ᠦᠪᠦᠷ ᠮᠤᠩᠭᠤᠯ ᠤᠨ ᠶᠡᠭᠡ ᠬᠢᠩᠭᠠᠨ ᠳᠠᠪᠠᠭᠠᠨ ᠤ ᠤᠮᠠᠷᠠᠲᠤ ᠬᠡᠰᠡᠭ ᠤᠨ ᠪᠠᠯᠠᠷ ᠤᠢ ᠶᠢᠨ ᠪᠦᠰᠡ ᠳᠠᠬᠢ ᠰᠢ ᠺᠸᠦ ᠽᠢ ᠳᠤ ᠭᠠᠷᠤᠬᠰᠠᠨ ᠲᠦᠢᠮᠡᠷ ᠢ ᠨᠢᠭᠡᠨᠲᠡ ᠤᠨᠲᠠᠷᠠᠭᠠᠪᠠ
ᠨᠡᠶᠢᠲᠡᠯᠡᠭᠰᠡᠨ ᠴᠠᠭ᠄
2019-07-08
     ᠰᠢᠨᠬᠤᠸᠠ ᠬᠤᠷᠢᠶ᠎ᠠ ᠬᠦᠬᠡᠬᠤᠲᠠ ᠶᠢᠨ 7 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠽᠸᠦ ᠵᠢᠶᠠᠨ ᠫᠦ᠋︶ ᠰᠤᠷᠪᠤᠯᠵᠢᠯᠠᠬᠴᠢ 8 ᠤ ᠡᠳᠦᠷ ᠦᠪᠦᠷ ᠮᠤᠩᠭᠤᠯ ᠤᠨ ᠶᠡᠭᠡ ᠬᠢᠩᠭᠠᠨ ᠳᠠᠪᠠᠭᠠᠨ ᠤ ᠤᠮᠠᠷᠠᠲᠤ ᠬᠡᠰᠡᠭ ᠤᠨ ᠪᠠᠯᠠᠷ ᠤᠢ ᠶᠢᠨ ᠪᠦᠰᠡ ᠳᠠᠬᠢ ᠰᠢ ᠺᠸᠦ ᠽᠢ ᠤᠢ ᠰᠢᠭᠤᠢ ᠶᠢᠨ ᠲᠠᠯᠠᠪᠠᠢ ᠳᠤ ᠭᠠᠷᠤᠬᠰᠠᠨ ᠭᠠᠯ ᠢ ᠤᠨᠲᠠᠷᠠᠭᠠᠬᠤ ᠳᠤ ᠤᠷᠤᠯᠴᠠᠵᠦ ᠪᠠᠶᠢᠭ᠎ᠠ ᠡᠮᠦᠨ᠎ᠡ ᠹᠷᠤᠨᠲ ᠤᠨ ᠠᠵᠢᠯᠲᠠᠳ ᠠᠴᠠ ᠤᠶᠢᠯᠠᠭᠠᠬᠰᠠᠨ ᠢᠶᠠᠷ᠂ ᠦᠪᠦᠷ ᠮᠤᠩᠭᠤᠯ ᠤᠨ ᠤᠢ ᠰᠢᠭᠤᠢ ᠶᠢᠨ ᠭᠠᠯ ᠲᠦᠢᠮᠡᠷ ᠢ ᠤᠨᠲᠠᠷᠠᠭᠠᠬᠤ ᠶᠡᠷᠦᠩᠬᠡᠢ ᠠᠩᠬᠢ ᠵᠢᠴᠢ ᠤᠢ ᠰᠢᠭᠤᠢ ᠶᠢᠨ ᠭᠠᠯ ᠲᠦᠢᠮᠡᠷ ᠢ ᠲᠦᠷᠭᠡᠨ ᠤᠨᠲᠠᠷᠠᠭᠠᠬᠤ ᠠᠩᠬᠢ ᠶᠢᠨ 300 ᠭᠠᠷᠤᠢ ᠠᠵᠢᠯᠲᠠᠨ ᠪᠦᠲᠦᠨ ᠰᠦᠨᠢ ᠠᠵᠢᠯᠯᠠᠵᠦ ᠭᠠᠯ ᠤᠨᠲᠠᠷᠠᠭᠠᠬᠰᠠᠨ ᠠᠴᠠ ᠤᠳᠤ ᠢᠯᠡ ᠭᠠᠯ ᠢ ᠪᠦᠬᠦᠨ ᠢ ᠤᠨᠲᠠᠷᠠᠭᠠᠵᠦ ᠴᠢᠳᠠᠵᠠᠢ᠃      ᠭᠠᠯ ᠤᠨᠲᠠᠷᠠᠭᠠᠬᠤ ᠳᠤ ᠤᠷᠤᠯᠴᠠᠵᠦ ᠪᠠᠶᠢᠭ᠎ᠠ ᠠᠵᠢᠯᠲᠠᠨ ᠤ ᠲᠠᠨᠢᠯᠴᠠᠭᠤᠯᠤᠬᠰᠠᠨ ᠢᠶᠠᠷ᠂ 8 ᠤ ᠡᠳᠦᠷ ᠤᠨ 6 ᠴᠠᠬ ᠬᠦᠷᠲᠡᠯ᠎ᠡ ᠰᠢ ᠺᠸᠦ ᠽᠢ ᠤᠢ ᠰᠢᠭᠤᠢ ᠶᠢᠨ ᠲᠠᠯᠠᠪᠠᠢ ᠳᠤ ᠨᠤᠴᠤᠬᠰᠠᠨ ᠭᠠᠯ ᠢ ᠪᠦᠬᠦᠨ ᠢ ᠤᠨᠲᠠᠷᠠᠭᠠᠵᠠᠢ᠃ ᠦᠪᠦᠷ ᠮᠤᠩᠭᠤᠯ ᠤᠨ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠶᠡᠷᠦᠩᠬᠡᠢ ᠠᠩᠬᠢ ᠶᠢᠨ 240 ᠭᠠᠷᠤᠢ ᠠᠵᠢᠯᠲᠠᠨ ᠪᠤᠯᠤᠨ ᠲᠤᠬᠠᠢ ᠶᠢᠨ ᠤᠷᠤᠨ ᠤ 120 ᠭᠠᠯ ᠤᠨᠲᠠᠷᠠᠭᠠᠬᠤ ᠠᠵᠢᠯᠲᠠᠨ ᠤᠳᠤ ᠶᠠᠬ ᠭᠠᠯ ᠭᠠᠷᠤᠬᠰᠠᠨ ᠬᠡᠰᠡᠭ ᠢ ᠴᠡᠪᠡᠷᠯᠡᠵᠦ᠂ ᠳᠠᠬᠢᠨ ᠨᠤᠴᠤᠬᠤ ᠠᠴᠠ ᠰᠡᠷᠭᠡᠶᠢᠯᠡᠵᠦ ᠪᠤᠢ᠃      7 ᠤ ᠡᠳᠦᠷ ᠤᠨ ᠦᠳᠡ ᠳᠤ ᠦᠪᠦᠷ ᠮᠤᠩᠭᠤᠯ ᠤᠨ ᠶᠡᠭᠡ ᠬᠢᠩᠭᠠᠨ ᠳᠠᠪᠠᠭᠠᠨ ᠤ ᠬᠤᠶᠢᠲᠤ ᠬᠡᠰᠡᠭ ᠤᠨ ᠪᠠᠯᠠᠷ ᠤᠢ ᠶᠢᠨ ᠪᠦᠰᠡ ᠳᠠᠬᠢ ᠡᠦ ᠮᠠ ᠤᠢ ᠰᠢᠭᠤᠢ ᠶᠢᠨ ᠲᠤᠪᠴᠢᠶᠠᠨ ᠤ ᠰᠢ ᠺᠸᠦ ᠽᠢ ᠤᠢ ᠰᠢᠭᠤᠢ ᠶᠢᠨ ᠲᠠᠯᠠᠪᠠᠢ ᠶᠢᠨ ᠬᠤᠶᠠᠷ ᠬᠡᠰᠡᠭ ᠭᠠᠵᠠᠷ ᠲᠤ ᠭᠠᠯ ᠭᠠᠷᠴᠤ᠂ ᠭᠠᠯ ᠭᠠᠷᠤᠬᠰᠠᠨ ᠰᠢᠯᠲᠠᠭᠠᠨ ᠪᠤᠯᠤᠨ ᠨᠤᠴᠤᠬᠰᠠᠨ ᠬᠡᠰᠡᠭ ᠢ ᠮᠦᠨ ᠰᠢᠯᠭᠠᠵᠦ ᠪᠤᠢ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1