ᠦᠪᠦᠷ ᠮᠣᠩᠭᠤᠯ ᠬᠦᠭᠵᠢᠯ ᠤᠨ ᠪᠡᠷᠬᠡᠰᠢᠶᠡᠯ ᠲᠠᠢ 31.5 ᠲᠦᠮᠡᠨ ᠬᠦᠮᠦᠨ ᠢ ᠤᠰᠤᠯ ᠤᠨ ᠲᠠᠭᠠᠳᠬᠠᠯ ᠳᠤ ᠤᠷᠤᠭᠤᠯᠪᠠ
ᠨᠡᠶᠢᠲᠡᠯᠡᠭᠰᠡᠨ ᠴᠠᠭ᠄
2019-08-02
     ᠰᠢᠨᠬᠤᠸᠠ ᠬᠤᠷᠢᠶ᠎ᠠ ᠬᠦᠬᠡᠬᠤᠳᠠ ᠶᠢᠨ 7 ᠰᠠᠷ᠎ᠠ ᠶᠢᠨ 31 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠸᠧᠢ ᠵᠢᠩ ᠢᠤᠢ︶ ᠰᠤᠷᠪᠤᠯᠵᠢᠯᠠᠭᠴᠢ 31 ᠤ ᠡᠳᠤᠷ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠭᠵᠢᠯ ᠤᠨ ᠪᠡᠷᠬᠡᠰᠢᠶᠡᠯ ᠲᠠᠢ ᠬᠦᠮᠦᠰ ᠤᠨ ᠬᠤᠯᠪᠤᠭᠠᠳᠤ ᠬᠤᠷᠠᠯ ᠠᠴᠠ ᠤᠶᠢᠯᠠᠭᠠᠭᠰᠠ ᠢᠶᠠᠷ᠂ ᠦᠨᠦ ᠵᠢᠯ ᠦᠪᠡᠷᠳᠡᠬᠡᠨ ᠵᠠᠰᠠᠬᠤ ᠤᠷᠤᠨ 675 ᠲᠦᠮᠡᠨ ᠲᠦᠭᠦᠷᠢᠭ ᠤᠨ ᠬᠦᠷᠦᠩᠬᠡ ᠤᠷᠤᠭᠤᠯᠵᠤ᠂ ᠤᠷᠤᠨ ᠲᠠᠶᠠᠭᠠᠷ ᠤᠨ ᠨᠢᠬᠡ᠂ ᠬᠤᠶᠠᠳᠤᠭᠠᠷ ᠲᠡᠰ ᠤᠨ ᠬᠦᠨᠳᠤ ᠬᠦᠭᠵᠢᠯ ᠤᠨ ᠪᠡᠷᠬᠡᠰᠢᠶᠡᠯ ᠲᠠᠢ 31.5 ᠲᠦᠮᠡᠨ ᠬᠦᠮᠦᠨ ᠢ ᠤᠰᠤᠯ ᠤᠨ ᠲᠠᠭᠠᠳᠬᠠᠯ ᠳᠤ ᠤᠷᠤᠭᠤᠯᠪᠠ᠃      ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠭᠵᠢᠯ ᠤᠨ ᠪᠡᠷᠬᠡᠰᠢᠶᠡᠯ ᠲᠠᠢ ᠬᠦᠮᠦᠰ ᠤᠨ ᠬᠤᠯᠪᠤᠭᠠᠳᠤ ᠬᠤᠷᠠᠯ ᠤᠨ ᠲᠡᠳ᠋ ᠡᠷᠬᠢᠯᠡᠭᠴᠢ ᠲᠠᠨ᠎ᠠ ᠶᠢᠨ ᠲᠠᠨᠢᠯᠴᠠᠭᠤᠯᠤᠭᠰᠠᠨ ᠢᠶᠠᠷ᠂ ᠤᠰᠤᠯ ᠤᠨ ᠲᠠᠭᠠᠳᠬᠠᠯ ᠪᠤᠯ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠦᠬᠡ ᠠᠮᠠ ᠶᠢᠨ ᠲᠠᠩᠰᠠ ᠲᠠᠢ ᠪᠦᠬᠡᠳ 2019 ᠤᠨ ᠤ 6 ᠰᠠᠷ᠎ᠠ ᠶᠢᠨ 30 ᠤ ᠡᠳᠤᠷ ᠠᠴᠠ ᠡᠮᠦᠨ᠎ᠡ ᠬᠦᠢᠴᠡᠳᠭᠡᠭᠰᠡᠨ ᠬᠤᠶᠠᠳᠤᠭᠠᠷ ᠦᠶ᠎ᠡ ᠶᠢᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠭᠵᠢᠯ ᠤᠨ ᠪᠡᠷᠬᠡᠰᠢᠶᠡᠯ ᠲᠠᠢ ᠢᠷᠭᠡᠨ ᠤ ᠦᠨᠡᠮᠯᠡᠬᠦ︾ ᠶᠢᠨ ᠨᠢᠬᠡ᠂ ᠬᠤᠶᠠᠳᠤᠭᠠᠷ ᠲᠡᠰ ᠤᠨ ᠬᠦᠨᠳᠤ ᠬᠦᠭᠵᠢᠯ ᠤᠨ ᠪᠡᠷᠬᠡᠰᠢᠶᠡᠯ ᠲᠠᠢ ᠬᠦᠮᠦᠰ ᠢ ᠪᠠᠳᠤᠯᠠᠨ᠎ᠠ᠃ ᠲᠠᠭᠠᠤᠬᠠᠯ ᠤᠨ ᠬᠤᠭᠤᠴᠠᠭ᠎ᠠ ᠨᠢ 2019 ᠤᠨ ᠤ 6 ᠰᠠᠷ᠎ᠠ ᠶᠢᠨ 30 ᠤ ᠡᠳᠤᠷ ᠠᠴᠠ 2020 ᠤᠨ ᠤ 6 ᠰᠠᠷ᠎ᠠ ᠶᠢᠨ 29 ᠤ ᠡᠳᠤᠷ ᠪᠤᠯᠳᠠᠯ᠎ᠠ᠃ ᠲᠤᠰ ᠬᠤᠭᠤᠴᠠᠭᠠᠨ ᠳᠤ ᠤᠰᠤᠯ ᠡᠬᠦᠰᠴᠤ ᠲᠠᠬᠢᠨᠳᠠ ᠬᠦᠨᠳᠤ ᠰᠢᠷᠬᠠᠭᠳᠠᠭᠰᠠᠨ ᠪᠤᠯ ᠬᠦᠮᠦᠨ ᠪᠦᠷᠢ 3.5 ᠲᠦᠮᠡᠨ ᠲᠦᠭᠦᠷᠢᠭ ᠤᠨ ᠲᠦᠯᠦᠪᠦᠷᠢ ᠮᠦᠩᠬᠦ ᠤᠯᠤᠨ᠎ᠠ᠃ ᠤᠰᠤᠯ ᠤᠨ ᠡᠮᠴᠢᠯᠡᠬᠡᠨ ᠤ ᠵᠠᠷᠤᠳᠠᠯ 4000 ︵ᠬᠦᠮᠦᠨ ᠪᠦᠷᠢ︶ ᠲᠦᠭᠦᠷᠢᠭ ᠬᠦᠷᠳᠡᠨ᠎ᠡ᠃
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1