ᠦᠪᠦᠷ ᠮᠤᠩᠭᠤᠯ᠄ ᠮᠤᠩᠭᠤᠯ ᠦᠭᠡ ᠬᠡᠯᠡ ᠦᠰᠦᠭ ᠪᠢᠴᠢᠭ ᠤᠨ ᠴᠢᠲᠠᠪᠤᠷᠢᠲᠠᠨ ᠳᠤ ᠪᠤᠯᠪᠠᠰᠤᠷᠠᠯ ᠬᠦᠷᠲᠡᠭᠡᠵᠦ ᠲᠦᠷᠢᠮᠵᠢᠬᠦᠯᠦᠯᠲᠡ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2019-07-08
     ᠰᠢᠨᠬᠤᠧᠠ ᠮᠤᠩᠭᠤᠯ ᠨᠧᠲ ᠰᠢᠯᠢᠩᠬᠤᠲᠠ ᠶᠢᠨ 7 ᠰᠠᠷ᠎ᠠ ᠶᠢᠨ 8 ᠤ ᠡᠲᠦᠷ ᠤᠨ ᠴᠠᠬᠢᠯᠭᠠᠨ ᠮᠡᠲᠡᠭᠡ ︵ᠬ᠊ • ᠦᠵᠡᠰᠬᠦᠯᠡᠩ︶ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠷᠪᠠᠲᠤᠭᠠᠷ ᠬᠤᠭᠤᠴᠠᠭᠠᠨ ᠤ ᠮᠤᠩᠭᠤᠯ ᠬᠡᠯᠡ ᠪᠢᠴᠢᠭ ᠤᠨ ᠬᠡᠷᠡᠭᠯᠡᠭᠡᠨ ᠤ ᠰᠤᠲᠤᠯᠭᠠᠨ ᠤ ᠢᠲᠡᠷ ᠵᠠᠯᠠᠭᠤ ᠡᠷᠲᠡᠮᠲᠡᠳ ᠤᠨ ᠰᠤᠲᠤᠯᠤᠨ ᠰᠤᠷᠤᠯᠴᠠᠬᠤ ᠠᠩᠭᠢ ᠵᠢᠴᠢ ᠲᠦᠷᠪᠡᠲᠦᠭᠡᠷ ᠬᠤᠭᠤᠴᠠᠭᠠᠨ ᠤ ᠮᠤᠩᠭᠤᠯ ᠬᠡᠯᠡ ᠪᠢᠴᠢᠭ ᠤᠨ ᠲᠦᠷᠢᠮᠵᠢᠯ ᠪᠠᠷᠢᠮᠵᠢᠶᠠᠵᠢᠯ ᠤᠨ ᠰᠤᠲᠤᠯᠤᠨ ᠰᠤᠷᠤᠯᠴᠠᠬᠤ ᠠᠩᠭᠢ 8 ᠤ ᠡᠲᠦᠷ ᠰᠢᠯᠢ ᠶᠢᠨ ᠭᠤᠤᠯ ᠠᠶᠢᠮᠠᠭ ᠲᠤ ᠬᠢᠴᠢᠶᠠᠯ ᠡᠬᠢᠯᠡᠪᠡ᠃
     ᠲᠤᠰ ᠪᠤᠯᠪᠠᠰᠤᠷᠠᠯ ᠤᠨ ᠠᠩᠭᠢ ᠨᠢ ᠲᠤᠮᠲᠠᠲᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠡᠩ᠂ ᠲᠤᠮᠲᠠᠲᠤ ᠤᠯᠤᠰ ᠤᠨ ᠦᠨᠳᠦᠰᠦᠲᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠰᠤᠷᠭᠠᠭᠤᠯᠢ᠂ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠤᠯᠪᠤᠭᠲᠠᠯ ᠪᠦᠬᠦᠢ ᠡᠷᠲᠡᠮᠲᠡᠨ ᠰᠤᠲᠤᠯᠭᠠᠲᠠᠳ ᠢ ᠤᠷᠢᠵᠤ ᠨᠠᠮ ᠪᠠ ᠤᠯᠤᠰ ᠤᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠲᠤᠯᠭ᠎ᠠ ᠬᠠᠦᠯᠢ ᠲᠦᠷᠢᠮ᠂ ᠮᠤᠩᠭᠤᠯ ᠦᠭᠡ ᠬᠡᠯᠡ ᠦᠰᠦᠭ ᠪᠢᠴᠢᠭ ᠤᠨ ᠲᠦᠷᠢᠮᠵᠢᠬᠦᠯᠦᠯᠲᠡ ᠪᠠᠷᠢᠶᠠᠮᠵᠢᠶᠠᠵᠢᠭᠤᠯᠤᠯᠲᠠ ᠶᠢᠨ ᠤᠨᠤᠯ ᠂ ᠮᠤᠩᠭᠤᠯ ᠬᠡᠯᠡᠨ ᠤ ᠨᠡᠷ᠎ᠡ ᠲᠤᠮᠢᠶ᠎ᠠ ᠶᠢ ᠤᠷᠴᠢᠭᠤᠯᠤᠨ ᠨᠠᠶᠢᠷᠠᠭᠤᠯᠬᠤ ᠵᠡᠷᠭᠡ ᠰᠡᠳᠦᠪ ᠤᠨ ᠲᠤᠭᠤᠷᠢᠨ ᠳᠤ ᠲᠤᠰᠬᠠᠢ ᠰᠡᠳᠦᠪᠲᠦ ᠬᠢᠴᠢᠶᠠᠯ ᠤᠷᠤᠬᠤ ᠶᠢᠨ ᠬᠠᠮᠲᠤ ᠲᠤᠭᠤᠶᠢᠯᠠᠩ ᠬᠤᠪᠢᠶᠠᠨ ᠶᠠᠷᠢᠯᠴᠠᠭᠤᠯᠬᠤ ᠵᠡᠷᠭᠡ ᠠᠭᠤᠯᠭ᠎ᠠ ᠨᠤᠭᠤᠳ ᠢ ᠲᠤᠬᠢᠷᠠᠭᠤᠯᠤᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠮᠤᠩᠭᠤᠯ ᠦᠭᠡ ᠬᠡᠯᠡ ᠦᠰᠦᠭ ᠪᠢᠴᠢᠭ ᠤᠨ ᠲᠦᠷᠢᠮᠵᠢᠬᠦᠯᠦᠯᠲᠡ ᠪᠠᠷᠢᠮᠵᠢᠶᠠᠵᠢᠭᠤᠯᠤᠯᠲᠠ ᠶᠢ ᠠᠬᠢᠭᠤᠯᠤᠨ ᠮᠤᠩᠭᠤᠯ ᠦᠭᠡ ᠬᠡᠯᠡ ᠦᠰᠦᠭ ᠤᠨ ᠴᠢᠲᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠮᠤᠩᠭᠤᠯ ᠬᠡᠯᠡ ᠪᠢᠴᠢᠭ ᠤᠨ ᠬᠡᠷᠡᠭᠯᠡᠭᠡᠨ ᠤ ᠰᠤᠲᠤᠯᠭᠠᠨ ᠤ ᠢᠲᠡᠷ ᠵᠠᠯᠠᠭᠤ ᠡᠷᠲᠡᠮᠲᠡᠳ ᠤᠨ ᠰᠤᠲᠤᠯᠤᠨ ᠰᠤᠷᠤᠯᠴᠠᠬᠤ ᠠᠩᠭᠢ ᠶᠢ ᠭᠤᠷᠪᠠᠨ ᠬᠤᠭᠤᠴᠠᠭ᠎ᠠ᠂ ᠮᠤᠩᠭᠤᠯ ᠬᠡᠯᠡ ᠪᠢᠴᠢᠭ ᠤᠨ ᠲᠦᠷᠢᠮᠵᠢᠯ ᠪᠠᠷᠢᠮᠵᠢᠶᠠᠵᠢᠯ ᠤᠨ ᠰᠤᠲᠤᠯᠤᠨ ᠰᠤᠷᠤᠯᠴᠠᠬᠤ ᠠᠩᠭᠢ ᠶᠢ ᠲᠦᠷᠪᠡᠨ ᠬᠤᠭᠤᠴᠠᠭ᠎ᠠ ᠵᠤᠬᠢᠶᠠᠨ ᠪᠠᠶᠢᠭᠤᠯᠤᠭᠠᠳ ᠪᠤᠢ᠃
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1