᠮᠤᠩᠭᠤᠯ ᠤᠨ ᠬᠦᠬᠡᠬᠤᠳᠠ ᠳᠤ ᠬᠤᠷᠡᠯᠳᠤᠭᠰᠠᠠ ᠪᠦᠬᠦ ᠤᠯᠤᠰ ᠤᠨ ᠨᠤᠳᠤᠭ ᠪᠡᠯᠴᠢᠬᠡᠷ ᠤᠨ ᠠᠵᠢᠯ ᠤᠨ ᠬᠤᠷᠡᠯ ᠲᠡᠭᠡᠷ᠎ᠡ ᠬᠡᠯᠡᠵᠡᠢ᠃ ᠲᠡᠷᠡ ᠪᠠᠰᠠ᠂ 2025 ᠤᠨ ᠪᠤᠯᠬᠤ ᠳᠤ ᠪᠦᠬᠦ ᠤᠯᠤᠰ ᠤᠨ ᠲᠠᠴᠢᠷᠳᠠᠮᠠᠯ ᠨᠤᠳᠤᠭ ᠪᠡᠯᠴᠢᠬᠡᠷ ᠢ ᠦᠨᠳᠦᠰᠦᠳᠡᠨ ᠳᠡᠭᠡᠨ ᠵᠠᠰᠠᠵᠥ᠂ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠶᠢ 60% ᠠᠴᠠ ᠲᠡᠭᠡᠭᠰᠢ ᠳᠤ ᠲᠤᠭᠳᠠᠭᠤᠨ ᠪᠠᠶᠢᠯᠭᠠᠵᠥ᠂ ᠨᠤᠳᠤᠭ ᠪᠡᠯᠴᠢᠬᠡᠷ ᠤᠨ ᠠᠮᠢ ᠠᠬᠤᠢ ᠶᠢᠨ ᠴᠢᠳᠡᠪᠬᠢ ᠪᠤᠯᠤᠨ ᠦᠢᠯᠡᠳᠪᠤᠷᠢᠯᠡᠯ ᠤᠨ ᠴᠢᠳᠡᠪᠬᠢ ᠶᠢ ᠢᠯᠡᠳᠳᠡ ᠲᠡᠭᠡᠭᠰᠢᠯᠡᠬᠦᠯᠥᠨ᠎ᠡ ᠬᠡᠵᠥ ᠲᠤᠷᠠᠳᠪᠠ᠃ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠨᠤᠲᠤᠬ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠤᠲᠤᠬ ᠪᠡᠯᠴᠢᠭᠡᠷ ᠤᠨ ᠠᠵᠢᠯ ᠦᠢᠯᠡᠰ ᠰᠢᠨ᠎ᠡ ᠠᠮᠵᠢᠯᠲᠠ ᠤᠯᠵᠠᠢ᠃ 2018 ᠤᠨ ᠤ ᠪᠦᠬᠦ ᠤᠯᠤᠰ ᠤᠨ ᠨᠤᠲᠤᠬ ᠪᠡᠯᠴᠢᠭᠡᠷ ᠤᠨ ᠤᠷᠭᠤᠮᠠᠯ ᠤᠨ ᠪᠦᠷᠬᠦᠴᠡ 55.7% ᠳᠤ ᠬᠦᠷᠴᠤ᠂ 2011 ᠤᠨ ᠬᠢ ᠠᠴᠠ ᠵᠠᠭᠤᠨ ᠤ ᠬᠠᠷᠢᠴᠠᠯ ᠢᠶᠠᠷ 6.7 ᠬᠤᠪᠢ ᠨᠡᠮᠡᠭᠳᠡᠵᠦ᠂ ᠪᠠᠶᠢᠭᠠᠯᠢᠯᠢᠬ ᠨᠤᠲᠤᠬ ᠪᠡᠯᠴᠢᠭᠡᠷ ᠤᠨ ᠰᠤᠷᠭᠤᠬ ᠡᠪᠡᠰᠦ ᠶᠢᠨ ᠶᠡᠷᠦᠩᠬᠡᠢ ᠤᠨᠠᠯᠲᠠ 11 ᠳ᠋ᠦᠩᠰᠢᠭᠤᠷ ᠲᠤᠨ ᠳᠤ ᠬᠦᠷᠴᠤ᠂ 8 ᠵᠢᠯ ᠲᠠᠷᠠᠭᠠᠯᠠᠨ 10 ᠳ᠋ᠦᠩᠰᠢᠭᠤᠷ ᠲᠤᠨ ᠠᠴᠠ ᠳᠡᠭᠡᠭᠰᠢ ᠪᠠᠶᠢᠬᠤ ᠶᠢ ᠪᠠᠲᠤᠯᠠᠪᠠ᠃ ᠨᠤᠲᠤᠬ ᠪᠡᠯᠴᠢᠭᠡᠷ ᠢ ᠳᠠᠭᠠᠭᠠᠴᠢᠯᠠᠨ ᠡᠵᠡᠩᠨᠡᠭᠰᠡᠨ ᠲᠠᠯᠠᠪᠠᠢ 43 ᠳ᠋ᠦᠩᠰᠢᠭᠤᠷ ᠮᠤ᠋ ᠳᠤ ᠬᠦᠷᠴᠤ᠂ ᠨᠤᠲᠤᠬ ᠪᠡᠯᠴᠢᠭᠡᠷ ᠤᠨ ᠶᠡᠷᠦᠩᠬᠡᠢ ᠲᠠᠯᠠᠪᠠᠢ ᠶᠢᠨ 73% ᠶᠢ ᠡᠵᠡᠯᠡᠪᠡ᠃      ᠵᠠᠩ ᠵᠢᠶᠠᠨ ᠯᠦᠩ᠂ ᠰᠢᠨ᠎ᠡ ᠬᠤᠭᠤᠴᠠᠭᠠᠨ ᠤ ᠨᠤᠲᠤᠬ ᠪᠡᠯᠴᠢᠭᠡᠷ ᠤᠨ ᠠᠵᠢᠯ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠶᠡᠷᠦᠩᠬᠡᠶᠢᠯᠡᠨ ᠵᠠᠰᠠᠬᠤ᠂ ᠰᠢᠨᠵᠢᠯᠡᠬᠦ ᠤᠬᠠᠭᠠᠨᠴᠢ ᠪᠠᠷ ᠠᠰᠢᠬᠯᠠᠬᠤ ᠶᠢ ᠪᠠᠷᠢᠮᠲᠠᠯᠠᠵᠤ᠂ ᠬᠦᠭᠵᠢᠯᠲᠡ ᠶᠢᠨ ᠰᠡᠳᠬᠢᠴᠡ ᠪᠠᠨ ᠰᠢᠨᠡᠴᠢᠯᠡᠵᠥ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠲᠤᠯᠭᠠᠭᠤᠷᠢᠯᠠᠨ ᠪᠠᠲᠤᠯᠠᠬᠤ ᠴᠢᠳᠠᠪᠤᠷᠢ ᠪᠠᠨ ᠲᠡᠭᠡᠭᠰᠢᠯᠡᠬᠦᠯᠵᠥ᠂ ᠨᠤᠲᠤᠬ ᠪᠡᠯᠴᠢᠭᠡᠷ ᠢ ᠬᠠᠮᠠᠭᠠᠯᠠᠨ ᠰᠡᠷᠭᠦᠭᠡᠬᠦ ᠶᠢ ᠦᠨᠡᠨ ᠬᠦ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠮᠴᠢᠯᠡᠯ ᠤᠨ ᠡᠷᠬᠡ ᠲᠤᠳᠤᠷᠬᠠᠢ᠂ ᠤᠯᠠᠨ ᠲᠠᠯ᠎ᠠ ᠤᠷᠤᠯᠴᠠᠭᠰᠠᠨ᠂ ᠤᠷᠮᠠᠰᠢᠭᠤᠯᠵᠤ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠭᠰᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ︔ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠡᠷᠡᠭᠯᠡᠭᠡᠨ ᠤ ᠬᠢᠵᠠᠭᠠᠷᠯᠠᠯ ᠪᠠ ᠨᠤᠲᠤᠭ ᠪᠡᠯᠴᠢᠭᠡᠷ ᠢ ᠲᠡᠲᠡᠪᠤᠷᠢᠯᠠᠨ ᠬᠡᠷᠡᠭᠯᠡᠬᠦ ᠬᠢᠨᠠᠨ ᠵᠦᠪᠰᠢᠶᠡᠷᠡᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠡᠯᠪᠡᠷᠢ ᠶᠢᠨ ᠤᠯᠤᠰ ᠤᠨ ᠴᠡᠴᠡᠷᠯᠢᠭ ᠢ ᠪᠠᠶᠢᠭᠤᠯᠬᠤ ᠶᠢ ᠠᠬᠢᠭᠤᠯᠵᠤ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠬᠡᠷᠡᠭᠵᠢᠭᠦᠯᠵᠦ᠂ ᠲᠠᠴᠢᠷᠳᠠᠮᠠᠯ ᠨᠤᠲᠤᠭ ᠪᠡᠯᠴᠢᠭᠡᠷ ᠲᠤ ᠬᠦᠮᠦᠨ ᠤ ᠬᠦᠴᠦ ᠪᠠᠷ ᠡᠪᠡᠰᠦ ᠲᠠᠷᠢᠬᠤ ᠲᠤᠷᠰᠢᠯᠲᠡ ᠶᠢ ᠡᠬᠢᠯᠡᠨ ᠬᠡᠷᠡᠭᠵᠢᠭᠦᠯᠵᠦ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠠᠵᠢᠯ ᠢ ᠲᠠᠰᠤᠷᠠᠯᠲᠠ ᠦᠭᠡᠢ ᠠᠬᠢᠭᠤᠯᠤᠨ᠎ᠠ ᠬᠡᠵᠥ ᠬᠡᠯᠡᠪᠡ᠃      ᠡᠭᠦᠨ ᠤ ᠬᠠᠮᠲᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠬᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠵᠡᠮᠵᠢ ᠶᠢᠨ ᠡᠬᠢ ᠪᠠᠶᠠᠯᠢᠭ ᠪᠤᠯᠤᠨ ᠰᠤᠶᠤᠯ ᠤᠨ ᠴᠢᠳᠠᠪᠬᠢ ᠶᠢ ᠠᠭᠤᠳᠠᠯᠯᠠᠵᠤ᠂ ᠨᠢᠭᠡ ᠪᠦᠯᠦᠭ ᠤᠬᠢ ᠰᠢᠯᠢᠳᠡᠭ ᠲᠠᠯ᠎ᠠ ᠨᠤᠲᠤᠭ ᠤᠨ ᠵᠢᠭᠤᠯᠴᠢᠯᠠᠯ ᠤᠨ ᠵᠠᠮ ᠱᠤᠭᠤᠮ ᠢ ᠭᠠᠷᠭᠠᠨ᠎ᠠ︔ ᠨᠤᠲᠤᠭ ᠪᠡᠯᠴᠢᠭᠡᠷ ᠤᠨ ᠠᠮᠢ ᠠᠬᠤᠢ ᠪᠠᠷ ᠶᠠᠳᠠᠭᠤ ᠶᠢ ᠳᠡᠳᠭᠦᠬᠦ ᠠᠵᠢᠯ ᠢ ᠰᠠᠶᠢᠲᠤᠷ ᠠᠳᠬᠤᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠦᠭᠴᠦ ᠶᠠᠳᠠᠭᠤ ᠠᠴᠠ ᠠᠩᠭᠢᠵᠢᠷᠠᠭᠤᠯᠬᠤ ᠠᠵᠢᠯ ᠢ ᠠᠬᠢᠭᠤᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠢᠳᠡᠪᠬᠢᠲᠡᠢ ᠤᠷᠤᠯᠴᠠᠬᠤ ᠶᠢ ᠬᠦᠲᠦᠯᠦᠨ ᠳᠡᠮᠵᠢᠵᠦ᠂ ᠨᠤᠲᠤᠭ ᠪᠡᠯᠴᠢᠭᠡᠷ ᠢ ᠬᠠᠮᠠᠭᠠᠯᠠᠵᠤ ᠬᠠᠮᠢᠶᠠᠷᠬᠤ ᠪᠠᠷ ᠳᠠᠮᠵᠢᠭᠤᠯᠤᠨ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠤᠨ᠎ᠡ︔ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠮᠠᠨ ᠤ ᠤᠯᠤᠰ ᠤᠨ ᠨᠤᠲᠤᠭ ᠪᠡᠯᠴᠢᠭᠡᠷ ᠤᠨ ᠲᠠᠯᠠᠪᠠᠢ᠂ ᠲᠦᠷᠦᠯ ᠬᠡᠯᠪᠡᠷᠢ᠂ ᠠᠮᠢ ᠠᠬᠤᠢ ᠶᠢᠨ ᠪᠠᠶᠢᠳᠠᠯ ᠵᠡᠷᠭᠡ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠤᠢᠢᠯᠠᠭᠠᠨ᠎ᠠ︔ ᠨᠤᠲᠤᠭ ᠪᠡᠯᠴᠢᠭᠡᠷ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠣᠯᠭᠤᠬᠤ ᠤᠷᠲᠤ ᠬᠤᠭᠤᠴᠠᠭᠠᠨ ᠤ ᠪᠦᠲᠦᠮᠵᠢᠲᠡᠢ ᠲᠤᠭᠲᠠᠴᠠ ᠶᠢ ᠪᠠᠶᠢᠭᠤᠯᠤᠨ᠎ᠠ ᠭᠡᠵᠠᠢ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1