ᠲᠦᠪ ᠤᠨ ᠠᠮᠢ ᠠᠬᠤᠢ ᠪᠠᠶᠢᠭᠠᠯᠢ ᠤᠷᠴᠢᠨ ᠢ ᠬᠠᠮᠠᠭᠠᠯᠠᠬᠤ ᠬᠢᠨᠠᠨ ᠪᠠᠶᠢᠴᠠᠭᠠᠬᠤ ᠳᠤᠭᠤᠶᠢᠯᠠᠩ 130 ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠪᠡ
ᠨᠡᠶᠢᠲᠡᠯᠡᠭᠰᠡᠨ ᠴᠠᠭ᠄
2019-09-02
     ᠰᠢᠨᠬᠤᠸᠠ ᠬᠤᠷᠢᠶ᠎ᠠ ᠪᠡᠭᠡᠵᠢᠩ ᠤᠨ 8 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠭᠤᠤ ᠵᠢᠩ︶ ᠰᠤᠷᠪᠤᠯᠵᠢᠯᠬᠠᠴᠢ 8 ᠤ ᠡᠳᠦᠷ ᠲᠦᠪ ᠤᠨ ᠠᠮᠢ ᠠᠬᠤᠢ ᠪᠠᠶᠢᠭᠠᠯᠢ ᠤᠷᠴᠢᠨ ᠢ ᠬᠠᠮᠠᠭᠠᠯᠠᠬᠤ ᠬᠢᠨᠠᠨ ᠪᠠᠶᠢᠴᠠᠭᠠᠬᠤ ᠳᠤᠭᠤᠶᠢᠯᠠᠩ ᠠᠴᠠ ᠤᠶᠢᠯᠠᠭᠠᠬᠰᠠᠨ ᠢᠶᠠᠷ᠂ 8 ᠰᠠᠷ᠎ᠠ ᠶᠢᠨ 5 ᠤ ᠡᠳᠦᠷ ᠬᠦ᠋ᠷᠲᠡᠯ᠎ᠡ ᠬᠤᠶᠠᠳᠤᠭᠠᠷ ᠡᠭᠡᠯᠵᠢ ᠶᠢᠨ ᠨᠢᠭᠡᠳᠦᠭᠡᠷ ᠪᠦᠯᠦᠭ ᠬᠢᠨᠠᠨ ᠪᠠᠶᠢᠴᠠᠭᠠᠬᠤ ᠳᠤᠭᠤᠶᠢᠯᠠᠩ ᠨᠢ ᠮᠤᠵᠢ ᠬᠤᠲᠠ ᠪᠤᠯᠤᠨ ᠲᠦᠪ ᠤᠨ ᠠᠵᠦ ᠠᠬᠤᠶᠢᠯᠠᠯ ᠳᠠᠬᠢ ᠪᠠᠶᠢᠴᠠᠭᠠᠯᠲᠠ ᠪᠠᠨ ᠳᠠᠭᠤᠰᠬᠠᠵᠦ᠂ ᠨᠠᠮ ᠵᠠᠰᠠᠬ ᠤᠨ ᠤᠳᠤᠷᠢᠳᠬᠤ ᠺᠠᠳ᠋ᠷ 1042 ᠬᠦᠮᠦᠨ ᠲᠠᠢ ᠪᠤᠯᠵᠤᠨ ᠶᠠᠷᠢᠯᠴᠠᠵᠦ᠂ 130 ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠪᠡ᠃      ᠬᠤᠶᠠᠳᠤᠭᠠᠷ ᠡᠭᠡᠯᠵᠢ ᠶᠢᠨ ᠨᠢᠭᠡᠳᠦᠭᠡᠷ ᠪᠦᠯᠦᠭ ᠲᠦᠪ ᠤᠨ ᠠᠮᠢ ᠠᠬᠤᠢ ᠪᠠᠶᠢᠭᠠᠯᠢ ᠤᠷᠴᠢᠨ ᠢ ᠬᠠᠮᠠᠭᠠᠯᠠᠬᠤ 8 ᠬᠢᠨᠠᠨ ᠪᠠᠶᠢᠴᠠᠭᠠᠬᠤ ᠳᠤᠭᠤᠶᠢᠯᠠᠩ ᠨᠢ 7 ᠰᠠᠷ᠎ᠠ ᠶᠢᠨ 10 ᠤ ᠡᠳᠦᠷ ᠠᠴᠠ 15 ᠤ ᠡᠳᠦᠷ ᠬᠦᠷᠲᠡᠯ᠎ᠡ ᠱᠠᠩᠬᠠᠢ᠂ ᠬᠠᠶᠢᠨᠠᠨ᠂ ᠴᠦᠩᠴᠢᠩ᠂ ᠭᠠᠨᠰᠦ᠂ ᠬᠦᠬᠡᠨᠠᠭᠤᠷ ᠵᠡᠷᠭᠡ 6 ᠮᠤᠵᠢ ︵ᠬᠤᠲᠠ︶ ᠪᠤᠯᠤᠨ ᠳᠤᠮᠳᠠᠳᠤ ᠤᠯᠤᠰ ᠤᠨ ᠦ᠋ ᠺᠥᠸᠠᠩ ᠠᠭᠤᠯᠠ ᠠᠭᠤᠷᠬᠠᠢ ᠶᠢᠨ ᠪᠦᠯᠦᠭᠯᠡᠯ ᠺᠤᠮᠫᠠᠨᠢ᠂ ᠳᠤᠮᠳᠠᠳᠤ ᠤᠯᠤᠰ ᠤᠨ ᠬᠢᠮᠢ ᠶᠢᠨ ᠦᠢᠯᠡᠳᠪᠦᠷᠢ ᠶᠢᠨ ᠪᠦᠯᠦᠭᠯᠡᠯ ᠺᠤᠮᠫᠠᠨᠢ ᠵᠡᠷᠭᠡ ᠲᠦᠪ ᠤᠨ 2 ᠠᠵᠦ ᠠᠬᠤᠶᠢᠯᠠᠯ ᠳᠤ ᠬᠢᠨᠠᠨ ᠪᠠᠶᠢᠴᠠᠭᠠᠯᠲᠠ ᠬᠢᠵᠡᠢ᠃      8 ᠰᠠᠷ᠎ᠠ ᠶᠢᠨ 5 ᠤ ᠡᠳᠦᠷ ᠬᠦᠷᠲᠡᠯ᠎ᠡ ᠲᠤᠰ ᠬᠢᠨᠠᠨ ᠪᠠᠶᠢᠴᠠᠭᠠᠬᠤ ᠳᠤᠭᠤᠶᠢᠯᠠᠩ ᠨᠢ ᠤᠯᠠᠨ ᠲᠦᠮᠡᠨ ᠤ ᠤᠲᠠᠰᠤ ᠪᠤᠶᠤ ᠵᠠᠬᠢᠳᠠᠯ ᠤᠨ ᠵᠠᠭᠠᠯᠳᠤᠯᠭ᠎ᠠ ᠨᠡᠶᠢᠲᠡ 18615 ᠶᠢ ᠬᠦᠯᠢᠶᠡᠨ ᠠᠪᠴᠦ᠂ 15105 ᠬᠦᠴᠦᠨ ᠲᠠᠢ ᠵᠠᠭᠠᠯᠳᠤᠯᠭ᠎ᠠ ᠶᠢ ᠰᠢᠢᠳᠪᠦᠷᠢᠯᠡᠵᠦ᠂ ᠳᠠᠪᠬᠤᠷᠳᠠᠬᠰᠠᠨ ᠵᠠᠭᠠᠯᠳᠤᠯᠭ᠎ᠠ ᠶᠢ ᠨᠡᠶᠢᠯᠡᠭᠦᠯᠵᠦ ᠡᠮᠬᠢᠳᠬᠡᠬᠦ ᠪᠠᠷ ᠳᠠᠮᠵᠢᠨ 13267 ᠶᠢ ᠪᠠᠶᠢᠴᠠᠭᠠᠬᠳᠠᠬᠠᠰᠨᠨ ᠤᠷᠤᠨ ᠨᠤᠲᠤᠬ ᠪᠤᠯᠤᠨ ᠠᠵᠦ ᠠᠬᠤᠶᠢᠯᠠᠯ ᠳᠤ ᠰᠢᠢᠳᠪᠦᠷᠢᠯᠡᠬᠦᠯᠬᠦ ᠪᠠᠷ ᠲᠤᠰᠢᠶᠠᠵᠠᠢ᠃      ᠤᠷᠤᠨ ᠨᠤᠲᠤᠬ ᠪᠤᠯᠤᠨ ᠠᠵᠦ ᠠᠬᠤᠶᠢᠯᠠᠯ ᠤᠨ ᠬᠢᠨ ᠤᠯᠠᠨ ᠲᠦᠮᠡᠨ ᠤ 4069 ᠵᠠᠭᠠᠯᠳᠤᠯᠭ᠎ᠠ ᠶᠢ ᠨᠢᠭᠡᠨᠲᠡ ᠰᠢᠢᠳᠪᠦᠷᠢᠯᠡᠵᠦ᠂ 2168 ᠶᠢ ᠱᠠᠲᠤ ᠬᠤᠪᠢᠶᠠᠨ ᠰᠢᠢᠳᠪᠦᠷᠢᠯᠡᠵᠦ ᠪᠤᠢ᠃ ᠡᠭᠦᠨ ᠳᠤ 1165 ᠶᠢ ᠨᠢ ᠬᠡᠷᠡᠭ ᠪᠤᠯᠭᠠᠨ ᠳᠠᠩᠰᠠᠯᠠᠨ ᠰᠢᠢᠳᠬᠡᠵᠦ᠂ 6508.6 ᠲᠦᠮᠡᠨ ᠲᠦᠭᠦᠷᠢᠭ ᠢᠶᠠᠷ ᠲᠤᠷᠭᠠᠵᠠᠢ︔ 39 ᠶᠢ ᠨᠢ ᠬᠡᠷᠡᠭ ᠪᠤᠯᠭᠠᠨ ᠳᠠᠩᠰᠠᠯᠠᠵᠦ ᠮᠦᠷᠳᠡᠨ ᠪᠠᠶᠢᠴᠠᠭᠠᠨ᠂ 41 ᠬᠦᠮᠦᠨ ᠢ ᠰᠠᠭᠠᠳᠠᠭᠠᠵᠠᠢ︔ ᠨᠠᠮ ᠵᠠᠰᠠᠬ ᠤᠨ ᠤᠳᠤᠷᠢᠳᠬᠤ ᠺᠠᠳ᠋ᠷ 1042 ᠬᠦᠮᠦᠨ ᠲᠠᠢ ᠪᠤᠯᠵᠤᠨ ᠶᠠᠷᠢᠯᠴᠠᠵᠦ᠂ 130 ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠵᠡᠢ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1