ᠣᠳᠣᠬᠠᠨ ᠳᠤ᠂ ᠪᠦᠬᠦ ᠤᠯᠤᠰ ᠤᠨ ᠡᠯ᠎ᠡ ᠭᠠᠵᠠᠷ ᠤᠨ ᠬᠥᠳᠡᠭᠡ ᠲᠣᠰᠬᠤᠨ ᠤ ᠵᠣᠷᠯᠣᠩ ᠤᠨ | ᠥᠭᠡᠷᠡᠴᠢᠯᠡᠯᠲᠡ ᠶᠢᠨ ᠠᠵᠢᠯ ᠶᠠᠭ ᠢᠳᠡ ᠬᠥᠭ ᠲᠠᠢ ᠶᠠᠪᠤᠭᠳᠠᠵᠤ᠂ ︽ᠭᠠᠭ᠋ᠠᠢ ᠶᠢᠨ ᠡᠭᠦᠷ ᠲᠠᠢ ᠵᠠᠯᠭᠠᠯᠳᠤᠭᠰᠠᠨ | ᠵᠣᠷᠯᠣᠩ︾᠂ ︽ᠵᠠᠳᠠᠭᠠᠶ ᠵᠣᠷᠯᠣᠩ︾ ᠵᠡᠷᠭᠡ ᠨᠢ ᠶᠠᠭ ᠠᠭᠠᠵᠢᠮ ᠢᠶᠠᠷ ᠥᠬᠡᠶ ᠪᠣᠯᠵᠤ ᠪᠠᠶᠢᠨ᠎ᠠ᠃ ᠬᠠᠭᠠᠰ | ᠰᠠᠷ᠎ᠠ ᠶᠢᠨ ᠰᠤᠷᠪᠤᠯᠵᠢ ᠰᠡᠳᠬᠦᠯ ᠤᠨ ᠰᠤᠷᠪᠤᠯᠵᠢᠯᠠᠭᠴᠢ ᠣᠢᠷ᠎ᠠ ᠳᠤ ᠱᠠᠨ ᠰᠢ᠂ ᠱᠠᠨᠰᠢ᠂ ᠭᠠᠨᠰᠦ᠂ ᠥᠪᠥᠷ | ᠮᠣᠩᠭᠤᠯ᠂ ᠾᠧᠪᠧᠢ᠂ ᠾᠧᠨᠠᠨ ᠵᠡᠷᠭᠡ ᠮᠣᠵᠢ ᠣᠷᠣᠨ ᠤ ᠬᠥᠳᠡᠭᠡ ᠲᠣᠰᠬᠤᠨ ᠢᠶᠠᠷ ᠲᠣᠭᠤᠷᠢᠨ ᠰᠤᠷᠪᠤᠯᠵᠢᠯᠠᠭᠠᠳ | ᠬᠢᠴᠢᠶᠡᠯ ᠤᠨ ᠭᠡᠷ᠂ ᠪᠠᠢᠷᠢ᠂ ᠬᠤᠭᠤᠯᠠᠨ ᠭᠡᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠲᠠᠢ | ᠬᠠᠷᠢᠴᠠᠭᠤᠯᠪᠠᠯ ᠰᠤᠷᠭᠠᠭᠤᠯᠢ ᠶᠢᠨ ᠵᠣᠷᠯᠣᠩ ᠤᠨ ᠨᠥᠬᠦᠴᠡᠯ ᠢ ᠠᠩᠬᠠᠷᠬᠤ ᠬᠥᠮᠥᠨ ᠴᠥᠭᠡᠨ ᠪᠠᠶᠢᠵᠤ᠂ | ᠵᠣᠷᠯᠣᠩ ᠤᠨ ᠠᠰᠠᠭᠤᠳᠠᠯ ᠨᠢ ᠨᠢᠭᠡᠨᠲᠡ ᠰᠤᠷᠭᠠᠭᠤᠯᠢ ᠡᠷᠬᠢᠯᠡᠬᠦ ᠳᠤᠭᠤᠯᠳᠠᠯ᠂ ᠪᠣᠯᠪᠠᠰᠤᠨ ᠤ ᠬᠡᠮ ᠰᠣᠭᠤᠭ ᠪᠣᠯᠵᠤ᠂ | ᠬᠥᠮᠥᠰ ᠠᠩᠬᠠᠷᠤᠯ ᠢᠶᠠᠨ ᠬᠠᠨᠳᠤᠭᠤᠯᠬᠤ ᠦᠭᠡᠢ ᠪᠣᠯ ᠪᠣᠯᠬᠤ ᠦᠭᠡᠢ ᠪᠣᠯᠤᠭᠰᠠᠨ ᠢ ᠤᠯᠵᠤ ᠮᠡᠳᠡᠪᠡ᠃ | ᠲᠣᠰᠬᠤᠨ ᠤ ᠰᠤᠷᠭᠠᠭᠤᠯᠢ ᠳᠤ ᠤᠰᠤ ᠦᠭᠡᠢ ᠵᠣᠷᠯᠣᠩ ᠠᠷᠪᠢᠨ᠄ ᠢᠯᠠᠭ᠎ᠠ ᠪᠠᠲᠠᠭᠠᠨ᠎ᠠ ᠨᠢᠰᠦᠯᠳᠦᠵᠤ | ᠦᠨᠦᠷ ᠨᠢ ᠬᠠᠮᠠᠷ ᠭᠠᠳᠠᠮ᠎ᠠ | ᠬᠠᠭᠠᠰ ᠰᠠᠷ᠎ᠠ ᠶᠢᠨ ᠰᠤᠷᠪᠤᠯᠵᠢ ᠰᠡᠳᠬᠦᠯ ᠤᠨ ᠰᠤᠷᠪᠤᠯᠵᠢᠯᠠᠭᠴᠢ ᠬᠥᠳᠡᠭᠡ ᠲᠣᠰᠬᠤᠨ ᠢ ᠲᠣᠭᠤᠷᠢᠨ | ᠰᠤᠷᠪᠤᠯᠵᠢᠯᠠᠭᠠᠳ ᠴᠥᠭᠡᠨ ᠪᠤᠰᠤ ᠤᠰᠤ ᠦᠭᠡᠢ ᠵᠣᠷᠯᠣᠩ ᠪᠠᠶᠢᠬᠤ ᠶᠢ ᠣᠯᠵᠤ ᠬᠠᠷᠠᠪᠠ᠂ ᠵᠠᠷᠢᠮ ︽ᠪᠠᠷᠠᠭᠤᠨ | ᠣᠷᠣᠨ ᠤ ᠵᠠᠭᠤᠨ ᠬᠦᠴᠦᠷᠬᠡᠭ ᠰᠢᠶᠠᠨ ᠬᠤᠲᠠ︾᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠶᠢᠨ | ᠰᠤᠷᠭᠠᠭᠤᠯᠢ ᠳᠤ ᠴᠤ ᠤᠯᠠᠮᠵᠢᠯᠠᠯᠲᠤ ᠤᠰᠤ ᠦᠭᠡᠢ ᠵᠣᠷᠯᠣᠩ ᠬᠡᠷᠡᠭᠯᠡᠵᠦ᠂ ᠠᠵᠤ ᠠᠬᠤᠶ ᠨᠡᠯᠢᠶᠡᠳ ᠮᠠᠭᠤ ᠭᠠᠵᠠᠷ | ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠳᠤ ᠤᠰᠤ ᠦᠭᠡᠢ ᠵᠣᠷᠯᠣᠩ ᠨᠠᠩ ᠲᠦᠭᠡᠮᠡᠯ ᠪᠠᠢᠨ᠎ᠠ᠃ | ᠸᠠᠩ ᠴᠢᠦᠶ ᠼᠤ᠋ ᠶᠢᠰᠦᠨ ᠵᠢᠯ ᠤᠨ ᠳᠦᠷᠢᠮᠲᠦ ᠰᠤᠷᠭᠠᠭᠤᠯᠢ ᠨᠢ ᠱᠠᠨᠰᠢ ᠮᠤᠵᠢ ᠶᠢᠨ ᠢᠦᠶ ᠯᠢᠨ ᠬᠤᠲᠠ ᠶᠢᠨ | ᠵᠢᠩ ᠪᠢᠶᠠᠨ ᠰᠢᠶᠠᠨ ᠤ ᠪᠠᠷᠠᠭᠤᠨ ᠡᠮᠦᠨ᠎ᠡ 45 ᠺᠢᠯᠣᠮᠧᠲᠷ ᠵᠠᠶᠢᠲᠠᠶ ᠭᠠᠵᠠᠷ ᠲᠤ ᠪᠠᠶᠢᠷᠢᠯᠠᠵᠤ᠂ ᠣᠳᠣᠬᠠᠨ ᠳᠤ | ᠰᠤᠷᠭᠠᠭᠤᠯᠢ ᠳᠤ ᠰᠤᠷᠤᠭᠴᠢ ᠪᠠ ᠪᠠᠭᠰᠢ ᠠᠵᠢᠯᠲᠠᠨ 24 ᠨᠡᠷᠡᠰ ᠪᠣᠶ᠃ | ᠬᠠᠭᠠᠰ ᠰᠠᠷ᠎ᠠ ᠶᠢᠨ ᠰᠤᠷᠪᠤᠯᠵᠢ ᠰᠡᠳᠬᠦᠯ ᠤᠨ ᠰᠤᠷᠪᠤᠯᠵᠢᠯᠠᠭᠴᠢ ᠶᠢᠨ ᠤᠯᠵᠤ ᠬᠠᠷᠠᠭᠰᠠᠨ ᠢᠶᠠᠷ᠂ | ᠰᠤᠷᠭᠠᠭᠤᠯᠢ ᠶᠢᠨ ᠵᠣᠷᠯᠣᠩ ᠨᠢ ᠠᠯᠪᠠᠨ ᠭᠡᠷ ᠤᠨ ᠠᠰᠠᠷ ᠤᠨ ᠡᠮᠦᠨᠡᠬᠢ ᠵᠡᠭᠦᠨ ᠲᠠᠯ᠎ᠠ ᠳᠤ ᠪᠠᠶᠢᠷᠢᠯᠠᠵᠤ᠂ ᠡᠷᠡᠭᠲᠡᠶ | ᠰᠤᠷᠤᠭᠴᠢ ᠶᠢᠨ ᠵᠣᠷᠯᠣᠩ ᠨᠢ 12 ᠣᠴᠦ᠋ᠵᠤ ᠰᠠᠭᠤᠬᠤ ᠨᠦᠬᠡ ᠲᠠᠢ᠂ ᠱᠦᠢᠨᠢ ᠪᠠᠷ ᠬᠢᠭᠰᠡᠨ ᠨᠢᠭᠡ ᠰᠢᠭᠡᠰᠦᠨ ᠤ | ᠤᠷᠲᠤ ᠰᠠᠪᠠ ᠪᠠᠶᠢᠵᠤ᠂ ᠡᠭᠦᠳᠡ ᠨᠠᠭᠠᠯᠳᠤᠵᠤ ᠪᠠᠢᠭ᠎ᠠ ᠬᠤᠶᠠᠷ ᠣᠴᠦ᠋ᠵᠦ ᠰᠠᠭᠤᠳᠠᠭ ᠨᠦᠬᠡ ᠨᠢ ᠡᠪᠳᠡᠷᠡᠭᠡᠳ | ᠵᠤᠵᠠᠭᠠᠨ ᠴᠢᠯᠠᠭᠤᠨ ᠬᠠᠪᠲᠠᠰᠤ ᠪᠠᠷ ᠬᠠᠯᠬᠠᠯᠠᠵᠤ ᠪᠠᠢᠪᠠ᠃ ᠰᠤᠷᠭᠠᠭᠤᠯᠢ ᠶᠢᠨ ᠵᠠᠬᠢᠷᠤᠯ ᠯᠢ ᠵᠢᠩ ᠢᠦᠶ ᠬᠠᠭᠠᠰ | ᠰᠠᠷ᠎ᠠ ᠶᠢᠨ ᠰᠤᠷᠪᠤᠯᠵᠢ ᠰᠡᠳᠬᠦᠯ ᠤᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠰᠤᠷᠭᠠᠭᠤᠯᠢ ᠶᠢᠨ ᠮᠥᠩᠭᠦ ᠮᠠᠰᠢ | ᠬᠤᠮᠰᠠ᠂ ᠴᠡᠪᠡᠷᠯᠡᠭᠡ ᠬᠢᠳᠡᠭ ᠠᠵᠢᠯᠲᠠᠨ ᠬᠥᠯᠥᠰᠥᠯᠡᠵᠦ ᠳᠡᠢᠯᠬᠦ ᠥᠬᠡᠶ᠂ ᠬᠤᠶᠠᠷ ᠰᠠᠷ᠎ᠠ ᠳᠤ ᠨᠢᠭᠡ ᠤᠳᠠᠭ᠎ᠠ | ᠲᠣᠰᠬᠤᠨ ᠤ ᠠᠷᠠᠳ ᠢ ᠤᠷᠢᠵᠤ ᠪᠠᠭᠠᠰᠤᠨ ᠤ ᠨᠥᠬᠡ ᠴᠡᠪᠡᠷᠯᠡᠭᠦᠯᠬᠦ ᠳᠤ ᠪᠠᠰᠠ ᠬᠥᠯᠥᠰᠥᠨ ᠮᠥᠩᠭᠦ ᠥᠭᠬᠦ ᠬᠡᠷᠡᠭᠲᠡᠶ | ᠭᠡᠵᠡᠶ᠃ | ᠬᠠᠭᠠᠰ ᠰᠠᠷ᠎ᠠ ᠶᠢᠨ ᠰᠤᠷᠪᠤᠯᠵᠢ ᠰᠡᠳᠬᠦᠯ ᠤᠨ ᠰᠤᠷᠪᠤᠯᠵᠢᠯᠠᠭᠴᠢ ᠾᠧᠨᠠᠨ ᠮᠤᠵᠢ ᠶᠢᠨ ᠳ᠋ᠠᠨᠴᠤᠩ ᠰᠢᠶᠠᠨ ᠤ | ᠱᠢ ᠼᠤᠤ ᠪᠠᠯᠭᠠᠰᠤᠨ ᠤ ᠨᠢᠭᠡᠳᠦᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠣᠴᠢᠬᠤ ᠦᠶᠡᠰ ᠨᠢᠭᠡᠨᠲᠡ | ᠪᠦᠷᠦᠢ ᠪᠣᠯᠵᠠᠢ᠃ ᠡᠷᠡᠭᠲᠡᠶ ᠰᠤᠷᠤᠭᠴᠢ ᠶᠢᠨ ᠵᠣᠷᠯᠣᠩ ᠳᠣᠲᠣᠷ᠎ᠠ ᠨᠢᠭᠡ ᠯᠡ ᠳ᠋ᠧᠩ ᠲᠠᠢ᠂ ᠳ᠋ᠧᠩ ᠤᠨ ᠭᠡᠷᠡᠯ ᠨᠢ | ᠲᠦᠯ ᠤᠨ ᠪᠦᠳᠡᠭᠢ᠂ ᠬᠠᠮᠤᠭ ᠤᠨ ᠳᠣᠲᠣᠷᠠᠬᠢ ᠣᠴᠦ᠋ᠵᠣ ᠰᠠᠭᠤᠬᠤ ᠨᠦᠬᠡ ᠨᠢ ᠲᠣᠳᠣᠷᠬᠠᠶ ᠬᠠᠷᠠᠭᠳᠠᠬᠤ ᠥᠬᠡ︔ | ᠵᠣᠷᠯᠣᠩ ᠨᠢ ᠮᠥᠨ ᠯᠡ ᠬᠠᠭᠤᠴᠢᠨ ᠮᠠᠶ᠋᠊ᠢᠭ ᠤᠨ ᠵᠣᠷᠯᠣᠩ ᠪᠠᠶᠢᠵᠤ ᠵᠥᠪᠬᠡᠨ ᠤᠰᠤ ᠰᠦᠷᠴᠢᠬᠦ ᠬᠤᠭᠤᠯᠠᠶ | ᠤᠭᠰᠠᠷᠠᠭᠰᠠᠨ ᠠᠴᠠ ᠪᠢᠰᠢ᠂ ᠪᠠᠷᠢᠮᠵᠢᠶᠠᠲᠤ ᠮᠠᠶ᠋᠊ᠢᠭ ᠤᠨ ᠤᠰᠤ ᠪᠠᠷ ᠤᠬᠢᠶᠠᠬᠤ ᠥᠭᠡᠷᠡᠴᠢᠯᠡᠯᠲᠡ ᠬᠢᠭᠰᠡᠨ ᠥᠬᠡᠶ︔ | ᠵᠣᠷᠯᠣᠩ ᠤᠨ ᠦᠮᠡᠬᠡᠶ ᠦᠨᠦᠷ ᠮᠠᠰᠢ ᠠᠶᠤᠮᠠᠷ᠂ ᠱᠠᠯᠠ ᠶᠢᠨ ᠬᠤᠲᠣᠭᠤᠷ ᠬᠡᠰᠡᠭ ᠲᠤ ᠨᠢ ᠤᠰᠤ ᠬᠤᠷᠠᠵᠤ ᠪᠠᠢᠵᠠᠢ᠃ | | ᠭᠠᠨᠰᠤ ᠮᠤᠵᠢ ᠳᠤ᠂ ᠬᠥᠳᠡᠭᠡ ᠶᠢᠨ ᠰᠤᠷᠭᠠᠭᠤᠯᠢ ᠨᠢ ᠤᠰᠤ ᠦᠭᠡᠢ ᠵᠣᠷᠯᠣᠩ ᠢᠶᠠᠷ ᠭᠤᠤᠯᠯᠠᠵᠤ᠂ | ᠣᠯᠠᠩᠬᠢ ᠨᠢ ᠪᠦᠬᠦ ᠰᠤᠷᠭᠠᠭᠤᠯᠢ ᠪᠠᠷ ᠢᠶᠠᠨ ᠨᠢᠭᠡ ᠯᠡ ᠨᠡᠶᠢᠲᠡ ᠶᠢᠨ ᠵᠣᠷᠯᠣᠩ ᠲᠠᠢ᠃ ᠭᠠᠨᠰᠤ ᠮᠤᠵᠢ ᠶᠢᠨ ᠡᠤ ᠸᠧᠶ | ᠬᠤᠲᠠ ᠶᠢᠨ ᠯᠢᠶᠠᠩᠵᠸᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠢᠤᠢ ᠵᠤᠤ | ᠱᠧᠩ ᠬᠡᠯᠡᠬᠦ ᠳᠡᠭᠡᠨ᠂ ᠬᠥᠳᠡᠭᠡ ᠲᠣᠰᠬᠤᠨ ᠤ ᠰᠤᠷᠭᠠᠭᠤᠯᠢ ᠶᠢᠨ ᠵᠣᠷᠯᠣᠩ ᠳᠥᠭᠦᠮ ᠪᠦᠳᠦᠭᠦᠯᠢᠭ ᠪᠠᠶᠢᠵᠤ᠂ | ᠣᠢᠷ᠎ᠠ ᠶᠢᠨ ᠵᠢᠯ ᠳᠤ ᠲᠣᠭᠤᠷᠢᠭ ᠤᠨ ᠵᠠᠰᠠᠭ ᠤᠨ ᠣᠷᠳᠣᠨ ᠠᠴᠠ ᠨᠡᠶᠢᠲᠡ 3600 ᠭᠠᠷᠤᠶ ᠲᠦᠮᠡᠨ ᠲᠥᠭᠦᠷᠢᠭ | ᠣᠷᠣᠭᠤᠯᠵᠤ᠂ 83 ᠰᠠᠭᠤᠷᠢ ᠤᠰᠤ ᠪᠠᠷ ᠴᠡᠪᠡᠷᠯᠡᠳᠡᠭ ᠵᠣᠷᠯᠣᠩ ᠢ ᠰᠢᠨ᠎ᠡ ᠪᠠᠷ ᠪᠠᠶᠢᠭᠤᠯᠤᠭᠰᠠᠨ ᠪᠤᠶᠤ | ᠥᠭᠡᠷᠡᠴᠢᠯᠡᠨ ᠪᠠᠶᠢᠭᠤᠯᠪᠠ᠂ ᠭᠡᠪᠡᠴᠦ ᠪᠡᠯᠡ ᠮᠥᠩᠭᠦ ᠶᠢᠨ ᠠᠰᠠᠭᠤᠳᠠᠯ ᠠᠴᠠ ᠪᠣᠯᠵᠤ ᠣᠳᠣᠬᠠᠨ ᠳᠤ ᠵᠥᠪᠬᠡᠨ | ᠰᠢᠶᠠᠩ ᠪᠠᠯᠭᠠᠰᠤᠨ ᠤ ᠭᠤᠤᠯ ᠰᠤᠷᠭᠠᠭᠤᠯᠢ ᠬᠦᠷᠲᠡᠯ᠎ᠡ ᠥᠭᠡᠷᠡᠴᠢᠯᠡᠵᠦ᠂ ᠪᠠᠰᠠ ᠬᠥᠳᠡᠭᠡ ᠲᠣᠰᠬᠤᠨ ᠤ 172 | ᠰᠤᠷᠭᠠᠭᠤᠯᠢ ᠶᠢᠨ ᠤᠰᠤ ᠦᠭᠡᠢ ᠵᠣᠷᠯᠣᠩ ᠢ ᠥᠭᠡᠷᠡᠴᠢᠯᠡᠨ ᠵᠠᠰᠠᠬᠤ ᠴᠢᠬᠤᠯᠠᠲᠠᠶ ᠪᠠᠶᠢᠨ᠎ᠠ ᠭᠡᠵᠡᠢ᠃ | ︽ᠵᠤᠨ ᠤ ᠴᠠᠭ ᠲᠤ ᠢᠯᠠᠭ᠎ᠠ ᠪᠠᠲᠠᠭᠠᠨ᠎ᠠ ᠴᠤᠭᠯᠠᠷᠠᠵᠤ᠂ ᠡᠪᠦᠯ ᠤᠨ ᠬᠦᠢᠲᠡᠨ ᠳᠤ ᠰᠠᠯᠬᠢ ᠰᠡᠷᠴᠢᠬᠢᠨᠡᠨᠡ︾ | ᠭᠡᠵᠦ ᠭᠠᠨᠰᠦ ᠶᠢᠨ ᠡᠦ ᠸᠧᠶ ᠬᠤᠲᠠ ᠶᠢᠨ ᠯᠢᠶᠠᠩᠵᠸᠤ ᠲᠣᠭᠤᠷᠢᠭ ᠤᠨ ᠨᠢᠭᠡᠨ ᠪᠠᠯᠭᠠᠰᠤᠨ ᠤ ᠶᠢᠰᠦᠨ ᠵᠢᠯ ᠤᠨ | ᠳᠦᠷᠢᠮᠲᠦ ᠰᠤᠷᠭᠠᠭᠤᠯᠢ ᠶᠢᠨ ᠨᠢᠭᠡ ᠪᠠᠭᠰᠢ ᠬᠡᠯᠡᠵᠡᠶ᠃ ᠯᠠᠨᠵᠧᠤ ᠬᠤᠲᠠ ᠶᠢᠨ ᠭᠤᠴᠢᠨ ᠲᠠᠪᠤᠳᠤᠭᠠᠷ ᠳᠤᠮᠳᠠᠳᠤ | ᠰᠤᠷᠭᠠᠭᠤᠯᠢ ᠳᠤ ᠣᠳᠣᠬᠠᠨ ᠳᠤ 1460 ᠭᠠᠷᠤᠶ ᠰᠤᠷᠤᠭᠴᠢ᠂ 90 ᠭᠠᠷᠤᠶ ᠪᠠᠭᠰᠢ ᠠᠵᠢᠯᠲᠠᠨ ᠠᠵᠢᠯᠴᠢᠨ ᠲᠠᠢ᠂ | ᠪᠦᠬᠦ ᠰᠤᠷᠭᠠᠭᠤᠯᠢ ᠪᠠᠷ ᠢᠶᠠᠨ ᠵᠥᠪᠬᠡᠨ ᠲᠠᠮᠢᠷ ᠤᠨ ᠲᠠᠯᠠᠪᠤᠷ ᠤᠨ ᠪᠤᠯᠤᠩ ᠳᠤ ᠨᠢᠭᠡ ᠯᠡ ᠵᠣᠷᠯᠣᠩ ᠲᠠᠢ᠂ | ᠰᠤᠷᠤᠭᠴᠢᠳ ᠵᠣᠷᠯᠣᠩ ᠳᠤ ᠣᠷᠣᠬᠤ ᠳᠤ ᠦᠷᠭᠦᠯᠵᠢ ᠤᠷᠳᠤ ᠮᠥᠷᠯᠡᠳᠡᠭ᠃ ᠰᠤᠷᠭᠠᠭᠤᠯᠢ ᠶᠢᠨ ᠵᠠᠬᠢᠷᠤᠯ ᠰᠦᠩ | ᠯᠢᠨ ᠱᠧᠩ᠂ ᠵᠣᠷᠯᠣᠩ ᠤᠨ ᠨᠥᠬᠦᠴᠡᠯ ᠪᠠᠷᠤᠭᠲᠠᠶ ᠪᠠᠶᠢᠬᠤ ᠨᠢ ᠨᠢᠭᠡᠨᠲᠡ ᠮᠠᠰᠢ ᠣᠯᠠᠨ ᠭᠠᠵᠠᠷ ᠣᠷᠣᠨ ᠳᠤ | ᠨᠡᠶᠢᠳᠡᠮ ᠣᠷᠣᠰᠢᠵᠤ ᠪᠠᠶᠢᠭ᠎ᠠ ᠰᠤᠷᠭᠠᠭᠤᠯᠢ ᠡᠷᠬᠢᠯᠡᠬᠦ ᠳᠣᠭᠤᠯᠳᠠᠯ ᠪᠣᠯᠵᠠᠶ ᠭᠡᠪᠡ᠃ | ᠤᠰᠤ ᠪᠠᠷ ᠴᠡᠪᠡᠷᠯᠡᠳᠡᠭ ᠵᠣᠷᠯᠣᠩ ᠨᠢ ᠡᠭᠦᠳᠡ ᠦᠭᠡᠢ ᠠᠴᠠ ᠡᠪ ᠦᠭᠡᠢᠷᠡᠭᠦᠯᠬᠦ ᠪᠠᠢᠳᠠᠯ ᠣᠯᠠᠨ᠂ | ᠵᠣᠷᠯᠣᠩ ᠳᠤ ᠣᠷᠣᠬᠤ ᠳᠤ ᠠᠮᠤᠷ ᠲᠦᠪᠰᠢᠨ ᠤ ᠰᠡᠳᠬᠢᠭᠳᠡᠯ ᠢᠶᠠᠷ ᠳᠤᠲᠠᠮᠠᠭ | ᠪᠠᠶᠢᠴᠠᠭᠠᠨ ᠰᠤᠳᠤᠯᠤᠯᠲᠠ ᠶᠢᠨ ᠳᠤᠮᠳᠠ ᠬᠠᠭᠠᠰ ᠰᠠᠷ᠎ᠠ ᠶᠢᠨ ᠰᠤᠷᠪᠤᠯᠵᠢ ᠰᠡᠳᠬᠦᠯ ᠤᠨ ᠰᠤᠷᠪᠤᠯᠵᠢᠯᠠᠭᠴᠢ | ᠣᠯᠵᠤ ᠦᠵᠡᠭᠰᠡᠨ ᠨᠢ᠂ ᠮᠠᠰᠢ ᠣᠯᠠᠨ ᠰᠤᠷᠭᠠᠭᠤᠯᠢ ᠶᠢᠨ ᠵᠣᠷᠯᠣᠩ ᠨᠢ ᠡᠭᠦᠳᠡ ᠥᠬᠡᠶ᠂ ᠣᠴᠦ᠋ᠵᠤ ᠰᠠᠭᠤᠳᠠᠭ | ᠵᠣᠷᠯᠣᠩ ᠡᠭᠦᠳᠡ ᠲᠠᠢ ᠨᠢ ᠲᠤᠩ ᠴᠥᠭᠡᠨ᠂ ᠪᠠᠭᠰᠢ ᠰᠤᠷᠤᠭᠴᠢ ᠵᠣᠷᠯᠣᠩ ᠳᠤ ᠤᠷᠣᠬᠤ ᠳᠤ ᠠᠮᠤᠷ ᠲᠦᠪᠰᠢᠨ ᠤ | ᠰᠡᠳᠬᠢᠭᠳᠡᠯ ᠢᠶᠠᠷ ᠳᠤᠲᠠᠮᠠᠭ ᠪᠠᠶᠢᠨ᠎ᠠ᠃ | | | ᠱᠠᠨᠰᠢ ᠮᠤᠵᠢ ᠶᠢᠨ ᠢᠦᠶ ᠯᠢᠨ ᠬᠤᠲᠠ ᠶᠢᠨ ᠵᠢᠩ ᠪᠢᠶᠠᠨ ᠰᠢᠶᠠᠨ ᠤ ᠨᠢᠭᠡᠨ ᠬᠥᠳᠡᠭᠡ ᠲᠣᠰᠬᠤᠨ ᠤ | ᠰᠤᠷᠭᠠᠭᠤᠯᠢ ᠶᠢᠨ ᠤᠰᠤ ᠦᠭᠡᠢ ᠵᠣᠷᠯᠣᠩ ᠤᠨ ᠳᠣᠲᠣᠷᠠᠬᠢ ᠪᠠᠢᠳᠠᠯ᠂ ᠵᠢᠶᠠ ᠯᠢ ᠵᠢᠶᠦ᠋ᠨ ᠰᠡᠭᠦᠳᠡᠷᠯᠡᠪᠡ | ᠱᠠᠨ ᠰᠢ ᠶᠢᠨ ᠲᠠᠶᠢᠶᠤᠸᠠᠨ ᠬᠤᠲᠠ ᠶᠢᠨ ᠨᠢᠭᠡᠨ ᠰᠢᠶᠠᠨ ᠤ ᠪᠠᠭ᠎ᠠ ᠰᠤᠷᠭᠠᠭᠤᠯᠢ ᠨᠢ ᠤᠰᠤ ᠦᠭᠡᠢ | ᠵᠣᠷᠯᠣᠩ ᠢ ᠤᠰᠤ ᠪᠠᠷ ᠴᠡᠪᠡᠷᠯᠡᠳᠡᠭ ᠵᠣᠷᠯᠣᠩ ᠪᠣᠯᠭᠠᠵᠤ᠂ ᠡᠷᠡᠭᠦᠯ ᠬᠠᠮᠠᠭᠠᠯᠠᠯ ᠤᠨ ᠨᠥᠬᠦᠴᠡᠯ ᠨᠢ ᠪᠣᠯᠤᠮᠠᠷ | ᠪᠣᠯᠪᠠᠴᠤ ᠣᠴᠦ᠋ᠵᠤ ᠰᠠᠭᠤᠳᠠᠭ ᠨᠦᠬᠡᠨ ᠳᠤ ᠨᠢ ᠡᠭᠦᠳᠡ ᠦᠭᠡᠢ᠃ ᠬᠠᠭᠠᠰ ᠰᠠᠷ᠎ᠠ ᠶᠢᠨ ᠰᠤᠷᠪᠤᠯᠵᠢ ᠰᠡᠳᠬᠦᠯ ᠤᠨ | ᠰᠤᠷᠪᠤᠯᠵᠢᠯᠠᠭᠴᠢ ᠡᠮᠡᠭᠲᠡᠶ ᠵᠣᠷᠯᠣᠩ ᠳᠤ ᠣᠯᠵᠤ ᠦᠵᠡᠭᠰᠡᠨ ᠨᠢ᠂ ᠨᠢᠭᠡ ᠡᠮᠡᠭᠲᠡᠶ ᠰᠤᠷᠤᠭᠴᠢ ᠭᠠᠳᠠᠷ ᠬᠦᠷᠮ᠎ᠡ ᠪᠠᠷ | ᠣᠴᠦ᠋ᠢᠵᠤ ᠰᠠᠭᠤᠳᠠᠭ ᠨᠦᠬᠡᠨ ᠤ ᠬᠤᠶᠠᠷ ᠲᠠᠯ᠎ᠠ ᠶᠢᠨ ᠲᠠᠰᠤᠯᠭᠠᠨ ᠳᠤ ᠬᠠᠯᠬᠠᠯᠠᠨ ᠵᠣᠭᠰᠣᠵᠤ᠂ ᠨᠥᠭᠦᠭᠡ ᠨᠢᠭᠡ | ᠡᠮᠡᠭᠲᠡᠶ ᠰᠤᠷᠤᠭᠴᠢ ᠨᠢ ᠳᠣᠲᠣᠷ᠎ᠠ ᠨᠢ ᠭᠠᠳᠠᠭᠠᠯᠠᠵᠤ ᠪᠠᠶᠢᠪᠠ᠃ ᠡᠨᠡ ᠬᠤᠶᠠᠷ ᠵᠢᠷᠭᠤᠳᠤᠭᠠᠷ ᠣᠨ ᠤ ᠡᠮᠡᠭᠲᠡᠶ | ᠰᠤᠷᠤᠭᠴᠢ᠂ ᠵᠣᠷᠯᠣᠩ ᠳᠤ ᠣᠷᠣᠬᠤ ᠪᠣᠯᠭᠠᠨ ᠵᠠᠪᠠᠯ ᠬᠠᠮᠲᠤ ᠰᠤᠷᠤᠭᠴᠢ ᠲᠠᠢ ᠪᠠᠨ ᠬᠠᠮᠲᠤ ᠢᠷᠡᠵᠦ ᠬᠠᠷᠢᠯᠴᠠᠨ | ᠬᠠᠯᠬᠠᠯᠠᠨ᠎ᠠ᠂ ᠡᠰᠡ ᠲᠡᠭᠡᠪᠡᠯ ︽ᠵᠣᠷᠯᠣᠩ ᠳᠤ ᠣᠷᠣᠬᠤ ᠵᠣᠷᠢᠭ ᠦᠭᠡᠢ︾᠂ ᠬᠡᠷᠪᠡ ᠬᠠᠮᠲᠤ ᠰᠤᠷᠤᠭᠴᠢ ᠨᠢ ᠶᠠᠭ | ᠰᠠᠶᠢᠬᠠᠨ ᠤᠴᠢᠷ ᠳᠠᠭᠠᠷᠠᠭᠠᠳ ᠬᠠᠨᠢ ᠪᠣᠯᠵᠤ ᠴᠢᠳᠠᠬᠤ ᠦᠭᠡᠢ ᠪᠣᠯ ︽ᠲᠡᠰᠪᠦᠷᠢᠯᠡᠬᠦ ᠠᠴᠠ ᠥᠭᠡᠷ᠎ᠡ ᠠᠷᠭ᠎ᠠ ᠦᠭᠡᠢ︾ | ᠭᠡᠵᠦ ᠬᠡᠯᠡᠪᠡ᠃ ᠭᠤᠷᠪᠠᠳᠤᠭᠠᠷ ᠣᠨ ᠤ ᠨᠢᠭᠡ ᠡᠮᠡᠭᠲᠡᠶ ᠰᠤᠷᠤᠭᠴᠢ᠂ ᠵᠠᠷᠢᠮ ᠳᠠᠭᠠᠨ ᠬᠥᠮᠥᠨ ᠳᠥᠭᠦᠷᠡᠩ ᠦᠶᠡᠰ | ᠬᠠᠮᠲᠤ ᠰᠤᠷᠤᠭᠴᠢᠳ ᠡᠮᠦᠨ᠎ᠡ ᠵᠣᠭᠰᠣᠭᠠᠳ ᠬᠦᠯᠢᠶᠡᠴᠢᠬᠡᠨᠡ᠂ ᠶᠡᠭᠡ ᠡᠪ ᠦᠭᠡᠢ ᠶᠤᠮ︾ ᠭᠡᠪᠡ᠃ | ᠮᠠᠰᠢ ᠣᠯᠠᠨ ᠡᠮᠡᠭᠲᠡᠶ ᠰᠤᠷᠤᠭᠴᠢ ᠬᠡᠯᠡᠬᠦ ᠳᠡᠭᠡᠨ᠂ ᠵᠣᠷᠯᠣᠩ ᠡᠭᠦᠳᠡ ᠥᠬᠡᠶ ᠨᠢ ᠲᠡᠳᠡᠨ ᠤ ᠵᠣᠷᠯᠣᠩ ᠳᠤ | ᠣᠷᠣᠬᠤ ᠶᠢᠨ ᠵᠣᠪᠠᠨᠢᠯ ᠪᠣᠯᠵᠤ ᠪᠠᠢᠨ᠎ᠠ᠃ ᠨᠡᠯᠢᠶᠡᠳ ᠡᠷᠲᠡ ᠪᠤᠶᠢᠵᠢᠬᠰᠠᠨ ᠡᠮᠡᠭᠲᠡᠶ ᠰᠤᠷᠤᠭᠴᠢ ᠠᠷᠢᠭᠤᠨ | ᠴᠡᠪᠡᠷ ᠤᠨ ᠴᠠᠭᠠᠰᠤ ᠪᠠᠨ ᠰᠣᠯᠢᠬᠤ ᠠᠴᠠ ᠡᠪ ᠦᠭᠡᠶᠢᠷᠡᠵᠦ᠂ ᠭᠡᠷ ᠲᠡᠭᠡᠨ ᠬᠠᠷᠢᠬᠤ ᠪᠤᠶᠤ ᠬᠢᠴᠢᠶᠡᠯ ᠣᠷᠣᠭᠰᠠᠨ ᠤ | ᠳᠠᠷᠠᠭ᠎ᠠ ᠵᠣᠷᠯᠣᠩ ᠳᠤ ᠬᠥᠮᠦᠨ ᠦᠭᠡᠢ ᠪᠠᠶ᠋ᠬᠤ ᠦᠶ᠎ᠡ ᠳᠤ ᠣᠴᠢᠵᠤ ᠰᠣᠯᠢᠳᠠᠭ᠃ | ᠾᠧᠪᠧᠢ ᠮᠤᠵᠢ ᠶᠢᠨ ᠰᠢᠩ ᠲᠠᠢ ᠬᠤᠲᠠ ᠶᠢᠨ ᠬᠡᠰᠡᠭ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ | ᠠᠵᠢᠯᠲᠠᠨ ᠬᠡᠯᠡᠬᠦ ᠳᠡᠭᠡᠨ᠂ ᠵᠣᠷᠯᠣᠩ ᠤᠨ ᠥᠭᠡᠷᠡᠴᠢᠯᠡᠯᠲᠡ ᠨᠢᠭᠡᠨᠲᠡ ᠳᠠᠭᠤᠰᠤᠭᠰᠠᠨ ᠪᠣᠯᠪᠠᠴᠤ ᠪᠠᠷᠢᠯᠭ᠎ᠠ ᠶᠢᠨ | ᠲᠠᠯᠠᠪᠠᠢ ᠶᠢᠨ ᠬᠢᠵᠠᠭᠠᠷᠯᠠᠯ ᠠᠴᠠ ᠪᠣᠯᠵᠤ ᠬᠥᠳᠡᠭᠡ ᠲᠣᠰᠬᠤᠨ ᠤ ᠵᠣᠷᠯᠣᠩ ᠤᠨ ᠣᠯᠠᠩᠬᠢ ᠨᠢ ᠭᠠᠳᠠᠭ᠎ᠠ ᠪᠠᠶᠢᠵᠤ᠂ | ᠡᠪᠦᠯ ᠤᠨ ᠤᠯᠠᠷᠢᠯ ᠳᠤ ᠬᠦᠢᠲᠡᠨ ᠠᠭᠤᠷ ᠠᠮᠢᠰᠬᠤᠯ ᠳᠣᠤᠷ᠎ᠠ ᠤᠰᠤᠨ ᠬᠤᠭᠤᠯᠠᠶ ᠬᠥᠯᠳᠡᠬᠦ ᠪᠠᠢᠳᠠᠯ ᠠᠮᠠᠷᠬᠠᠨ | ᠭᠠᠷᠳᠠᠭ ᠭᠡᠵᠡᠶ᠃ | ᠣᠴᠦ᠋ᠵᠤ ᠰᠠᠭᠤᠬᠤ ᠨᠦᠬᠡ ᠨᠢ ᠬᠡᠷᠡᠭᠯᠡᠵᠦ ᠬᠦᠷᠬᠦ ᠦᠭᠡᠢ᠂ ᠨᠢᠭᠡ ᠯᠠ ᠳᠣᠣᠷ᠎ᠠ ᠪᠥᠭᠡᠮᠨᠡᠷᠡᠵᠦ ᠵᠣᠷᠯᠣᠩ ᠳᠤ | ᠣᠷᠣᠬᠤ ᠨᠢ ᠳᠠᠯᠳᠠ ᠠᠶᠤᠯ ᠲᠠᠢ | ᠰᠤᠷᠭᠠᠨ ᠬᠥᠮᠦᠵᠢᠯ ᠤᠨ ᠶᠠᠮᠤᠨ᠂ ᠡᠷᠡᠭᠦᠯ ᠬᠠᠮᠠᠭᠠᠯᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ 2008 | ᠣᠨ ᠳᠤ ᠳᠠᠷᠤᠮᠠᠯᠯᠠᠨ ᠲᠠᠷᠬᠠᠭᠠᠭᠰᠠᠨ ︽ᠤᠯᠤᠰ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ | ᠨᠥᠬᠦᠴᠡᠯ ᠤᠨ ᠲᠤᠷᠰᠢᠨ ᠬᠡᠷᠡᠭᠵᠢᠭᠦᠯᠬᠦ ᠦᠨᠳᠦᠰᠦᠨ ᠪᠠᠷᠢᠮᠵᠢᠶ᠎ᠠ︾ ᠳᠤ᠂ ︽ᠰᠢᠨ᠎ᠡ ᠪᠠᠷ ᠪᠠᠶᠢᠭᠤᠯᠬᠤ ᠵᠢᠭᠠᠨ | ᠰᠤᠷᠭᠠᠯᠲᠠ ᠶᠢᠨ ᠠᠰᠠᠷ ᠲᠤ ᠳᠠᠪᠬᠤᠷᠭ᠎ᠠ ᠪᠦᠷᠢ ᠳᠤ ᠵᠣᠷᠯᠣᠩ ᠪᠠᠶᠢᠭᠤᠯᠬᠤ ᠬᠡᠷᠡᠭᠲᠡᠶ︾︔ ᠳᠤᠮᠳᠠᠳᠤ ᠪᠠᠭ᠎ᠠ | ᠰᠤᠷᠭᠠᠭᠤᠯᠢ ᠶᠢᠨ ᠵᠣᠷᠯᠣᠩ ᠨᠢ ︽ᠡᠮᠡᠭᠲᠡᠶ ᠰᠤᠷᠤᠭᠴᠢ ᠪᠣᠯ 15 ᠬᠥᠮᠦᠨ ᠪᠦᠷᠢ ᠳᠤ ᠨᠢᠭᠡ ᠣᠴᠦ᠋ᠵᠤ ᠰᠠᠭᠤᠬᠤ | ᠪᠠᠢᠷᠢ ᠲᠣᠬᠢᠷᠠᠭᠤᠯᠵᠤ︔ ᠡᠷᠡᠭᠲᠡᠶ ᠰᠤᠷᠤᠭᠴᠢ 30 ᠬᠥᠮᠦᠨ ᠪᠦᠷᠢ ᠳᠤ ᠨᠢᠭᠡ ᠣᠴᠦ᠋ᠢᠵᠤ ᠰᠠᠭᠤᠬᠤ ᠪᠠᠶᠢᠷᠢ | ᠭᠠᠷᠭᠠᠵᠤ᠂ 40 ᠬᠥᠮᠦᠨ ᠪᠦᠷᠢ ᠳᠤ 1 ᠮᠧᠲᠷ ᠤᠷᠳᠤ ᠰᠢᠭᠡᠬᠦ ᠰᠠᠪᠠ ᠲᠣᠬᠢᠷᠠᠭᠤᠯᠬᠤ ᠬᠡᠷᠡᠭᠲᠡᠶ︾ ᠭᠡᠵᠦ | ᠱᠠᠭᠠᠷᠳᠠᠵᠠᠢ᠃ ᠭᠡᠪᠡᠴᠦ ᠡᠨᠡ ᠪᠠᠷᠢᠮᠵᠢᠶ᠎ᠠ ᠳᠤ ᠬᠦᠷᠬᠦ ᠰᠤᠷᠭᠠᠭᠤᠯᠢ ᠲᠤᠩ ᠴᠥᠭᠡᠨ ᠪᠠᠶᠢᠳᠠᠭ᠃ ᠰᠤᠷᠪᠤᠯᠵᠢᠯᠠᠭ᠎ᠠ | ᠬᠦᠯᠢᠶᠡᠭᠰᠡᠨ ᠵᠠᠷᠢᠮ ᠰᠤᠷᠭᠠᠭᠤᠯᠢ ᠶᠢᠨ ᠵᠠᠬᠢᠷᠤᠯ ᠢᠯᠡᠷᠬᠡᠶᠢᠯᠡᠬᠦ ᠳᠡᠭᠡᠨ᠂ ᠰᠤᠷᠭᠠᠭᠤᠯᠢ ᠶᠢᠨ ᠵᠣᠷᠯᠣᠩ ᠨᠢ ᠴᠥᠭᠡᠨ᠂ | ᠰᠤᠷᠤᠭᠴᠢ ᠨᠢ ᠣᠯᠠᠨ᠂ ᠬᠢᠴᠢᠶᠡᠯ ᠤᠨ ᠵᠠᠪᠰᠠᠷᠯᠠᠭ᠎ᠠ ᠶᠢᠨ ᠴᠠᠭ ᠨᠢ ᠣᠬᠤᠷ ᠪᠠᠶᠢᠵᠤ᠂ ᠲᠡᠳᠡ ᠦᠷᠭᠦᠯᠵᠢ ᠬᠢᠴᠢᠶᠡᠯ | ᠪᠠᠭᠤᠬᠤ ᠦᠶ᠎ᠡ ᠳᠤ ᠬᠡᠤᠬᠡᠳ ᠤᠳ ᠨᠢᠭᠡ ᠯᠠ ᠳᠣᠣᠷ᠎ᠠ ᠲᠥᠪᠯᠡᠷᠡᠨ ᠵᠣᠷᠯᠣᠩ ᠳᠤ ᠣᠷᠣᠭᠠᠳ ᠠᠮᠤᠷ ᠲᠦᠪᠰᠢᠨ ᠤ | ᠠᠳᠡᠯ ᠭᠠᠷᠬᠤ ᠠᠴᠠ ᠰᠠᠨᠠᠭ᠎ᠠ ᠵᠣᠪᠠᠳᠠᠭ᠃ | | | ᠱᠠᠨᠰᠢ ᠮᠤᠵᠢ ᠶᠢᠨ ᠢᠦᠶ ᠯᠢᠨ ᠬᠤᠲᠠ ᠶᠢᠨ ᠵᠢᠩ ᠪᠢᠶᠠᠨ ᠰᠢᠶᠠᠨ ᠤ ᠨᠢᠭᠡᠨ ᠬᠥᠳᠡᠭᠡ ᠲᠣᠰᠬᠤᠨ ᠤ | ᠰᠤᠷᠭᠠᠭᠤᠯᠢ ᠶᠢᠨ ᠤᠰᠤ ᠦᠭᠡᠢ ᠵᠣᠷᠯᠣᠩ ᠤᠨ ᠭᠠᠳᠠᠨᠠᠬᠢ ᠪᠠᠢᠳᠠᠯ᠂ ᠵᠢᠶᠠ ᠯᠢ ᠵᠢᠶᠦ᠋ᠨ ᠰᠡᠭᠦᠳᠡᠷᠯᠡᠪᠡ | 2590 ᠰᠤᠷᠤᠭᠴᠢ ᠲᠠᠢ᠂ 120 ᠪᠠᠭᠰᠢ ᠲᠠᠢ ᠥᠪᠥᠷ ᠮᠣᠩᠭᠤᠯ ᠤᠨ ᠪᠤᠭᠤᠲᠤ ᠬᠤᠲᠠ ᠶᠢᠨ ᠪᠣᠯᠣᠳ | ᠲᠡᠮᠦᠷ ᠤᠨ ᠶᠡᠭᠡ ᠵᠡᠭᠡᠯᠢ ᠶᠢᠨ ᠭᠤᠷᠪᠠᠳᠤᠭᠠᠷ ᠪᠠᠭ᠎ᠠ ᠰᠤᠷᠭᠠᠭᠤᠯᠢ ᠳᠤ ᠵᠥᠪᠬᠡᠨ 60 ᠣᠴᠦ᠋ᠵᠤ ᠰᠠᠭᠤᠬᠤ | ᠨᠦᠬᠡ ᠲᠠᠢ ᠨᠢᠭᠡ ᠯᠡ ᠨᠡᠶᠢᠲᠡ ᠶᠢᠨ ᠵᠣᠷᠯᠣᠩ ᠲᠠᠢ᠂ ᠪᠠᠭᠰᠢ ᠰᠤᠷᠤᠭᠴᠢ ᠰᠢᠬᠠᠯᠳᠤᠵᠤ ᠵᠣᠷᠯᠣᠩ ᠳᠤ ᠣᠷᠣᠨ᠎ᠠ᠃ | ᠬᠥᠬᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢ 2800 ᠭᠠᠷᠤᠶ ᠪᠠᠶᠢᠵᠤ᠂ ᠲᠣᠰ ᠰᠤᠷᠭᠠᠭᠤᠯᠢ ᠶᠢᠨ ᠴᠥᠭᠡᠨ ᠪᠤᠰᠤ ᠭᠡᠷ ᠤᠨ ᠠᠬᠠᠮᠠᠳ ᠠᠴᠠ | ᠰᠤᠷᠭᠠᠭᠤᠯᠢ ᠬᠡᠳᠦ᠋ᠢᠪᠡᠷ ᠵᠣᠷᠯᠣᠩ ᠲᠠᠢ ᠪᠣᠯᠪᠠᠴᠤ ᠰᠤᠷᠤᠭᠴᠢ ᠣᠯᠠᠨ᠂ ᠬᠡᠤᠬᠡᠳ ᠤᠳ ᠵᠣᠷᠯᠣᠩ ᠳᠤ ᠪᠥᠭᠡᠮᠨᠡᠷᠡᠵᠦ | ᠣᠷᠣᠪᠠᠯ ᠬᠤᠭᠤᠷᠣᠨᠳᠤ ᠪᠠᠨ ᠭᠢᠰᠬᠢᠯᠴᠡᠵᠦ ᠭᠡᠮᠲᠦᠬᠦ ᠠᠶᠤᠯ ᠭᠠᠷᠴᠤ ᠮᠡᠳᠡᠬᠦ ᠪᠣᠯᠣᠯᠴᠠᠭ᠎ᠠ ᠶᠡᠭᠡ ᠭᠡᠮᠡᠨ | ᠰᠠᠨᠠᠭᠠᠰᠢᠷᠠᠵᠤ ᠪᠠᠶᠢᠨ᠎ᠠ᠃ | ᠱᠠᠨᠰᠢ ᠶᠢᠨ ᠢᠦᠶ ᠯᠢᠨ ᠬᠤᠲᠠ ᠶᠢᠨ ᠵᠢᠩ ᠪᠢᠶᠠᠨ ᠰᠢᠶᠠᠨ ᠤ ᠬᠤᠲᠠ ᠬᠥᠳᠡᠭᠡ ᠶᠢᠨ ᠠᠭᠤᠯᠵᠠᠷ ᠬᠡᠰᠡᠭ ᠤᠨ | ᠵᠢᠩ ᠪᠢᠶᠠᠨ ᠰᠢᠶᠠᠨ ᠤ ᠲᠠᠪᠤᠳᠤᠭᠠᠷ ᠳᠤᠮᠳᠠᠳᠤ ᠰᠤᠷᠭᠠᠭᠤᠯᠢ ᠳᠤ ᠣᠳᠣᠬᠠᠨ ᠳᠤ 743 ᠰᠤᠷᠤᠭᠴᠢ ᠲᠠᠢ᠂ | ᠡᠭᠦᠨ ᠤ ᠳᠣᠲᠣᠷ᠎ᠠ ᠪᠠᠶᠢᠷᠢ ᠳᠤ ᠰᠠᠭᠤᠭ᠎ᠠ ᠰᠤᠷᠤᠭᠴᠢ 665 ᠪᠠᠶᠢᠵᠤ᠂ ᠰᠤᠷᠭᠠᠭᠤᠯᠢ ᠶᠢᠨ ᠪᠠᠷᠠᠭᠤᠨ ᠲᠠᠯ᠎ᠠ ᠳᠤ | ᠵᠥᠪᠬᠡᠨ ᠨᠢᠭᠡ ᠯᠠ ᠤᠰᠤ ᠦᠭᠡᠢ ᠵᠣᠷᠯᠣᠩ ᠲᠠᠢ᠃ | ᠰᠤᠷᠭᠠᠭᠤᠯᠢ ᠶᠢᠨ ᠳᠡᠳ᠋ ᠵᠠᠬᠢᠷᠤᠯ ᠮᠠ ᠬᠤᠩ ᠢᠦᠶ ᠬᠡᠯᠡᠬᠦ ᠳᠡᠭᠡᠨ᠂ ᠤᠰᠤ ᠦᠭᠡᠢ ᠵᠣᠷᠯᠣᠩ ᠨᠢ ᠵᠢᠭᠠᠨ | ᠰᠤᠷᠭᠠᠯᠲᠠ ᠶᠢᠨ ᠠᠰᠠᠷ ᠠᠴᠠ ᠨᠡᠯᠢᠶᠡᠳ ᠬᠤᠯᠠ᠂ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠤᠨ ᠴᠠᠭ ᠨᠢ | ᠬᠦᠷᠦᠯᠴᠡᠬᠦ ᠥᠬᠡᠶ ᠪᠣᠯᠬᠤᠷ ᠰᠤᠷᠤᠭᠴᠢᠳ ᠵᠣᠷᠯᠣᠩ ᠳᠤ ᠣᠷᠣᠬᠤ ᠠᠴᠠ ᠪᠣᠯᠵᠤ ᠬᠢᠴᠢᠶᠡᠯ ᠠᠴᠠ ᠪᠠᠨ | ᠬᠤᠵᠢᠭᠳᠠᠬᠤ ᠦᠵᠡᠭᠳᠡᠯ ᠦᠷᠭᠦᠯᠵᠢ ᠭᠠᠷᠳᠠᠭ᠃ ᠡᠨᠡ ᠵᠢᠯ ᠤᠨ ᠨᠠᠮᠤᠷ ᠤᠨ ᠤᠯᠠᠷᠢᠯ ᠰᠤᠷᠤᠭᠴᠢᠳ ᠤᠨ ᠪᠥᠬᠦ | ᠲᠤᠭ᠎ᠠ 1200 ᠬᠦᠷᠴᠦ ᠬᠢᠴᠢᠶᠡᠯ ᠤᠨ ᠭᠡᠷ ᠪᠠ ᠵᠣᠷᠯᠣᠩ ᠬᠦᠨᠳᠦ ᠨᠣᠴᠢᠲᠠᠶ ᠳᠤᠲᠠᠭᠳᠠᠬᠤ ᠪᠣᠯᠤᠨ᠎ᠠ ᠭᠡᠵᠡᠢ᠃ | ᠬᠠᠷᠢᠨ ᠤᠰᠤ ᠦᠭᠡᠢ ᠵᠣᠷᠯᠣᠩ ᠤᠨ ᠠᠮᠤᠷ ᠲᠦᠪᠰᠢᠨ ᠤ ᠠᠰᠠᠭᠤᠳᠠᠯ ᠨᠠᠩ ᠬᠦᠨᠳᠦ ᠨᠣᠴᠢᠲᠠᠶ ᠶᠤᠮ᠃ | ᠱᠠᠨ ᠰᠢ ᠮᠤᠵᠢ ᠶᠢᠨ ᠶᠠᠩ ᠴᠢᠦᠶ ᠰᠢᠶᠠᠨ ᠤ ᠱᠸᠦ ᠢ ᠣᠯᠠᠨ ᠤᠯᠤᠰ ᠤᠨ ᠰᠤᠷᠭᠠᠭᠤᠯᠢ ᠪᠣᠯ ᠶᠢᠰᠦᠨ ᠵᠢᠯ ᠤᠨ | ᠳᠦᠷᠢᠮᠲᠦ ᠪᠠᠶᠢᠷᠢ ᠳᠤ ᠰᠠᠭᠤᠬᠤ ᠰᠤᠷᠭᠠᠭᠤᠯᠢ ᠪᠠᠶᠢᠵᠤ᠂ ᠺᠠᠷᠲᠯᠠᠨ ᠳᠠᠩᠰᠠᠯᠠᠭᠰᠠᠨ ᠮᠠᠰᠢ ᠣᠯᠠᠨ ᠶᠠᠳᠠᠭᠤ | ᠬᠦᠴᠢᠷᠳᠡᠯᠲᠡᠶ ᠡᠷᠦᠬᠡ ᠶᠢᠨ ᠦᠷ᠎ᠡ ᠬᠡᠤᠬᠡᠳ ᠢ ᠰᠤᠷᠤᠯᠴᠠᠭᠤᠯᠬᠤ ᠶᠢᠨ ᠬᠠᠮᠲᠤ ᠲᠡᠳᠡᠨ ᠳᠤ ᠰᠦᠶ᠋ᠳᠬᠡᠯ ᠬᠤᠷᠢᠶᠠᠬᠤ | ᠦᠭᠡᠢ ᠪᠠᠷ ᠢᠳᠡᠵᠦ ᠬᠤᠨᠣᠬᠤ ᠶᠢ ᠨᠢ ᠬᠠᠩᠭᠠᠵᠠᠶ᠃ ᠰᠤᠷᠭᠠᠭᠤᠯᠢ ᠶᠢᠨ ᠤᠳᠤᠷᠢᠳᠤᠯᠭ᠎ᠠ ᠲᠠᠨᠢᠯᠴᠠᠭᠤᠯᠬᠤ ᠳᠠᠭᠠᠨ᠂ | ᠵᠣᠷᠯᠣᠩ ᠤᠨ ᠨᠦᠬᠡ ᠶᠢᠨ ᠵᠠᠢ ᠨᠢ ᠶᠡᠭᠡ᠂ ᠲᠡᠳᠡ ᠬᠡᠤᠬᠡᠳ ᠢ ᠤᠨᠠᠴᠢᠬᠠᠬᠤ ᠠᠴᠠ ᠠᠶᠤᠵᠤ᠂ ᠳᠣᠤᠷ᠎ᠠ ᠠᠩᠭᠢ ᠶᠢᠨ | ᠰᠢᠨ᠎ᠡ ᠰᠤᠷᠤᠭᠴᠢ ᠵᠣᠷᠯᠣᠩ ᠳᠤ ᠣᠴᠢᠪᠠᠯ ᠵᠠᠪᠠᠯ ᠪᠠᠭᠰᠢ ᠨᠢ ᠳᠠᠭᠠᠭᠤᠯᠵᠤ ᠣᠴᠢᠬᠤ ᠬᠡᠷᠡᠭᠲᠡᠶ ᠭᠡᠵᠡᠶ᠃ | ᠪᠡᠯᠡ ᠮᠥᠩᠭᠦ ᠴᠥᠭᠡᠨ᠂ ᠥᠷᠲᠡᠭ ᠥᠨᠳᠥᠷ᠂ ᠳᠤᠮᠳᠠᠳᠤ ᠪᠠᠭ᠎ᠠ ᠰᠤᠷᠭᠠᠭᠤᠯᠢ ︽ᠵᠣᠷᠯᠣᠩ ᠤᠨ ᠬᠤᠪᠢᠰᠬᠠᠯ | ︾ ᠢ ᠤᠷᠢᠶᠠᠯᠠᠵᠤ ᠪᠠᠢᠨ᠎ᠠ | ᠴᠥᠭᠡᠨ ᠪᠤᠰᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠦᠵᠡᠬᠦ ᠪᠠᠷ᠂ ᠰᠤᠷᠭᠠᠭᠤᠯᠢ ᠶᠢᠨ | ᠵᠣᠷᠯᠣᠩ ᠤᠨ ᠠᠰᠠᠭᠤᠳᠠᠯ ᠢ ᠰᠢᠢᠳᠪᠦᠷᠢᠯᠡᠬᠦ ᠳᠤ ᠭᠤᠤᠯᠳᠠᠭᠤ ᠵᠣᠷᠯᠣᠩ ᠪᠠᠷᠢᠬᠤ ᠪᠠᠯᠠ ᠮᠥᠩᠭᠦ ᠬᠦᠷᠦᠯᠴᠡᠬᠦ ᠥᠬᠡᠶ | ᠪᠠ ᠵᠣᠷᠯᠣᠩ ᠢ ᠬᠡᠪ ᠢᠶᠠᠷ ᠠᠵᠢᠯᠯᠠᠭᠤᠯᠬᠤ ᠥᠷᠲᠡᠭ ᠨᠢ ᠨᠡᠯᠢᠶᠡᠳ ᠥᠨᠳᠥᠷ ᠪᠠᠶᠢᠬᠤ ᠡᠨᠡ ᠬᠤᠶᠠᠷ ᠶᠡᠭᠡ | ᠡᠯᠧᠮᠧᠨ᠋ᠲ ᠲᠤ ᠬᠢᠵᠠᠭᠠᠷᠯᠠᠭᠳᠠᠵᠤ ᠪᠠᠢᠨ᠎ᠠ᠃ ᠨᠢᠭᠡ ᠲᠠᠯ᠎ᠠ ᠪᠠᠷ᠂ ᠰᠢᠶᠠᠨ ᠢᠶᠠᠷ ᠨᠢᠭᠡᠴᠢ ᠪᠣᠯᠭᠠᠭᠰᠠᠨ ᠰᠤᠷᠭᠠᠭᠤᠯᠢ | ᠡᠷᠬᠢᠯᠡᠬᠦ ᠪᠠᠶᠢᠭᠤᠯᠤᠯ ᠳᠣᠤᠷ᠎ᠠ ᠬᠥᠳᠡᠭᠡ ᠲᠣᠰᠬᠤᠨ ᠤ ᠰᠤᠷᠭᠠᠭᠤᠯᠢ ᠶᠢᠨ ᠵᠣᠷᠯᠣᠩ ᠢ ︽ᠤᠰᠤ ᠦᠭᠡᠢ ᠠᠴᠠ | ᠤᠰᠤ ᠲᠠᠢ ᠪᠣᠯᠭᠠᠬᠤ︾ ᠳᠤ᠂ ᠳᠠᠭᠠᠯᠳᠤᠬᠤ ᠬᠤᠭᠤᠯᠠᠢ ᠱᠤᠭᠤᠮ ᠢ ᠪᠦᠷᠢᠳᠦᠭᠦᠯᠵᠦ ᠶᠡᠭᠡ ᠬᠡᠮᠵᠢᠶᠡᠨ ᠤ ᠪᠡᠯᠡ | ᠮᠥᠩᠭᠦ ᠬᠡᠷᠡᠭᠯᠡᠬᠦ ᠴᠢᠬᠤᠯᠠᠲᠠᠶ ᠪᠣᠯᠬᠤᠷ ᠰᠢᠶᠠᠨ ᠤ ᠱᠠᠲᠤᠨ ᠤ ᠡᠳ᠋ ᠤᠨ ᠵᠠᠰᠠᠭ ᠡᠩ ᠤᠨ ᠪᠠᠢᠳᠠᠯ ᠳᠤ ᠡᠭᠦᠷᠭᠡᠯᠡᠬᠦ ᠳᠤ | ᠬᠦᠴᠢᠷᠲᠡᠶ ᠪᠠᠶᠢᠳᠠᠬ᠃ | ᠶᠠᠨ ᠠᠨ ᠬᠤᠲᠠ ᠶᠢᠨ ᠠᠨ ᠰᠠᠢ ᠲᠣᠭᠤᠷᠢᠭ ᠤᠨ ᠶᠠᠨ ᠾᠧ ᠸᠠᠨ ᠪᠠᠯᠭᠠᠰᠤᠨ ᠤ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠵᠠᠬᠢᠷᠤᠯ ᠸᠠᠩ ᠸᠧᠨ ᠪᠢᠨ᠂ ᠣᠳᠣᠬᠠᠨ ᠳᠤ ᠨᠢᠭᠡ ᠤᠰᠤ ᠪᠠᠷ ᠴᠡᠪᠡᠷᠯᠡᠳᠡᠭ ᠵᠣᠷᠯᠣᠩ | ᠪᠠᠢᠭᠤᠯᠬᠤ ᠳᠤ 100 ᠲᠦᠮᠡᠨ ᠲᠥᠭᠦᠷᠢᠭ ᠠᠴᠠ ᠳᠡᠭᠡᠭᠰᠢ ᠣᠷᠣᠳᠠᠭ᠂ ᠬᠡᠷᠪᠡ ᠣᠳᠣ ᠪᠠᠶᠢᠭ᠎ᠠ ᠤᠰᠤ ᠦᠭᠡᠢ | ᠵᠣᠷᠯᠣᠩ ᠤᠨ ᠪᠠᠢᠷᠢᠨ ᠳᠤ ᠰᠢᠨ᠎ᠡ ᠤᠰᠤ ᠪᠠᠷ ᠴᠡᠪᠡᠷᠯᠡᠳᠡᠭ ᠵᠣᠷᠯᠣᠩ ᠪᠠᠷᠢᠪᠠᠯ ᠨᠠᠩ ᠶᠡᠭᠡ ᠣᠷᠣᠨ᠎ᠠ ᠭᠡᠵᠦ ᠬᠡᠯᠡᠪᠡ᠃ | | ᠨᠥᠭᠦᠭᠡ ᠲᠠᠯ᠎ᠠ ᠪᠠᠷ᠂ ᠵᠣᠷᠯᠣᠩ ᠢ ᠬᠡᠪ ᠢᠶᠠᠷ ᠠᠵᠢᠯᠯᠠᠭᠤᠯᠬᠤ ᠥᠷᠲᠡᠭ ᠨᠢ ᠨᠡᠯᠢᠶᠡᠳ ᠥᠨᠳᠥᠷ᠃ 2018 | ᠣᠨ 7 ᠰᠠᠷ᠎ᠠ ᠳᠤ᠂ ᠲᠠᠶᠢᠶᠤᠸᠠᠨ ᠬᠤᠲᠠ ᠶᠢᠨ ᠶᠠᠩ ᠴᠢᠦᠶ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ | ᠤᠰᠤ ᠦᠭᠡᠢ ᠵᠣᠷᠯᠣᠩ ᠢ ᠤᠰᠤ ᠪᠠᠷ ᠴᠡᠪᠡᠷᠯᠡᠳᠡᠭ ᠵᠣᠷᠯᠣᠩ ᠪᠣᠯᠭᠠᠨ ᠥᠭᠡᠷᠡᠴᠢᠯᠡᠪᠡ᠃ ᠡᠨᠡ ᠵᠢᠯ ᠤᠨ 4 | ᠰᠠᠷ᠎ᠠ ᠶᠢᠨ ᠳᠤᠮᠳᠠᠴᠢ ᠪᠠᠷ᠂ ᠬᠠᠭᠠᠰ ᠰᠠᠷ᠎ᠠ ᠶᠢᠨ ᠰᠤᠷᠪᠤᠯᠵᠢ ᠰᠡᠳᠬᠦᠯ ᠤᠨ ᠰᠤᠷᠪᠤᠯᠵᠢᠯᠠᠭᠴᠢ ᠲᠣᠰ | ᠰᠤᠷᠭᠠᠭᠤᠯᠢ ᠳᠤ ᠰᠢᠨ᠎ᠡ ᠪᠠᠷ ᠪᠠᠢᠭᠤᠯᠤᠭᠰᠠᠨ ᠤᠰᠤ ᠪᠠᠷ ᠴᠡᠪᠡᠷᠯᠡᠳᠡᠭ ᠵᠣᠷᠯᠣᠩ ᠤᠨ ᠡᠭᠦᠳᠡ ᠶᠢ ᠲᠡᠮᠦᠷ | ᠴᠣᠣᠵᠢ ᠪᠠᠷ ᠴᠣᠣᠵᠢᠯᠠᠵᠤ ᠪᠠᠶᠢᠬᠤ ᠶᠢ ᠣᠯᠵᠤ ᠬᠠᠷᠠᠵᠠᠢ᠃ ᠰᠤᠷᠭᠠᠭᠤᠯᠢ ᠶᠢᠨ ᠬᠠᠷᠢᠭᠤᠴᠠᠯᠭᠠᠲᠠᠨ ᠬᠡᠯᠡᠬᠦ ᠳᠡᠭᠡᠨ᠂ | ᠤᠰᠤ ᠪᠠᠷ ᠴᠡᠪᠡᠷᠯᠡᠳᠡᠭ ᠵᠣᠷᠯᠣᠩ ᠳᠤ 16 ᠤᠰᠤᠨ ᠰᠠᠪᠠ ᠲᠠᠢ᠂ ᠡᠳᠦᠷ ᠲᠤ 50 ᠲᠣᠨ ᠤᠰᠤ ᠵᠠᠷᠤᠴᠠᠭᠤᠯᠤᠨ᠎ᠠ᠂ | ᠨᠢᠳᠤᠨᠤᠨ ᠤ 10 ᠰᠠᠷ᠎ᠠ ᠳᠤ ᠠᠰᠢᠭᠯᠠᠯᠲᠠ ᠳᠤ ᠣᠷᠣᠭᠰᠠᠨ ᠤ 2 ᠰᠠᠷ᠎ᠠ ᠭᠠᠷᠤᠶ ᠶᠢᠨ ᠳᠠᠷᠠᠭ᠎ᠠ᠂ ᠤᠰᠤ ᠬᠡᠷᠡᠭᠯᠡᠬᠦ | ᠬᠡᠮᠵᠢᠶ᠎ᠡ ᠬᠡᠲᠦᠷᠬᠡᠶ ᠶᠡᠭᠡ ᠪᠣᠯᠤᠭᠰᠠᠨ ᠠᠴᠠ ᠤᠰᠤᠨ ᠤ ᠰᠦᠶ᠋ᠳᠬᠡᠯ ᠤᠨ ᠨᠢᠭᠡᠴᠢ ᠦᠨ᠎ᠡ ᠨᠢ ᠤᠤᠯ ᠤᠨ ᠲᠣᠨ | ᠪᠦᠷᠢ ᠳᠡᠭᠡᠨ 3.4 ᠲᠥᠭᠦᠷᠢᠭ ᠪᠠᠶᠢᠭᠰᠠᠨ ᠠᠴᠠ ᠪᠠᠨ 5.3 ᠲᠥᠭᠦᠷᠢᠭ ︵ᠰᠠᠭᠤᠭᠠᠯᠢ ᠠᠷᠠᠳ ᠪᠤᠰᠤ︶ ᠪᠣᠯᠵᠤ᠂ | ᠰᠤᠷᠭᠠᠭᠤᠯᠢ ᠶᠢᠨ ᠳᠠᠷᠤᠭᠠᠰᠤ ᠬᠡᠲᠦᠷᠬᠡᠶ ᠬᠦᠨᠳᠦ ᠪᠣᠯᠵᠤ ᠬᠡᠷᠡᠭᠯᠡᠬᠦ ᠪᠠᠨ ᠲᠦᠷ ᠵᠣᠭᠰᠣᠵᠠᠶ᠃ ᠬᠥᠳᠡᠭᠡ | ᠲᠣᠰᠬᠤᠨ ᠤ ᠰᠤᠷᠭᠠᠭᠤᠯᠢ ᠶᠢᠨ ᠨᠢᠭᠡᠨ ᠵᠠᠬᠢᠷᠤᠯ᠂ ᠵᠣᠷᠯᠣᠩ ᠪᠠᠷᠢᠴᠢᠬᠠᠭᠰᠠᠨ ᠴᠤ ᠬᠡᠷᠡᠭᠯᠡᠬᠦ ᠰᠠᠨᠠᠭ᠎ᠠ ᠥᠬᠡᠶ᠂ | ᠳᠡᠭᠡᠷ᠎ᠡ ᠠᠴᠠ ᠤᠳᠤᠷᠢᠳᠤᠯᠭ᠎ᠠ ᠢᠷᠡᠪᠡᠯ ᠨᠢᠭᠡ ᠨᠡᠭᠡᠭᠡᠵᠦ᠂ ᠡᠩ ᠤᠨ ᠴᠠᠭ ᠲᠠᠭᠠᠨ ᠬᠠᠭᠠᠳᠠᠭ᠃ ᠮᠠᠭᠤᠬᠠᠶ ᠪᠠᠷ | ᠬᠡᠯᠡᠪᠡᠯ᠂ 2 ᠵᠢᠩ ᠢᠯᠭᠠᠳᠠᠰᠤᠨ ᠳᠤ 5 ᠵᠢᠩ ᠤᠰᠤ ᠬᠡᠷᠡᠭᠯᠡᠨ᠎ᠡ᠂ ᠥᠷᠲᠡᠭ ᠨᠢ ᠬᠡᠲᠦᠷᠬᠡᠶ ᠥᠨᠳᠥᠷ ᠪᠠᠢᠨ᠎ᠠ ᠭᠡᠵᠦ | ᠰᠢᠭᠤᠳ ᠬᠡᠯᠡᠵᠡᠢ᠃ | ᠣᠯᠠᠩᠬᠢ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢᠯᠡᠷᠬᠡᠶᠢᠯᠡᠬᠦ ᠳᠡᠭᠡᠨ᠂ 2015 ᠣᠨ ᠠᠴᠠ ᠨᠠᠰᠢ | ᠪᠥᠬᠦ ᠤᠯᠤᠰ ᠤᠨ ᠵᠢᠭᠤᠯᠴᠢᠯᠠᠯ ᠤᠨ ᠰᠢᠰᠲ᠋ᠧᠮ ᠳᠤ ︽ᠵᠣᠷᠯᠣᠩ ᠤᠨ ᠬᠤᠪᠢᠰᠬᠠᠯ︾ ᠭᠠᠷᠤᠭᠰᠠᠨ ᠪᠠᠢᠨ᠎ᠠ᠂ | ᠳᠤᠮᠳᠠᠳᠤ ᠪᠠᠭ᠎ᠠ ᠰᠤᠷᠭᠠᠭᠤᠯᠢ ᠴᠤ ᠭᠡᠰᠡᠨ ᠲᠦᠯᠪᠤᠷᠢᠲᠠᠢ ︽ᠵᠣᠷᠯᠣᠩ ᠤᠨ ᠬᠤᠪᠢᠰᠬᠠᠯ︾ ᠬᠢᠵᠦ᠂ ᠤᠰᠤ ᠦᠭᠡᠢ | ᠵᠣᠷᠯᠣᠩ ᠢ ᠤᠰᠠᠳᠬᠠᠬᠤ᠂ ᠤᠰᠤ ᠪᠠᠷ ᠴᠡᠪᠡᠷᠯᠡᠳᠡᠭ ᠵᠣᠷᠯᠣᠩ ᠤᠨ ᠨᠦᠬᠡ ᠶᠢ ᠨᠥᠬᠦᠪᠥᠷᠢᠯᠡᠬᠦ᠂ ᠨᠡᠷ᠎ᠡ ᠨᠢᠳᠡᠷ ᠲᠡᠭᠡᠨ | ᠨᠡᠢᠴᠡᠭᠰᠡᠨ ᠠᠷᠢᠭᠤᠨ ᠴᠡᠪᠡᠷ ᠵᠣᠷᠯᠣᠩ ᠢ ᠪᠠᠶᠢᠭᠤᠯᠬᠤ ᠶᠢ ᠬᠦᠰᠡᠵᠦ ᠪᠠᠢᠨ᠎ᠠ ᠭᠡᠵᠡᠶ᠃ ᠲᠡᠳᠡ᠂ ᠵᠣᠷᠯᠣᠩ ᠢ | ᠥᠭᠡᠷᠡᠴᠢᠯᠡᠬᠦ ᠪᠠᠯᠠ ᠮᠥᠩᠭᠦ ᠶᠢ ᠤᠯᠤᠰ ᠪᠤᠶᠤ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠵᠣᠷᠯᠣᠩ ᠤᠨ ᠬᠡᠪ ᠤᠨ ᠠᠵᠢᠯᠯᠠᠭ᠎ᠠ ᠶᠢ ᠪᠠᠲᠤᠯᠠᠬᠤ ᠤᠰᠤ ᠴᠠᠬᠢᠯᠭᠠᠨ ᠤ ᠵᠠᠷᠤᠳᠠᠯ ᠢ | ᠣᠷᠣᠨ ᠨᠤᠲᠤᠭ ᠤᠨ ᠵᠠᠰᠠᠭ ᠤᠨ ᠣᠷᠳᠣᠨ ᠠᠴᠠ ᠨᠥᠬᠦᠪᠥᠷᠢᠯᠡᠵᠦ ᠪᠣᠯᠤᠨ᠎ᠠ ᠭᠡᠰᠡᠨ ᠰᠠᠨᠠᠯ ᠳᠤᠷᠠᠳᠤᠭᠰᠠᠨ ᠪᠠᠢᠨ᠎ᠠ᠃ |