ᠬᠤᠳᠠ ᠶᠢᠨ ᠲᠤᠮᠳᠠᠬᠢ ᠲᠠᠯ᠎ᠠ ᠨᠤᠳᠤᠭ ᠬᠤᠳᠠᠯᠠ ᠤᠯᠠᠨ ᠤ ᠰᠡᠯᠡᠬᠦᠴᠡᠯ ᠤᠨ ᠤᠷᠤᠨ
ᠨᠡᠶᠢᠲᠡᠯᠡᠭᠰᠡᠨ ᠴᠠᠭ᠄
2019-08-06
     ᠪᠤᠭᠤᠳᠤ ᠬᠤᠲᠠ ᠳᠤ ᠤᠯᠤᠰ ᠤᠨ ᠲᠤᠳᠤᠭᠠᠳᠤ ᠶᠢᠨ ᠴᠤᠷ ᠤᠨ ᠭᠠᠭᠴᠠ ᠪᠠᠶᠢᠭᠠᠯᠢᠯᠢᠭ ᠲᠠᠯ᠎ᠠ ᠨᠤᠳᠤᠭ ᠤᠨ ᠬᠦᠷᠢᠶᠡᠯᠡᠩ ᠲᠤᠭᠤᠷᠢᠭ᠂ ᠠᠽᠢᠶ᠎ᠠ ᠲᠢᠪ ᠤᠨ ᠬᠠᠮᠤᠭ ᠤᠨ ᠲᠤᠮᠤ ᠬᠤᠲᠠ ᠶᠢᠨ ᠳᠤᠮᠳᠠᠬᠢ ᠲᠠᠯ᠎ᠠ ᠨᠤᠳᠤᠭ ᠭᠡᠮᠡᠭᠳᠡᠭᠰᠡᠨ ᠰᠠᠶᠢᠬᠠᠨᠲᠠᠯ᠎ᠠ ᠶᠢᠨ ᠲᠠᠯ᠎ᠠ ᠨᠤᠳᠤᠭ ᠭᠡᠵᠤ ᠪᠠᠶᠢᠳᠠᠭ᠃ ᠳᠡᠯᠬᠡᠷ ᠵᠤᠨ ᠤ ᠤᠯᠠᠷᠢᠯ ᠳᠤ᠂ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠳᠤᠭ ᠢᠶᠠᠷ ᠰᠡᠯᠡᠬᠦᠴᠠᠨ ᠵᠤᠭᠠᠴᠠᠵᠤ ᠪᠠᠶᠢᠭ᠎ᠠ ᠬᠤᠲᠠ ᠶᠢᠨ ᠰᠠᠭᠤᠭᠠᠯᠢ ᠠᠷᠠᠳ ᠵᠦᠩᠳᠡᠭᠡᠨ ᠬᠠᠷᠠᠭᠳᠠᠨ᠎ᠠ᠃ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠳᠤᠭ ᠲᠤ ᠤᠢ ᠮᠤᠳᠤ ᠢᠭᠴᠤᠷᠠᠨ ᠨᠤᠭᠤᠭᠠᠷᠠᠵᠤ᠂ 1000 ᠮᠦ ᠶᠢᠨ ᠤᠢ ᠳᠤ ᠪᠤᠯᠵᠤᠮᠤᠷ ᠰᠢᠪᠠᠭᠤ ᠵᠢᠷᠬᠢᠨ᠂ ᠨᠤᠭᠤ ᠭᠠᠵᠠᠷ ᠲᠤ ᠨᠢ ᠬᠤᠯᠤᠰᠤ ᠵᠡᠬᠡᠰᠦ ᠰᠠᠯᠬᠢᠨ ᠤ ᠠᠶᠠᠰ ᠢᠶᠠᠷ ᠨᠠᠶᠢᠭᠤᠯᠵᠠᠨ᠂ ᠴᠡᠴᠡᠭ ᠬᠤᠸᠠᠷ ᠳᠡᠯᠬᠡᠷᠡᠨ ᠪᠤᠭᠤᠳᠤ ᠬᠤᠲᠠ ᠶᠢᠨ ᠳᠤᠮᠳᠠᠬᠢ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠷᠢᠳᠦᠬᠦᠯᠵᠦ᠂ ᠬᠤᠳᠠ ᠶᠢᠨ ᠠᠷᠠᠳ ᠤᠨ ᠰᠡᠯᠡᠭᠦᠴᠡᠨ ᠵᠢᠭᠤᠯᠴᠢᠯᠠᠬᠤ ᠳᠡᠷᠢᠬᠦᠨ ᠰᠤᠩᠭᠤᠯᠳᠠ ᠶᠢᠨ ᠭᠠᠵᠠᠷ ᠪᠤᠯᠤᠭᠰᠠᠨ ᠪᠠᠶᠢᠯ᠎ᠠ᠃ ᠬᠦᠷᠢᠶᠡᠯᠡᠩ ᠲᠤᠭᠤᠷᠢᠭ ᠤᠨ ᠵᠠᠮ ᠤᠨ ᠬᠤᠶᠠᠷ ᠬᠠᠵᠠᠭᠤ ᠪᠠᠷ ᠭᠠᠵᠠᠷ ᠰᠠᠢ ᠦᠭᠡᠢ ᠡᠪᠡᠰᠤ ᠴᠡᠴᠡᠭ᠂ ᠢᠭᠴᠤ ᠰᠠᠬᠤᠯᠢᠭ ᠤᠷᠭᠤᠵᠤ᠂ ᠳᠠᠯ᠎ᠠ ᠶᠢᠨ ᠳᠤᠮᠳᠠ ᠪᠤᠰᠬᠠᠭᠳᠠᠭᠰᠠᠨ ᠪᠠᠶᠠᠨᠪᠤᠯᠠᠭ ᠤᠪᠤᠭ᠎ᠠ᠂ ᠮᠤᠩᠭᠤᠯ ᠭᠡᠷ᠂ ᠠᠵᠢᠨᠠᠢ ᠬᠦᠯᠦᠭ ᠬᠦᠮᠦᠰ ᠲᠤ ᠳᠠᠯ᠎ᠠ ᠨᠤᠳᠤᠭ ᠤᠨ ᠦᠵᠡᠮᠵᠢ ᠶᠢ ᠰᠤᠨᠢᠷᠬᠠᠭᠤᠯᠤᠨ᠎ᠠ᠃ ︽ᠠᠳᠡ ᠱᠤ ᠪᠤᠭᠤ᠂ ᠮᠤᠷᠢ᠂ ᠬᠤᠨᠢ᠂ ᠭᠡᠭᠡᠷ᠎ᠡ ᠶᠢᠨ ᠲᠠᠤᠯᠠᠢ᠂ ᠭᠤᠷᠭᠤᠤᠯ ᠢᠳᠠᠭᠤ᠂ ᠪᠦᠬᠡᠯᠵᠡᠬᠡᠨ᠎ᠡ᠂ ᠮᠠᠩᠬᠢᠰᠤ ᠵᠡᠷᠭᠡ 30 ᠭᠠᠷᠦᠢ ᠵᠦᠢᠯ ᠤᠨ ᠠᠮᠢᠲᠡᠨ᠂ 50 ᠭᠠᠷᠤᠢ ᠵᠦᠢᠯ ᠤᠨ ᠡᠪᠡᠰᠦ ᠤᠷᠭᠤᠮᠠᠯ᠂ ᠲᠤᠷᠤᠭ ᠪᠤᠳᠠᠯᠢᠭ ᠮᠤᠳᠤ 20 ᠭᠠᠷᠤᠢ ᠵᠦᠢᠯ ᠪᠠᠶᠢᠵᠤ᠂ ᠠᠳᠡᠬᠢ ᠤᠷᠭᠤᠮᠠᠯ ᠤᠨ ᠬᠤᠴᠢᠯᠭ᠎ᠠ ᠨᠢ ᠪᠦᠷ ᠪᠠᠶᠢᠭᠠᠯᠢᠯᠢᠭ ᠤᠷᠭᠤᠭᠰᠠᠨ ᠪᠠᠶᠢᠳᠠᠭ᠃ ᠬᠤᠳᠠ ᠶᠢᠨ ᠠᠷᠠᠳ ᠤᠨ ᠡᠬᠡ ᠪᠠᠶᠢᠭᠠᠯᠢ ᠲᠠᠢ ᠤᠢᠢᠷᠠᠳᠤᠬᠤ ᠮᠠᠰᠢ ᠰᠠᠶᠢᠬᠠᠨ ᠤᠷᠴᠢᠨ ᠳᠤᠭᠤᠷᠢᠨ ᠪᠤᠯᠤᠨ᠎ᠠ᠃ ᠵᠤᠨ ᠤ ᠳᠤᠯᠤᠭ᠎ᠠ ᠨᠠᠢᠮᠠᠨ ᠰᠠᠷ᠎ᠠ ᠪᠤᠯᠤᠭᠰᠠᠭᠠᠷ ᠡᠳᠦᠷ ᠲᠤ 4 ᠲᠦᠮᠨ ᠰᠢᠬᠠᠮ ᠵᠤᠭᠠᠴᠠᠭᠰᠠᠳ ᠢᠶᠠᠨ ᠤᠭᠳᠤᠳᠠᠭ︾ ᠬᠡᠵᠦ ᠰᠠᠶᠢᠬᠠᠨᠲᠠᠯ᠎ᠠ ᠰᠤᠶᠤᠯ ᠪᠠ ᠵᠢᠭᠤᠯᠴᠢᠯᠠᠯ ᠤᠨ ᠲᠦᠪ ᠤᠨ ᠳᠠᠶᠢᠯᠪᠤᠷᠢᠯᠠᠭᠴᠢ ᠬᠡᠦᠬᠡᠨ ᠢᠯᠠᠨ᠎ᠠ ᠳᠠᠨᠢᠯᠴᠠᠭᠤᠯᠤᠨ᠎ᠠ᠃      ︽ᠠᠳᠠ ᠦᠨᠳᠤᠰᠤᠲᠡᠨ ᠤ ᠪᠡᠶ᠎ᠡ ᠶᠢᠨ ᠲᠠᠮᠢᠷ᠂ ᠪᠠᠶᠢᠭᠠᠯᠢ ᠶᠢᠨ ᠨᠤᠭᠤ ᠭᠠᠵᠠᠷ᠂ ᠠᠮᠢ ᠠᠬᠤᠢ ᠶᠢᠨ ᠰᠢᠨᠵᠢᠯᠡᠬᠦ ᠤᠬᠠᠭᠠᠨ ᠲᠸᠡᠭᠨᠢᠭ ᠮᠡᠷᠭᠡᠵᠢᠯ ᠢ ᠲᠦᠭᠡᠮᠡᠯᠵᠢᠭᠦᠯᠬᠦ ᠵᠡᠷᠭᠡ ᠤᠯᠠᠨ ᠴᠢᠳᠠᠮᠵᠢᠳᠤ ᠤᠷᠤᠨ ᠪᠠᠶᠢᠬᠤ ᠠᠴᠠ ᠭᠠᠳᠠᠨ᠎ᠠ ᠪᠠᠰᠠ ᠰᠢᠨ᠎ᠡ ᠪᠠᠷ ᠪᠠᠶᠢᠭᠤᠯᠤᠭᠰᠡᠨ ᠰᠠᠶᠢᠬᠠᠨᠲᠠᠯ᠎ᠠ ᠰᠤᠶᠤᠯ ᠵᠢᠭᠤᠯᠴᠢᠯᠠᠯ ᠤᠨ ᠲᠦᠪ ᠪᠠᠶᠢᠵᠤ᠂ ᠲᠤᠭᠤᠷᠢᠨ ᠵᠢᠭᠤᠯᠴᠢᠯᠠᠬᠤ ᠰᠠᠶᠢᠬᠠᠨ ᠭᠠᠵᠠᠷ ᠪᠤᠯᠤᠨ᠎ᠠ︾ ᠬᠡᠵᠦ ᠬᠤᠲᠠ ᠶᠢᠨ ᠰᠠᠭᠤᠭᠠᠯᠢ ᠠᠷᠠᠳ ᠰᠦᠩ ᠮᠧᠢ ᠯᠠᠨ ᠳᠠᠨᠢᠯᠴᠠᠭᠤᠯᠤᠨ᠎ᠠ᠃ ᠳᠡᠷᠡ᠂ ᠮᠠᠨ ᠤ ᠬᠡᠷ ᠠᠳᠡ ᠠᠴᠠ ᠤᠢᠢᠷᠠᠬᠠᠨ ᠰᠠᠭᠤᠳᠠᠭ᠃ ᠳᠤᠭᠤᠢ ᠤᠨᠤᠭᠠᠳ ᠠᠷᠪᠠᠨ ᠮᠢᠨᠦ᠋ᠲ ᠶᠠᠪᠤᠪᠠᠯ ᠢᠷᠡᠴᠢᠬᠡᠳᠡᠭ᠃ ᠦᠷᠯᠦᠬᠡ ᠳᠡᠭᠡᠨ ᠳᠤᠭᠤᠢ ᠤᠨᠤᠵᠤ ᠪᠡᠶ᠎ᠠ ᠪᠠᠨ ᠪᠤᠯᠪᠠᠰᠤᠷᠠᠬᠤ ᠶᠢᠨ ᠵᠡᠷᠬᠡ ᠪᠠᠷ ᠰᠡᠳᠬᠢᠯ ᠰᠠᠨᠠᠭ᠎ᠠ ᠪᠠᠨ ᠰᠡᠷᠬᠦᠬᠡᠳᠡᠭ᠃ ᠶᠠᠭ ᠬᠤᠳᠠ ᠶᠢᠨ ᠳᠤᠮᠳᠠᠬᠢ ᠴᠡᠴᠡᠷᠯᠢᠭ ᠲᠠᠢ ᠠᠳᠠᠯᠢᠳᠬᠠᠬᠤ ᠳᠤ ᠨᠡᠩ ᠠᠭᠤᠵᠢᠮ ᠨᠠᠮ ᠰᠡᠯᠡᠬᠦᠦ ᠰᠠᠨᠠᠭᠳᠠᠳᠠᠭ᠃ ᠡᠨᠡ ᠬᠡᠰᠡᠭ ᠲᠠᠯ᠎ᠠ ᠨᠤᠳᠤᠭ ᠠᠳᠠᠯᠢ ᠪᠤᠰᠤ ᠨᠠᠰᠤᠨ ᠤ ᠬᠦᠮᠦᠰ ᠤᠨ ᠵᠢᠭᠤᠯᠴᠢᠯᠠᠨ ᠰᠡᠯᠡᠭᠦᠴᠡᠬᠦ ᠬᠡᠷᠡᠭᠴᠡᠭᠡ ᠶᠢ ᠶᠡᠷᠤᠩᠬᠡᠢ ᠳᠤᠨᠢ ᠪᠤᠳᠤᠯᠬᠢᠯᠠᠵᠤ᠂ ᠤᠳᠤ ᠦᠶ᠎ᠡ ᠶᠢᠨ ᠬᠦᠮᠦᠰ ᠤᠨ ᠠᠮᠢᠳᠤᠷᠠᠯ ᠤᠨ ᠵᠠᠩ ᠲᠠᠳᠬᠠᠯ ᠲᠠᠢ ᠨᠡᠶᠢᠴᠡᠵᠤ᠂ ᠬᠤᠲᠠ ᠶᠢᠨ ᠠᠷᠠᠳ ᠤᠨ ᠬᠦᠳᠡᠯᠭᠡᠭᠡᠨ ᠬᠢᠵᠦ ᠪᠡᠶ᠎ᠡ ᠪᠠᠨ ᠪᠤᠯᠪᠠᠰᠤᠷᠠᠭᠤᠯᠬᠤ᠂ ᠰᠡᠯᠡᠬᠦᠴᠡᠨ ᠵᠤᠭᠠᠴᠠᠬᠤ ᠬᠡᠷᠡᠭᠴᠡᠭᠡ ᠶᠢ ᠬᠠᠩᠭᠠᠵᠤ ᠴᠢᠳᠠᠭᠰᠠᠨ ᠪᠠᠶᠢᠨ᠎ᠠ ᠬᠡᠯ᠎ᠡ᠃      ᠰᠠᠶᠢᠬᠠᠨᠳᠠᠯ᠎ᠠ ᠶᠢᠨ ᠳᠠᠯ᠎ᠠ ᠨᠤᠳᠤᠭ ᠤᠨ ᠠᠷᠤ ᠬᠦᠪᠡᠭᠡ ᠪᠠᠷ ᠳᠠᠷᠢᠭᠰᠠᠨ 80 ᠲᠦᠮᠡᠨ ᠰᠢᠷᠬᠡᠭ ᠬᠤᠯᠤᠭᠠᠨ᠎ᠠ ᠶᠢᠨ ᠰᠡᠬᠦᠯ ᠡᠪᠡᠰᠤ᠂ ᠵᠢᠭᠠᠷ ᠡᠪᠡᠰᠤ ᠨᠢ ᠡᠨᠡ ᠬᠦ ᠳᠠᠯ᠎ᠠ ᠨᠤᠳᠤᠭ ᠲᠤ ᠦᠵᠡᠮᠵᠢ ᠨᠡᠮᠡᠷᠢᠯᠡᠵᠦ᠂ ᠬᠤᠳᠠ ᠶᠢᠨ ᠠᠷᠠᠳ ᠤᠨ ᠠᠩᠬᠠᠷᠤᠯ ᠢ ᠳᠠᠳᠠᠨ᠎ᠠ᠃ ᠰᠠᠶᠢᠬᠠᠨᠳᠠᠯ᠎ᠠ ᠶᠢᠨ ᠳᠠᠯ᠎ᠠ ᠨᠤᠳᠤᠭ ᠵᠢᠯ ᠳᠤ 400 ᠲᠦᠮᠡ ᠰᠢᠬᠠᠮ ᠵᠢᠭᠤᠯᠴᠢᠯᠠᠭᠰᠠᠳ ᠢ ᠬᠦᠯᠢᠶᠡᠨ ᠠᠪᠳᠠᠭ᠃ ᠬᠦᠨᠳᠡᠯᠡᠨ ᠳᠤᠭᠤᠷᠢᠭ ᠤᠨ ᠰᠠᠭᠤᠭᠠᠯᠢ ᠠᠷᠠᠳ ᠷᠧᠨ ᠶᠦᠩ ᠮᠤᠤ᠄ ︽ᠭᠡᠷ ᠤᠨ ᠡᠭᠦᠲᠡᠨ ᠳᠡᠭᠡᠨ ᠰᠡᠯᠡᠬᠦᠴᠡᠨ ᠵᠢᠭᠤᠯᠴᠢᠯᠠᠬᠤ ᠳᠠᠯ᠎ᠠ ᠨᠤᠳᠤᠭ ᠲᠠᠢ ᠪᠠᠶᠢᠬᠤ ᠨᠢ ᠮᠠᠰᠢ ᠵᠢᠷᠭᠠᠯᠳᠠᠢ ᠰᠠᠨᠠᠭᠳᠠᠨ᠎ᠠ᠃ ᠠᠭᠤᠳᠠᠮ ᠳᠠᠯ᠎ᠠ ᠳᠡᠬᠡᠷ᠎ᠡ ᠪᠡᠶ᠎ᠠ ᠪᠤᠯᠪᠠᠰᠤᠷᠠᠵᠤ ᠳᠤᠭᠤᠷᠢᠬᠤ ᠨᠢ ᠦᠨᠡᠬᠡᠷ ᠰᠡᠳᠬᠢᠯ ᠢ ᠰᠡᠷᠬᠦᠬᠡᠵᠦ ᠠᠭᠤᠵᠢᠷᠠᠭᠤᠯᠳᠠᠭ︾ ᠬᠡᠵᠦ ᠶᠠᠷᠢᠨ᠎ᠠ᠃      ᠪᠤᠭᠤᠳᠤ ᠬᠤᠳᠠ ᠶᠢᠨ ᠨᠠᠮ ᠵᠠᠰᠠᠭ ᠤᠨ ᠬᠢᠨ ᠬᠤᠳᠠ ᠶᠢᠨ ᠰᠠᠭᠤᠭᠠᠯᠢ ᠠᠷᠠᠳ ᠲᠠᠭᠠᠨ ᠳᠠᠪᠠᠳᠠᠢ ᠰᠠᠶᠢᠬᠠᠨ ᠰᠡᠯᠡᠬᠦᠴᠡᠨ ᠵᠢᠭᠤᠯᠴᠢᠯᠠᠬᠤ ᠤᠷᠴᠢᠨ ᠢ ᠪᠦᠷᠢᠯᠳᠤᠬᠦᠯᠵᠤ ᠦᠭᠬᠦ ᠶᠢᠨ ᠲᠦᠯᠦᠭᠡ᠂ ᠬᠤᠳᠠ ᠶᠢᠨ ᠳᠤᠮᠳᠠᠬᠢ ᠳᠠᠯ᠎ᠠ ᠨᠤᠳᠤᠭ ᠢ ᠲᠠᠰᠤᠷᠠᠯᠳᠠ ᠦᠭᠡᠢ ᠨᠡᠬᠡᠬᠡᠨ ᠠᠰᠢᠬᠯᠡᠨ᠎ᠠ᠃ ︽ᠭᠤᠷᠪᠠᠨ ᠵᠢᠯ ᠤᠨ ᠡᠮᠤᠨ᠎ᠡ᠂ ᠪᠤᠭᠤᠳᠤ ᠬᠤᠲᠠ ᠠᠮᠢ ᠠᠬᠤᠢ ᠶᠢᠨ ᠪᠤᠭᠤᠳᠤ ᠶᠢ ᠪᠦᠳᠦᠭᠡᠨ ᠪᠠᠶᠢᠭᠤᠯᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠶᠡᠭᠡ ᠬᠦᠴᠤ ᠤᠷᠤᠭᠤᠯᠵᠤ ᠪᠠᠶᠢᠭᠠᠳ ᠠᠮᠢ ᠠᠬᠤᠢ ᠶᠢᠨ ᠬᠦᠷᠢᠶᠡᠯᠡᠩ ᠲᠤᠭᠤᠷᠢᠭ ᠤᠨ ᠪᠠᠷᠠᠭᠤᠨ ᠡᠮᠤᠨᠡᠳᠡᠬᠢ 2800 ᠮᠦ ᠭᠠᠵᠠᠷ ᠡᠵᠡᠯᠡᠵᠤ ᠪᠠᠶᠢᠭᠰᠠᠨ ᠭᠠᠴᠠᠭ᠎ᠠ ᠲᠤᠰᠬᠤᠨ ᠪᠠ ᠠᠵᠤ ᠠᠬᠤᠢᠢᠯᠠᠯ ᠢ ᠨᠡᠭᠦᠯᠭᠡᠵᠦ᠂ 8000 ᠰᠢᠬᠠᠮ ᠮᠦ ᠪᠠᠶᠢᠭᠰᠠᠨ ᠰᠠᠶᠢᠬᠠᠨᠳᠠᠯ᠎ᠠ ᠶᠢ 10680 ᠮᠦ ᠳᠠᠯᠠᠪᠠᠢ ᠲᠠᠢ ᠪᠤᠯᠭᠠᠨ ᠦᠷᠬᠡᠳᠬᠡᠵᠦ᠂ ᠨᠡᠷ᠎ᠡ ᠨᠢᠳᠡᠷ ᠲᠡᠭᠡᠨ ᠨᠡᠶᠢᠴᠡᠭᠰᠡᠨ ᠲᠦᠮᠡᠨ ᠮᠦ ᠶᠢᠨ ᠳᠠᠯ᠎ᠠ ᠨᠤᠳᠤᠭ ᠪᠤᠯᠭᠠᠭᠰᠠᠨ ᠪᠠᠶᠢᠨ᠎ᠠ︾ ᠬᠡᠵᠦ ᠪᠤᠭᠤᠳᠤ ᠬᠤᠲᠠ ᠶᠢᠨ ᠤᠷᠤᠨ ᠰᠠᠭᠤᠴᠠ ᠪᠠ ᠬᠤᠲᠠ ᠬᠦ᠋ᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ ᠶᠢᠨ ᠰᠤᠨᠢᠨ ᠮᠡᠳᠡᠭᠡ ᠤᠬᠠᠭᠤᠯᠭ᠎ᠠ ᠶᠢᠨ ᠲᠦᠪ ᠤᠨ ᠲᠡᠳ᠋ ᠡᠷᠬᠢᠯᠡᠭᠴᠢ ᠯᠢ ᠹᠦ᠋ ᠳᠠᠨᠢᠯᠴᠠᠭᠤᠯᠤᠨ᠎ᠠ᠃ ᠪᠤᠭᠤᠳᠤ ᠬᠤᠲᠠ ᠶᠢᠨ ᠴᠡᠴᠡᠷᠯᠢᠭ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢᠨ ᠲᠡᠤᠬᠡᠨ ᠬᠠᠭᠤᠳᠠᠰᠤ ᠶᠢ ᠤᠷᠪᠠᠭᠤᠯᠬᠤ ᠳᠤ᠂ 1955 ᠤᠨ ᠳᠤ᠂ ᠲᠦᠪ ᠠᠴᠠ ᠪᠦᠬᠦ ᠤᠯᠤᠰ ᠤᠨ ᠬᠡᠪᠴᠢᠶᠡᠨ ᠳᠤ ᠪᠤᠭᠤᠳᠤ ᠶᠢᠨ ᠰᠢᠨ᠎ᠡ ᠬᠤᠲᠠ ᠲᠤᠭᠤᠷᠢᠭ ᠢ ᠲᠦᠯᠦᠪᠵᠢᠭᠦᠯᠦᠨ ᠪᠦᠳᠦᠭᠡᠨ ᠪᠠᠶᠢᠭᠤᠯᠬᠤ ᠭᠤᠶᠤᠴᠢᠯᠠᠯ ᠳᠤ ᠴᠤᠬᠤᠯᠠᠪᠤᠷᠢ ᠦᠭᠴᠦ᠂ ᠬᠤᠲᠠ ᠶᠢᠨ ᠤᠢ ᠰᠢᠭᠤᠢ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠬᠦᠰᠢᠭᠡ ᠶᠢ ᠢᠷᠠᠭᠰᠠᠨ ᠪᠠᠶᠢᠯ᠎ᠠ᠃ 1985 ᠤᠨ ᠳᠤ᠂ ᠪᠤᠭᠤᠳᠤ ᠬᠤᠲᠠ ᠠᠴᠠ ᠡᠨᠡ ᠬᠡᠰᠡᠭ ᠭᠠᠵᠠᠷ ᠢ ᠤᠯᠠᠨ ᠨᠠᠶᠢᠲᠠ ᠶᠢᠨ ᠬᠡᠷᠡᠭᠯᠡᠭᠡᠨ ᠤ ᠭᠠᠵᠠᠷ ᠪᠤᠯᠭᠠᠨ ᠦᠯᠡᠳᠡᠬᠡᠬᠦ ᠪᠠᠷ ᠳᠤᠭᠳᠠᠵᠤ᠂ ᠨᠤᠮᠢᠨ ᠨᠤᠭᠤᠭᠠᠨ ᠠᠮᠢ ᠠᠬᠤᠢ ᠶᠢᠨ ᠪᠤᠭᠤᠳᠤ ᠶᠢ ᠪᠦᠳᠦᠭᠡᠨ ᠪᠠᠶᠢᠭᠤᠯᠬᠤ ᠬᠤᠲᠠ ᠶᠢᠨ ᠬᠦᠭᠵᠢᠯᠲᠡ ᠶᠢᠨ ᠭᠤᠤᠯ ᠠᠶᠠᠰ ᠢ ᠴᠢᠪᠬᠠᠳᠠᠪᠠ᠃ 2007 ᠤᠨ 5 ᠰᠠᠷ᠎ᠠ ᠳᠤ᠂ ᠪᠤᠭᠤᠳᠤ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠠᠴᠠ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠳᠤᠭ ᠢ ᠬᠠᠮᠠᠭᠠᠯᠠᠬᠤ ᠲᠦᠷᠢᠮ ᠢ ᠨᠡᠶᠢᠳᠡᠯᠡᠵᠤ᠂ ᠬᠦᠷᠢᠶᠡᠯᠡᠩ ᠲᠤᠭᠤᠷᠢᠭ ᠤᠨ ᠬᠦᠭᠵᠢᠯᠲᠡ ᠶᠢᠨ ᠪᠠᠶᠢᠷᠢ ᠲᠤᠭᠳᠠᠭᠠᠯᠲᠠ ᠪᠠ ᠬᠠᠮᠠᠭᠠᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠤᠳᠤᠷᠬᠠᠢᠢᠯᠠᠵᠤ᠂ ᠨᠢᠭᠡᠳᠤᠯᠲᠡᠢ ᠲᠦᠯᠦᠪᠵᠢᠭᠦᠯᠵᠤ᠂ ᠬᠠᠤᠯᠢ ᠶᠤᠰᠤᠭᠠᠷ ᠬᠠᠮᠢᠶᠠᠷᠴᠤ᠂ ᠤᠷᠤᠨ ᠨᠤᠳᠤᠭ ᠤᠨ ᠬᠠᠤᠯᠢ ᠲᠤᠭᠳᠠᠭᠠᠯᠲᠠ ᠪᠠᠷ ᠲᠠᠮᠵᠢᠨ᠂ ᠰᠠᠶᠢᠬᠠᠨᠲᠠᠯ᠎ᠠ ᠶᠢᠨ ᠬᠦᠷᠢᠶᠡᠯᠡᠩ ᠲᠤᠭᠤᠷᠢᠭ ᠤᠨ ᠬᠦᠭᠵᠢᠯᠲᠡ ᠶᠢ ᠪᠦᠳᠤᠮᠵᠢᠲᠡᠢ ᠠᠬᠢᠭᠤᠯᠤᠭᠰᠠᠨ ᠪᠠᠶᠢᠨ᠎ᠠ᠃ ᠰᠠᠶᠢᠬᠠᠨᠳᠠᠯ᠎ᠠ ᠶᠢᠨ ᠳᠠᠯ᠎ᠠ ᠨᠤᠳᠤᠭ ᠤᠨ ᠠᠮᠢ ᠠᠬᠤᠢ ᠶᠢᠨ ᠬᠦᠷᠢᠶᠡᠯᠡᠩ ᠳᠤᠭᠤᠷᠢᠭ ᠢᠶᠠᠨ ᠤᠳᠤ ᠰᠡᠯᠡᠭᠦᠴᠡᠯ ᠠᠮᠠᠷᠠᠯᠲᠠ ᠶᠢᠨ ᠳᠤᠭᠤᠷᠢᠭ᠂ ᠦᠨᠳᠤᠰᠤᠲᠡᠨ ᠤ ᠰᠤᠶᠤᠯ ᠤᠨ ᠦᠵᠡᠰᠭᠦᠯᠡᠩ ᠤᠨ ᠳᠤᠭᠤᠷᠢᠭ᠂ ᠪᠠᠶᠢᠭᠠᠯᠢ ᠶᠢᠨ ᠨᠤᠭᠤ ᠭᠠᠵᠠᠷ ᠤᠨ ᠬᠠᠮᠠᠭᠠᠯᠠᠯᠳᠠ ᠶᠢᠨ ᠳᠤᠭᠤᠷᠢᠭ ᠵᠡᠷᠬᠡ ᠨᠠᠢᠮᠠᠨ ᠴᠢᠳᠠᠮᠵᠢᠳᠤ ᠤᠷᠤᠨ ᠪᠤᠯᠭᠠᠨ ᠬᠤᠪᠢᠶᠠᠷᠢᠯᠠᠬᠤ᠂ ᠬᠤᠳᠠ ᠶᠢᠨ ᠰᠠᠭᠤᠭᠠᠯᠢ ᠠᠷᠠᠳ ᠪᠠ ᠵᠢᠭᠤᠯᠴᠢᠯᠠᠭᠰᠠᠳ ᠲᠤ ᠠᠳᠠᠯᠢ ᠪᠤᠰᠤ ᠶᠢᠨ ᠦᠵᠡᠮᠵᠢ ᠶᠢ ᠰᠤᠨᠢᠷᠬᠠᠭᠤᠯᠵᠤ ᠲᠦᠬᠦᠮ ᠲᠦᠳᠡ ᠦᠢᠯᠡᠴᠢᠯᠡᠭᠡ ᠬᠠᠩᠭᠠᠵᠤ ᠪᠠᠶᠢᠭ᠎ᠠ ᠠᠵᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1