ᠮᠠᠨ ᠤ ᠤᠯᠤᠰ ᠤᠨ ᠠᠩᠬᠠᠳᠠᠭᠴᠢ ᠺᠯᠣᠨ ᠮᠤᠤᠷ ᠮᠡᠨᠳᠦᠯᠡᠵᠡᠢ
ᠨᠡᠶᠢᠲᠡᠯᠡᠭᠰᠡᠨ ᠴᠠᠭ᠄
2019-08-21
     ᠺᠯᠣᠨ ᠮᠤᠤᠷ ᠢ ᠲᠠ ᠦᠵᠡᠵᠦ ᠥᠩᠭᠡᠷᠡᠭᠰᠡᠨ ᠤᠤ︖ ᠮᠠᠨ ᠤ ᠤᠯᠤᠰ ᠤᠨ ᠠᠩᠬᠠᠳᠠᠭᠴᠢ ᠪᠡᠶ᠎ᠡ ᠳᠠᠭᠠᠭᠠᠵᠤ ᠪᠦᠵᠢᠭᠤᠯᠤᠭᠰᠠᠨ ᠺᠯᠣᠨ ᠮᠤᠤᠷ - ︽ᠰᠠᠷᠢᠮᠰᠠᠭ︾ ᠬᠤᠶᠠᠷ ᠡᠳᠦᠷ ᠤᠨ ᠳᠠᠷᠠᠭ᠎ᠠ ᠰᠠᠷ᠎ᠠ ᠳᠦᠭᠦᠷᠴᠢᠬᠡᠨ᠎ᠡ᠃      ︽ᠰᠠᠷᠢᠮᠰᠠᠭ︾ ᠢ 2019 ᠣᠨ 7 ᠰᠠᠷ᠎ᠠ ᠶᠢᠨ 21 ᠤ ᠡᠳᠦᠷ ᠣᠷᠣᠯᠠᠨ ᠵᠢᠷᠮᠦᠰᠤᠯᠡᠬᠦ ᠮᠤᠤᠷ ᠢᠶᠠᠷ ᠠᠶᠠᠨᠳᠠᠭᠠᠨ ᠳᠦᠷᠦᠬᠦᠯᠦᠬᠡᠳ ᠭᠤᠷᠪᠠᠳᠠᠬᠢ ᠲᠠᠯ᠎ᠠ ᠶᠢᠨ ᠪᠠᠢᠭᠤᠯᠤᠮᠵᠢ ᠠᠴᠠ ᠺᠯᠤᠨ ᠮᠤᠤᠷ ᠬᠡᠵᠤ ᠮᠠᠭᠠᠳᠯᠠᠨ ᠲᠣᠭᠲᠠᠭᠠᠭᠰᠠᠨ᠃ ᠵᠤᠯᠵᠠᠭ᠎ᠠ ᠮᠤᠤᠷ ᠤᠨ ᠪᠠᠶᠢᠳᠡᠯ ᠮᠠᠰᠢ ᠰᠠᠢᠨ ᠪᠠᠢᠨ᠎ᠠ ᠬᠡᠵᠤ ᠰᠢ ᠨᠦᠸᠧ ᠬᠥ᠋ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠮᠢ ᠵᠢᠶ ᠳ᠋ᠦᠩ 8 ᠰᠠᠷ᠎ᠠ ᠶᠢᠨ 19 ᠤ ᠡᠳᠦᠷ ᠵᠠᠷᠯᠠᠪᠠ᠃      ᠰᠢᠨᠵᠢᠯᠡᠬᠦ ᠤᠬᠠᠭᠠᠨ ᠤ ᠰᠤᠳᠤᠯᠭᠠᠨ ᠤ ᠪᠠᠭ ᠨᠢ ᠥᠨᠳᠡᠭᠡᠨ ᠡᠰ ᠢ ᠪᠡᠶ᠎ᠡ ᠶᠢᠨ ᠭᠠᠳᠠᠨ᠎ᠠ ᠪᠤᠶᠢᠵᠢᠭᠤᠯᠬᠤ ᠵᠡᠷᠭᠡ ᠤᠷᠢᠳᠴᠢᠯᠠᠭᠰᠠᠨ ᠮᠡᠷᠬᠡᠵᠢᠯ ᠤᠨ ᠲᠤᠷᠰᠢᠯᠲᠠ ᠬᠢᠭᠰᠡᠨ ᠤ ᠳᠠᠷᠠᠭ᠎ᠠ᠂ ᠺᠯᠣᠨ ᠮᠤᠤᠷ ᠢ ᠰᠤᠳᠤᠯᠤᠨ ᠪᠦᠵᠢᠭᠤᠯᠬᠤ ᠲᠤᠷᠰᠢᠯᠲᠠ ᠶᠢ 2018 ᠣᠨ 8 ᠰᠠᠷ᠎ᠠ ᠠᠴᠠ ᠠᠯᠪᠠᠨ ᠶᠤᠰᠤᠭᠠᠷ ᠡᠬᠢᠯᠡᠭᠦᠯᠵᠦ᠂ ᠣᠷᠣᠯᠠᠨ ᠵᠢᠷᠮᠦᠰᠤᠯᠡᠬᠦ ᠮᠤᠤᠷ ᠲᠤ ᠬᠥᠪᠤᠷᠠᠯ ᠰᠢᠯᠵᠢᠭᠦᠯᠦᠨ ᠪᠦᠵᠢᠭᠤᠯᠤᠭᠠᠳ 66 ᠡᠳᠤᠷ ᠤᠨ ᠬᠢᠨᠢ ᠳᠠᠷᠠᠭ᠎ᠠ ᠳᠦᠷᠦᠬᠦᠯᠵᠤ ᠠᠪᠴᠠᠢ᠃ ᠡᠶᠢᠨ ᠬᠦ ᠮᠠᠨ ᠤ ᠤᠯᠤᠰ ᠤᠨ ᠠᠩᠬᠠᠳᠠᠭᠴᠢ ᠪᠡᠶ᠎ᠡ ᠳᠠᠭᠠᠭᠠᠵᠤ ᠪᠦᠵᠢᠭᠤᠯᠤᠭᠰᠠᠨ ᠺᠯᠣᠨ ᠮᠤᠤᠷ ᠮᠡᠨᠳᠦᠯᠡᠵᠡᠢ᠃
 
ᠢᠷᠡᠯᠲᠡ᠄ ᠰᠢᠨᠬᠤᠧᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1