ᠰᠢᠨᠬᠤᠸᠠ ᠨᠧᠲ ᠬᠦᠬᠡᠬᠤᠲᠠ ᠶᠢᠨ 9 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ 9 ᠰᠠᠷ᠎ᠠ ᠶᠢᠨ | 9 ᠤ ᠡᠳᠦᠷ ᠤᠨ ᠦᠳᠡ ᠶᠢᠨ ᠡᠮᠦᠨᠡᠬᠢ 10 ᠴᠠᠬ ᠲᠤ᠂ ᠪᠠᠶᠢᠭᠠᠯ ᠨᠠᠭᠤᠷ ᠤᠨ ᠬᠦᠢᠲᠡᠨ ᠤᠷᠤᠰᠬᠠᠯ ᠤᠨ | ᠨᠦᠯᠦᠭᠡᠯᠡᠯ ᠢᠶᠠᠷ ᠦᠪᠦᠷ ᠮᠤᠩᠭᠤᠯ ᠤᠨ ᠶᠡᠭᠡ ᠬᠢᠩᠭᠠᠨ ᠳᠠᠪᠠᠭᠠᠨ ᠤ ᠬᠤᠶᠢᠲᠤ ᠪᠡᠶ᠎ᠡ ᠶᠢᠨ ᠪᠠᠯᠠᠷ ᠤᠢ ᠶᠢᠨ | ᠪᠦᠰᠡ ᠳᠠᠬᠢ ᠡᠦ ᠮᠠ ᠤᠢ ᠰᠢᠭᠤᠢ ᠶᠢᠨ ᠲᠤᠪᠴᠢᠶ᠎ᠠ ᠨᠢ ᠡᠨᠡ ᠵᠢᠯ ᠤᠨ ᠠᠩᠬᠠᠨ ᠤ ᠴᠠᠰᠤ ᠪᠠᠨ ᠤᠬᠲᠤᠵᠠᠢ᠃ | 9 ᠤ ᠤᠷᠤᠢ ᠠᠴᠠ 10 ᠤ ᠦᠷᠯᠦᠭᠡ ᠬᠦᠷᠲᠡᠯ᠎ᠡ ᠶᠡᠭᠡ ᠬᠢᠩᠭᠠᠨ ᠳᠠᠪᠠᠭᠠᠨ ᠤ ᠳ᠋ᠧᠯᠪᠡᠷ ᠤᠢ ᠰᠢᠭᠤᠢ ᠶᠢᠨ | ᠲᠤᠪᠴᠢᠶ᠎ᠠ ᠵᠡᠷᠭᠡ ᠳᠤ ᠬᠢᠷᠠᠭᠤ ᠤᠨᠠᠵᠦ᠂ ᠬᠦᠢᠲᠡᠨ ᠤᠷᠤᠰᠬᠠᠯ ᠤᠨ ᠨᠦᠯᠦᠭᠡᠯᠡᠯ ᠢᠶᠠᠷ ᠮᠠᠯᠵᠢᠬᠤ ᠤᠷᠤᠨ ᠤ ᠵᠡᠭᠦᠨ | ᠪᠡᠶ᠎ᠡ ᠬᠢᠭᠡᠳ ᠤᠢ ᠰᠢᠭᠤᠢ ᠶᠢᠨ ᠪᠦᠰᠡ ᠶᠢᠨ ᠪᠠᠷᠭᠠᠤᠨ ᠪᠡᠶ᠎ᠡ ᠳᠤ 8~10 ᠭᠷᠠᠳᠦ᠋ᠰ ᠬᠦᠢᠲᠡᠷᠡᠨ᠂ ᠪᠤᠰᠤᠳ | ᠭᠠᠵᠠᠷ ᠲᠤ 6~8 ᠭᠷᠠᠳᠦ᠋ᠰ ᠬᠦᠢᠲᠡᠷᠡᠵᠦ᠂ ᠤᠢ ᠰᠢᠭᠤᠢ ᠶᠢᠨ ᠪᠦᠰᠡ ᠶᠢᠨ ᠬᠤᠶᠢᠲᠤ ᠪᠡᠶ᠎ᠡ ᠳᠤ ᠬᠢᠷᠠᠭᠤ ᠤᠨᠠᠵᠠᠢ᠃ | ᠬᠦᠢᠲᠡᠷᠡᠬᠦ ᠶᠢᠨ ᠵᠡᠷᠭᠡᠪᠡᠷ ᠪᠠᠰᠠ 4~5 ᠳᠡᠰ ᠤᠨ ᠰᠠᠯᠬᠢ ᠰᠠᠯᠬᠢᠯᠠᠵᠦ᠂ ᠬᠡᠰᠡᠭ ᠲᠡᠭᠡᠨ 6 ᠳᠡᠰ ᠤᠨ ᠰᠠᠯᠬᠢ | ᠰᠠᠯᠬᠢᠯᠠᠪᠠ᠃ | ᠤᠶᠢᠷ᠎ᠠ ᠶᠢᠨ ᠡᠳᠦᠷ ᠤᠳ ᠲᠤ ︽ᠳᠤᠮᠳᠠᠳᠤ ᠶᠢᠨ ᠬᠦᠢᠲᠡᠨ ᠤ ᠲᠦᠢᠯ︾ ᠬᠡᠮᠡᠭᠳᠡᠭᠰᠡᠨ ᠭᠡᠭᠡᠨ ᠭᠤᠤᠯ ᠳᠤ | ᠨᠢᠭᠡᠨᠲᠡ ᠳᠤᠯᠠᠭᠠᠯᠭ᠎ᠠ ᠦᠭᠴᠦ ᠡᠪᠦᠯ ᠤᠨ ᠪᠡᠯᠡᠳᠬᠡᠯ ᠢᠶᠠᠨ ᠬᠢᠵᠦ ᠡᠬᠢᠯᠡᠭᠰᠡᠨ ᠪᠠᠶᠢᠨ᠎ᠠ᠃ |