ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠭᠤᠷ ᠭᠤᠤᠯ ᠤᠨ ︽ᠲᠦᠷᠪᠡᠨ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠬᠦ︾ ᠠᠵᠢᠯ ᠳᠠᠭᠤᠰᠪᠠ
ᠨᠡᠶᠢᠲᠡᠯᠡᠭᠰᠡᠨ ᠴᠠᠭ᠄
2019-09-04
     ᠨᠠᠭᠤᠷ ᠭᠤᠤᠯ ᠤᠨ ︽ᠲᠦᠷᠪᠡᠨ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠬᠦ︾ ᠲᠤᠰᠬᠠᠢ ᠠᠵᠢᠯ ᠢ ᠦᠷᠨᠢᠭᠦᠯᠦᠭᠰᠡᠨ ᠠᠴᠠ ᠨᠠᠭᠠᠰᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠯᠪᠤᠬᠳᠠᠬᠤ ᠰᠠᠯᠪᠤᠷᠢ ᠢᠳᠡᠪᠬᠢᠲᠡᠢ ᠬᠦᠳᠡᠯᠦᠯᠴᠡᠵᠦ᠂ 7 ᠰᠠᠷ᠎ᠠ ᠶᠢᠨ ᠰᠡᠭᠦᠯᠴᠢ ᠪᠤᠯᠲᠠᠯ᠎ᠠ ᠤᠷᠤᠨ ᠳᠠᠶᠠᠭᠠᠷ ᠨᠡᠶᠢᠲᠡ 2709 ᠠᠰᠠᠭᠤᠳᠠᠯ ᠢ ᠪᠠᠶᠢᠴᠠᠭᠠᠨ ᠢᠯᠡᠷᠡᠭᠦᠯᠵᠦ᠂ ᠪᠠᠰᠠ ᠤᠰᠤᠨ ᠠᠰᠢᠬᠯᠠᠯᠲᠠ ᠶᠢᠨ ᠶᠠᠮᠤᠨ ᠤ ᠢᠯᠡᠷᠡᠭᠦᠯᠦᠭᠰᠡᠨ 77 ᠠᠰᠠᠭᠤᠳᠠᠯ ᠤᠨ ᠬᠠᠮᠲᠤ ᠪᠦᠬᠦᠨ ᠢ ᠴᠡᠭᠴᠡᠯᠡᠵᠦ ᠳᠠᠭᠤᠰᠴᠠᠢ᠃      ᠲᠤᠰ ᠠᠵᠢᠯ ᠢ ᠠᠬᠢᠭᠤᠯᠬᠤ ᠶᠢᠨ ᠲᠤᠰᠠᠲᠠ ᠦᠪᠡᠷᠲᠡᠭᠡᠨ ᠵᠠᠰᠬᠠᠤ ᠤᠷᠤᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠭᠤᠷ ᠭᠤᠤᠯ ᠤᠨ ᠤᠰᠤᠨ ᠤ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠬᠦ ᠪᠤᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠬᠤᠯᠪᠤᠯᠳᠤᠭᠤᠯᠬᠤ ᠠᠵᠢᠯ ᠤᠨ ᠠᠷᠭ᠎ᠠ︾ ︽ᠨᠠᠭᠤᠷ ᠭᠤᠤᠯ ᠤᠨ ᠤᠰᠤᠨ ᠤ ᠠᠮᠢ ᠠᠬᠤᠢ ᠪᠠᠶᠢᠭᠠᠯᠢ ᠤᠷᠴᠢᠨ ᠪᠤᠯᠤᠨ ᠡᠬᠢ ᠪᠠᠶᠠᠯᠢᠬ ᠢ ᠬᠠᠮᠠᠭᠠᠯᠠᠬᠤ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠶᠢᠨ ᠠᠵᠢᠯ ᠢ ᠬᠠᠮᠵᠢᠯᠴᠠᠬᠤ ᠶᠢ ᠵᠢᠯᠤᠭᠤᠳᠬᠤ ᠲᠤᠬᠠᠢ ᠰᠠᠨᠠᠯ︾ ᠵᠡᠷᠭᠡ ᠶᠢ ᠨᠡᠶᠢᠲᠡᠯᠡᠵᠡᠢ᠃ ᠪᠦᠷᠢᠳᠬᠡᠯ ᠢᠶᠠᠷ᠂ ᠲᠤᠰ ᠴᠡᠭᠴᠡᠯᠡᠬᠦ ᠠᠵᠢᠯ ᠢ ᠦᠷᠨᠢᠭᠦᠯᠦᠭᠰᠡᠨ ᠠᠴᠠ ᠨᠠᠭᠠᠰᠢ ᠦᠪᠡᠷᠲᠡᠭᠡᠨ ᠵᠠᠰᠠᠬᠤ ᠤᠷᠤᠨ 5381 ᠺᠢᠯᠤᠮᠤᠲᠷ ᠭᠤᠤᠯ ᠤᠨ ᠭᠤᠯᠳᠤᠷᠢᠯ ᠢ ᠴᠡᠪᠡᠷᠯᠡᠨ ᠨᠡᠪᠲᠡᠷᠡᠭᠦᠯᠵᠦ᠂ 343 ᠲᠦᠮᠡᠨ ᠲᠤᠨ ᠯᠠᠬ ᠰᠢᠪᠠᠷ ᠢ ᠠᠷᠢᠯᠭᠠᠨ᠂ ᠬᠠᠤᠯᠢ ᠪᠤᠰᠤ ᠪᠠᠷ ᠠᠰᠢᠬᠯᠠᠬᠰᠠᠨ 21573 ᠺᠦᠸᠠᠳ᠋ ᠮᠤᠲᠷ ᠭᠤᠤᠯ ᠤᠨ ᠭᠤᠯᠳᠤᠷᠢᠯ ᠢ ᠴᠡᠭᠴᠡᠯᠡᠵᠡᠢ᠃ ᠪᠠᠰᠠ ᠬᠠᠤᠯᠢ ᠪᠤᠰᠤ ᠪᠠᠷ ᠪᠠᠷᠢᠬᠰᠠᠨ 1579 ᠪᠠᠷᠢᠯᠭ᠎ᠠ ᠶᠢ ᠨᠤᠷᠠᠭᠠᠵᠦ᠂ 771 ᠲᠦᠮᠡᠨ ᠺᠦᠪ ᠮᠤᠲᠷ ᠠᠮᠢᠳᠤᠷᠠᠯ ᠤᠨ ᠬᠤᠬ ᠨᠤᠪᠰᠢ ᠪᠤᠯᠤᠨ ᠬᠠᠳᠠᠭᠤ ᠪᠡᠶᠡᠲᠤ ᠬᠠᠶᠠᠬᠳᠠᠮᠠᠯ ᠪᠤᠳᠠᠰ ᠢ ᠴᠡᠪᠡᠷᠯᠡᠵᠦ ᠳᠠᠪᠬᠤᠷᠳᠠᠬᠰᠠᠨ ᠲᠤᠭ᠎ᠠ ᠪᠠᠷ 16902 ᠮᠠᠰᠢᠨ ᠮᠤᠬᠠᠨᠢᠬ ᠲᠤᠨᠤᠬ ᠲᠦᠬᠦᠭᠡᠷᠦᠮᠵᠢ ᠶᠢ ᠠᠰᠢᠬᠯᠠᠬᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1