ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢᠨ ᠲᠦᠯᠦᠭᠡ
ᠨᠡᠶᠢᠲᠡᠯᠡᠭᠰᠡᠨ ᠴᠠᠭ᠄
2019-07-31
     ᠭᠦᠰᠡᠯ ᠵᠡᠭᠦᠳᠤ ᠲᠠᠢ ᠪᠤᠯ ᠬᠠᠷᠠᠯᠳᠠ ᠵᠤᠷᠢᠯᠳᠠ ᠲᠠᠢ᠂ ᠠᠵᠢᠯᠴᠢ ᠭᠦᠳᠡᠯᠮᠤᠷᠢ ᠪᠠᠷ ᠢᠶᠠᠨ ᠠᠮᠢᠳᠤᠷᠠᠯ ᠤᠨ ᠰᠠᠶᠢᠨ ᠰᠠᠶᠢᠬᠠᠨ ᠢ ᠤᠯᠵᠤ ᠪᠤᠯᠳᠠᠭ᠃ ᠬᠤᠳᠠ ᠤᠷᠤᠭᠰᠠᠨ ᠮᠠᠯᠴᠢᠨ ᠴᠡᠩᠭᠡᠯᠳᠤ ᠡᠨᠡ ᠭᠦ ᠤᠴᠢᠷ ᠶᠤᠰᠤ ᠶᠢ ᠤᠬᠠᠵᠤ ᠴᠦᠬᠦᠷᠡᠯ ᠦᠬᠡᠢ ᠠᠵᠢᠯᠯᠠᠵᠤ ᠴᠢᠷᠮᠠᠶᠢᠭᠰᠠᠨ ᠢᠶᠠᠷ ᠤᠳᠤ ᠱᠠᠩᠳᠤ ᠪᠠᠯᠭᠠᠰᠤᠨ ᠳᠤ ᠨᠢᠭᠡᠨᠳᠡ ᠦᠪᠡᠷ ᠤᠨ ᠤᠷᠤᠨ ᠰᠠᠭᠤᠴᠠ ᠪᠠ ᠠᠵᠢᠯ ᠦᠢᠯᠡᠰ ᠲᠠᠢ ᠪᠤᠯᠵᠤ᠂ ᠨᠢᠭᠡ ᠭᠡᠷ ᠤᠨ ᠲᠦᠷᠪᠡᠭᠦᠯᠡ ᠪᠠᠨ ᠵᠤᠯ ᠵᠢᠷᠭᠠᠯ ᠲᠠᠢ ᠠᠮᠢᠳᠤᠷᠠᠵᠤ ᠪᠠᠶᠢᠨ᠎ᠡ᠃      ᠰᠤᠷᠪᠤᠯᠵᠢᠯᠠᠭᠴᠢ ᠱᠠᠩᠳᠤ ᠪᠠᠯᠭᠠᠰᠤ ᠶᠢᠨ ᠨᠢᠭᠡᠨ ᠰᠠᠭᠤᠭᠠᠯᠢ ᠠᠷᠠᠤᠨ ᠤᠨ ᠲᠤᠭᠤᠷᠢᠬ ᠢᠶᠠᠷ ᠬᠦᠷᠬᠦ ᠳᠤ᠂ ᠴᠡᠩᠭᠡᠯᠳᠤ ᠰᠢᠨ᠎ᠡ ᠤᠷᠤᠨ ᠰᠠᠭᠤᠴᠠ ᠶᠢᠨ ᠵᠠᠰᠠᠯ ᠴᠢᠮᠡᠭᠯᠡᠯ ᠤᠨ ᠠᠵᠢᠯ ᠢᠶᠠᠨ ᠬᠢᠭᠡᠤᠨ ᠲᠤᠩ ᠶᠠᠭᠠᠷᠠᠯᠳᠠᠢ ᠪᠠᠶᠢᠯ᠎ᠠ᠃ ᠤᠯᠠᠩᠬᠢ ᠭᠦᠮᠤᠰ ᠵᠢᠯ ᠤᠨ ᠠᠵᠢᠯ ᠢᠶᠠᠨ ᠡᠬᠢᠯᠡᠭᠡ ᠦᠭᠡᠢ ᠪᠠᠶᠢᠬᠤ ᠳᠤ ᠲᠠᠷᠡ ᠨᠢᠭᠡᠨᠳᠡ ᠠᠵᠢᠯ ᠤᠨ ᠶᠠᠭᠠᠷᠠᠯᠳᠠᠢ ᠦᠶ᠎ᠡ ᠳᠡᠭᠡᠨ ᠤᠷᠤᠵᠤ᠂ 4 ᠠᠶᠢᠯ ᠤᠨ ᠰᠢᠨ᠎ᠡ ᠤᠷᠤᠨ ᠰᠠᠭᠤᠴᠠ ᠶᠢᠨ ᠮᠤᠳᠤᠴᠢᠨ ᠤ ᠠᠵᠢᠯ ᠢ ᠬᠢᠬᠦ ᠪᠠᠷ ᠪᠤᠯᠤᠭᠰᠠᠨ ᠪᠦᠬᠡᠳ ᠲᠤᠭᠳᠠᠭᠰᠠᠨ ᠬᠤᠭᠤᠴᠠᠭᠠᠨ ᠳᠤ ᠠᠵᠢᠯ ᠢᠶᠠᠨ ᠴᠢᠨᠠᠷᠯᠢᠭ ᠪᠠᠶᠠᠯᠡᠭᠦᠯᠭᠦ ᠶᠢᠨ ᠲᠦᠯᠦᠭᠡ ᠨᠠᠶᠢᠵᠢ ᠲᠠᠢ ᠪᠠᠨ ᠬᠠᠮᠳᠤᠷᠠᠨ᠂ ᠦᠷᠯᠤᠭᠡ ᠦᠳᠡᠰᠢ ᠲᠠᠢ ᠤᠷᠤᠯᠳᠤᠨ ᠠᠵᠢᠯᠯᠠᠵᠤ ᠪᠠᠶᠢᠨ᠎ᠠ᠃      ᠴᠡᠩᠭᠡᠯᠳᠤ ᠠᠵᠢᠯ ᠳᠠᠭᠠᠨ ᠬᠢᠨᠠᠮᠠᠭᠠᠢ᠂ ᠦᠨᠡᠨᠴᠢ ᠰᠢᠳᠤᠷᠭᠤ᠂ ᠪᠤᠰᠤᠤᠨ ᠲᠤ ᠡᠶᠡᠯᠳᠡᠭ ᠪᠠᠶᠢᠳᠠᠭ᠃ 2004 ᠤᠨ ᠳᠤ᠂ ᠴᠡᠩᠭᠡᠯᠳᠤ ᠰᠢᠯᠤᠭᠤᠨ ᠭᠦᠭᠡ ᠬᠤᠰᠢᠭᠤᠨ ᠤ ᠤᠤᠯ ᠤᠨ ᠵᠦᠭᠡᠯᠡᠨ ᠭᠤᠤᠯ ᠰᠤᠮᠤᠨ ᠤ ᠠᠷᠤᠪᠤᠯᠠᠭ ᠭᠠᠴᠠᠭᠠᠨ ᠠᠴᠠ ᠱᠠᠩᠳᠤ ᠪᠠᠯᠭᠠᠰᠤᠨ ᠳᠤ ᠨᠡᠭᠦᠨ ᠢᠷᠡᠵᠤ᠂ ᠠᠵᠤ ᠠᠬᠤᠶᠢᠯᠠᠯ᠂ ᠬᠤᠪᠢ ᠭᠦᠮᠤᠨ ᠳᠤ ᠭᠦᠯᠤᠰᠤᠨ ᠠᠵᠢᠯ ᠬᠢᠵᠤ ᠠᠮᠢᠳᠤᠷᠠᠯ ᠢᠶᠠᠨ ᠠᠷᠭᠠᠴᠠᠭᠠᠵᠤ ᠪᠠᠶᠢᠵᠠᠢ᠃ ᠭᠡᠳᠡᠯ᠎ᠡ ᠭᠦᠯᠤᠰᠤᠨ ᠠᠵᠢᠯ ᠬᠢᠵᠤ ᠤᠯᠤᠭᠰᠠᠨ ᠮᠦᠩᠭᠦ ᠨᠢ ᠨᠢᠭᠡ ᠭᠡᠷ ᠤᠨ ᠲᠦᠷᠪᠡᠬᠦᠯᠡ ᠶᠢᠨ ᠢᠶᠠᠨ ᠠᠮᠢᠳᠤᠷᠠᠯ ᠢ ᠲᠡᠨᠢᠬᠦᠨ ᠲᠠᠪᠳᠠᠢ ᠠᠪᠴᠤ ᠶᠠᠪᠤᠬᠤ ᠳᠤ ᠬᠦᠴᠢᠷ ᠪᠠᠶᠢᠯ᠎ᠠ᠃ ᠢᠩᠬᠢᠭᠡᠤᠨ ᠲᠡᠷᠡ ᠦᠪᠡᠷ ᠲᠡᠭᠡᠨ ᠦᠢᠯᠡᠰ ᠪᠤᠰᠬᠠᠬᠤ ᠪᠠᠷ ᠵᠤᠷᠢᠭ ᠰᠢᠭᠤᠳᠴᠠᠢ᠃      ᠴᠡᠩᠭᠡᠯᠳᠤ ᠪᠠᠭ᠎ᠠ ᠠᠴᠠ ᠪᠠᠨ ᠠᠪᠤ ᠶᠢᠨ ᠢᠶᠠᠨ ᠡᠮᠡᠭᠡᠯ ᠬᠢᠭᠦ ᠶᠢ ᠬᠠᠷᠠᠵᠤ ᠪᠠᠶᠢᠭᠰᠠᠨ ᠠᠴᠠ ᠭᠦᠳᠡᠭᠡ ᠭᠡᠷ ᠤᠨ ᠢᠶᠠᠨ ᠠᠪᠳᠠᠷ᠎ᠠ ᠬᠤᠷᠭᠤ᠂ ᠰᠢᠷᠡᠭᠡ ᠰᠠᠨᠳᠠᠯᠢ ᠶᠢ ᠡᠪᠯᠢᠭ ᠭᠤᠶᠤ ᠬᠢᠴᠢᠭᠡᠳᠡᠭ ᠪᠠᠶᠢᠯ᠎ᠠ᠃ ᠲᠡᠷᠡ ᠡᠨᠡ ᠬᠦ ᠮᠡᠷᠬᠡᠵᠢᠯ ᠳᠡᠭᠡᠨ ᠲᠦᠰᠢᠭᠯᠡᠬᠦ ᠪᠠᠷ ᠪᠤᠯᠵᠤ᠂ ᠰᠢᠯᠢᠩᠬᠤᠳᠡ ᠳᠤ ᠬᠦᠷᠴᠦ ᠮᠤᠳᠤᠴᠢᠨ ᠠᠴᠠ ᠮᠤᠳᠤᠨ ᠤᠷᠠᠯᠠᠯ ᠤᠨ ᠮᠡᠷᠭᠡᠵᠢᠯ ᠰᠤᠷᠤᠭᠰᠠᠨ ᠪᠦᠬᠡᠳ ᠰᠡᠭᠦᠯᠡᠷ ᠨᠢ ᠦᠪᠡᠷ ᠲᠡᠭᠡᠨ ᠰᠤᠷᠬᠤ ᠭᠡᠯᠪᠡᠷᠢ ᠪᠠᠷ ᠮᠤᠳᠤᠴᠢᠨ ᠤ ᠮᠡᠷᠭᠡᠵᠢᠯ ᠤᠨ ᠲᠦᠪᠰᠢᠨ ᠢᠶᠠᠨ ᠲᠡᠭᠡᠭᠰᠢᠯᠡᠬᠦᠯᠪᠡ᠃ 2007 ᠤᠨ ᠠᠴᠠ ᠡᠬᠢᠯᠡᠨ ᠬᠤᠰᠢᠭᠤᠨ ᠲᠦᠪ ᠤᠨ ᠮᠤᠩᠭᠤᠯ ᠠᠶᠢᠯ ᠪᠠ ᠮᠠᠯᠵᠢᠬᠤ ᠤᠷᠤᠨ ᠤ ᠭᠦᠮᠤᠰ ᠤᠨ ᠤᠷᠤᠨ ᠰᠠᠭᠤᠴᠠ ᠶᠢᠨ ᠱᠠᠭᠠᠷᠳᠠᠯᠭ᠎ᠠ ᠳᠤ ᠵᠤᠬᠢᠴᠠᠭᠤᠯᠤᠨ ᠦᠪᠡᠷ ᠲᠡᠭᠡᠨ ᠵᠢᠷᠤᠭ ᠲᠦᠯᠦᠪᠯᠡᠭᠡ ᠬᠢᠵᠤ᠂ ᠮᠠᠲ᠋ᠧᠷᠢᠶᠠᠯ ᠢᠶᠠᠨ ᠰᠤᠩᠭᠤᠬᠤ ᠠᠴᠠ ᠠᠪᠤᠭᠠᠳ ᠵᠠᠰᠠᠯ ᠴᠢᠮᠡᠭᠯᠡᠯ ᠤᠨ ᠴᠢᠨᠠᠷ ᠴᠢᠨᠰᠠᠭ᠎ᠠ ᠬᠦᠷᠳᠡᠯ᠎ᠡ ᠢᠳᠡᠬᠡᠯ ᠬᠦᠨᠳᠦ ᠶᠢ ᠡᠷᠬᠢᠮᠯᠡᠵᠥ ᠢᠷᠡᠭᠰᠡᠨ ᠢᠶᠠᠷ᠂ ᠬᠦᠮᠥᠰ ᠲᠡᠭᠦᠨ ᠤ ᠵᠠᠰᠠᠨ ᠴᠢᠮᠡᠭᠯᠡᠵᠤ ᠭᠠᠷᠭᠠᠭᠰᠠᠨ ᠪᠦᠳᠤᠭᠡᠭᠳᠡᠭᠦᠨ ᠨᠢ ᠴᠢᠨᠠᠷ ᠴᠢᠨᠰᠠᠭ᠎ᠠ ᠪᠠᠷ ᠰᠠᠶᠢᠨ᠂ ᠭᠡᠯᠪᠡᠷᠢ ᠶᠠᠩᠵᠤ ᠨᠢ ᠭᠤᠶᠤ᠂ ᠤᠨᠴᠠᠯᠢᠭ ᠲᠠᠢ ᠪᠠᠶᠢᠬᠤ ᠶᠢ ᠤᠯᠵᠤ ᠬᠠᠷᠠᠯ᠎ᠡ᠃      ᠤᠳᠤ ᠪᠤᠯᠬᠤ ᠳᠤ ᠴᠡᠩᠭᠡᠯᠳᠤ ᠨᠢᠭᠡᠨᠳᠡ ᠠᠷᠪᠠ ᠭᠠᠷᠤᠢ ᠵᠢᠯ ᠤᠨ ᠮᠤᠳᠤᠴᠢᠨ ᠤ ᠲᠤᠷᠰᠢᠯᠭ᠎ᠠ ᠲᠠᠢ ᠪᠤᠯᠵᠤ᠂ ᠲᠡᠭᠦᠨ ᠢ ᠡᠷᠢᠵᠤ ᠭᠡᠷ ᠤᠷᠤᠨ ᠢᠶᠠᠨ ᠵᠠᠰᠠᠨ ᠴᠢᠮᠡᠭᠯᠡᠭᠦᠯᠭᠦ ᠭᠦᠮᠤᠨ ᠴᠦ ᠤᠯᠠᠰᠢᠷᠠᠭᠰᠠᠨ ᠢᠶᠠᠷ ᠲᠡᠬᠦᠨ ᠤ ᠤᠷᠤᠯᠭ᠎ᠠ ᠨᠢ ᠨᠡᠮᠡᠭᠳᠡᠵᠥ᠂ ᠦᠢᠯᠡᠰ ᠨᠢ ᠪᠤᠵᠠᠭᠠᠢᠢᠷᠠᠪᠠ᠃ ᠲᠡᠷᠡ᠄ ︽ᠤᠳᠤ 70 ᠲᠡᠭᠰᠢ ᠲᠦᠷᠪᠡᠯᠵᠢᠨ ᠮᠧᠳ᠋ᠷ ᠤᠨ ᠭᠡᠷ ᠲᠤ ᠰᠠᠭᠤᠵᠤ ᠪᠠᠶᠢᠨ᠎ᠠ᠂ ᠵᠤᠷᠢᠵᠤ ᠯᠠ ᠪᠠᠶᠢᠪᠠᠯ ᠪᠦᠳᠦᠬᠦ ᠦᠶ᠎ᠡ ᠪᠤᠢ᠂ ᠡᠨᠡ ᠮᠡᠳᠦ ᠴᠢᠷᠮᠠᠶᠢᠨ ᠠᠵᠢᠯᠯᠠᠵᠤ ᠯᠠ ᠪᠠᠶᠢᠪᠠᠯ ᠬᠤᠵᠢᠮ ᠨᠡᠩ ᠰᠠᠷᠠᠭᠤᠯ ᠲᠤᠬᠢᠯᠢᠭ ᠭᠡᠷ ᠬᠤᠳᠠᠯᠳᠤᠨ ᠠᠪᠴᠤ᠂ ᠨᠡᠩ ᠲᠡᠨᠢᠬᠦᠨ ᠰᠠᠶᠢᠬᠠᠨ ᠵᠤᠯ ᠵᠢᠷᠭᠠᠯᠳᠤ ᠠᠮᠢᠳᠤᠷᠠᠯ ᠢ ᠴᠤᠭᠴᠠᠯᠠᠵᠥ ᠪᠤᠯᠤᠨ᠎ᠠ︾ ᠭᠡᠵᠤ ᠶᠠᠷᠢᠵᠤ ᠪᠠᠶᠢᠯ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1