ᠰᠢ ᠶᠢᠨ ᠫᠢᠩ ᠴᠢᠯᠥᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠎ᠠ ᠶᠢᠨ ᠴᠡᠷᠢᠭ ᠠᠩᠬᠢ ᠶᠢᠨ ᠲᠦᠯᠥᠬᠡᠯᠡᠭᠴᠢᠳ ᠤᠨ ᠪᠦᠯᠬᠦᠮ ᠤᠨ ᠪᠦᠬᠦᠳᠡ ᠬᠤᠷᠡᠯ ᠳᠤ ᠤᠷᠤᠯᠴᠠᠬᠤ ᠳᠠᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠤᠷᠢᠳᠠᠯ ᠲᠣᠣᠷ᠎ᠠ ᠴᠡᠷᠢᠭ ᠠᠩᠭᠢ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠲᠠᠢ ᠠᠬᠢᠭᠤᠯᠵᠦ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠠᠶᠢᠭᠤᠯᠤᠯᠲᠠ ᠶᠢᠨ 2020 ᠣᠨ ᠤ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020-05-27
     ᠰᠢᠨᠬᠤᠸᠠ ᠬᠤᠷᠢᠶᠡᠨ ᠤ ᠪᠡᠭᠡᠵᠢᠩ ᠤᠨ 5 ᠰᠠᠷ᠎ᠠ ᠶᠢᠨ 26 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠯᠢ ᠰᠢᠤᠸᠠᠢ ᠶᠦᠩ ᠯᠢ ᠰᠢᠤᠸᠠᠨ ᠯᠢᠶᠠᠩ︶ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ 26 ᠤ ᠦᠳᠡ ᠶᠢᠨ ᠬᠤᠶᠢᠨ᠎ᠡ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠤᠨ ᠴᠢᠯᠥᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭᠠᠨ ᠤ ᠴᠡᠷᠢᠭ ᠠᠩᠬᠢ ᠶᠢᠨ ᠲᠦᠯᠥᠬᠡᠯᠡᠭᠴᠢᠳ ᠤᠨ ᠪᠦᠯᠬᠦᠮ ᠤᠨ ᠪᠦᠬᠦᠳᠡ ᠬᠤᠷᠡᠯ ᠳᠤ ᠤᠷᠤᠯᠴᠠᠬᠤ ᠳᠠᠭᠠᠨ ᠂ ᠪᠦᠬᠦ ᠴᠡᠷᠢᠭ ᠤᠨ ᠬᠢᠨ ᠤᠬᠠᠮᠰᠠᠷ ᠠᠴᠠ ᠪᠠᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠬᠡᠳᠬᠡᠵᠥ᠂ ᠢᠳᠡᠬᠡᠯ ᠵᠤᠷᠢᠭ ᠢᠶᠠᠨ ᠪᠠᠳᠤᠳᠬᠠᠨ᠂ ᠬᠦᠴᠢᠷ ᠢ ᠰᠦᠷᠦᠨ ᠤᠷᠤᠭᠰᠢᠯᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠡᠭᠭᠤᠵᠢᠭᠤᠯᠤᠭᠰᠠᠨ ᠤᠷᠢᠳᠡᠯ ᠲᠤᠤᠷ᠎ᠡ ᠴᠡᠷᠢᠭ ᠠᠩᠬᠢ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠥ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠬᠢ ᠶᠢᠨ ᠪᠠᠶᠢᠭᠤᠯᠤᠯᠳᠠ ᠶᠢᠨ 2020 ᠤᠨ ᠤ ᠬᠠᠷᠠᠯᠳᠡ ᠡᠬᠦᠷᠬᠡ ᠶᠢ ᠡᠷᠡᠰ ᠪᠡᠶᠡᠯᠡᠬᠦᠯᠵᠥ᠂ ᠨᠠᠮ ᠪᠤᠯᠤᠨ ᠠᠷᠠᠳ ᠲᠦᠮᠠᠨ ᠤ ᠲᠠᠭᠠᠭᠠᠯᠭᠠᠭᠰᠠᠠ ᠡᠯ᠎ᠡ ᠵᠦᠢᠯ ᠤᠨ ᠡᠬᠦᠷᠬᠡ ᠶᠢ ᠡᠷᠡᠰ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃          ᠬᠤᠷᠠᠯ ᠳᠡᠬᠡᠷ᠎ᠡ᠂ ᠯᠢ ᠶᠦᠩ᠂ ᠾᠧ ᠯᠸᠢ᠂ ᠸᠠᠩ ᠬᠠᠢ᠂ ᠯᠢ ᠾᠦᠸᠧ ᠬᠤᠢ᠂ ᠼᠦᠢ ᠢᠥᠢ ᠯᠢᠩ᠂ ᠵᠦᠩ ᡁᠢ ᠮᠢᠩ᠂ ᠸᠠᠩ ᠬᠤᠢ ᠴᠢᠩ᠂ ᠯᠢᠦ ᠭᠤᠸᠠᠩ ᠪᠢᠨ ᠵᠡᠷᠬᠡ 8 ᠳᠦᠯᠦᠬᠡᠯᠡᠭᠴᠢ ᠳᠤᠰ ᠳᠤᠰ ᠦᠬᠡ ᠬᠡᠯᠡᠵᠥ ᠂ ᠮᠠᠨ ᠤ ᠴᠡᠷᠢᠭ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠬᠦᠷᠬᠡ ᠶᠢ ᠬᠦᠢᠴᠡᠳᠬᠡᠭᠰᠡᠨ᠂ ᠬᠢᠵᠢᠭ ᠤᠨ ᠪᠠᠶᠢᠳᠠᠯ ᠤᠨ ᠳᠤᠤᠷ᠎ᠠ ᠴᠡᠷᠢᠭ ᠪᠤᠯᠪᠠᠰᠤᠷᠠᠭᠤᠯᠵᠥ ᠳᠠᠶᠢᠨ ᠳᠤ ᠪᠡᠯᠡᠳᠬᠡᠭᠰᠡᠨ᠂ ᠠᠮᠢᠳᠤ ᠪᠤᠳᠠᠰ ᠤᠨ ᠠᠮᠤᠷ ᠳᠦᠪᠰᠢᠨ ᠤ ᠰᠡᠷᠬᠡᠶᠢᠯᠡᠨ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠳᠠ ᠶᠢ ᠳᠦᠷᠬᠡᠳᠬᠡᠬᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠦᠬᠡᠷᠡᠴᠢᠯᠡᠯᠳᠡ ᠶᠢᠨ ᠬᠠᠤᠯᠢ ᠳᠤᠬᠳᠠᠭᠠᠬᠤ ᠠᠵᠢᠯ ᠢ ᠠᠬᠢᠭᠤᠯᠬᠤ᠂ ᠮᠠᠨ ᠤ ᠴᠡᠷᠢᠭ ᠤᠨ ᠪᠠᠶᠢᠭᠤᠯᠤᠯᠳᠠ ᠶᠢᠨ ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠬᠡ ᠶᠢᠨ ᠨᠠᠶᠢᠳᠠᠪᠤᠷᠢᠵᠢᠭᠤᠯᠤᠯᠳᠠ ᠪᠤᠯᠤᠨ ︽ᠠᠷᠪᠠᠨ ᠳᠦᠷᠪᠡᠳᠦᠬᠡᠷ ᠳᠠᠪᠤᠨ ᠵᠢᠯ︾ ᠤᠨ ᠳᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠠᠵᠢᠯ ᠢ ᠰᠠᠶᠢᠳᠤᠷ ᠠᠳᠬᠤᠬᠤ ᠵᠡᠷᠬᠡ ᠠᠰᠠᠭᠤᠳᠠᠯ ᠤᠨ ᠳᠤᠬᠠᠢ ᠰᠠᠨᠠᠯ ᠰᠠᠨᠠᠭᠤᠯᠭ᠎ᠠ ᠳᠤᠷᠠᠳᠴᠠᠢ᠃          ᠳᠦᠯᠦᠬᠡᠯᠡᠭᠴᠢ ᠶᠢᠨ ᠬᠡᠯᠡᠬᠦ ᠶᠢ ᠨᠠᠷᠢᠨ ᠬᠢᠨᠠᠮᠠᠭᠠᠢ ᠰᠤᠨᠤᠰᠤᠬᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠳᠠᠯᠪᠢᠪᠠ᠃ ᠳᠡᠷᠡ ᠡᠩ ᠳᠡᠷᠢᠬᠦᠨ ᠳᠤ ᠪᠦᠬᠦ ᠴᠡᠷᠢᠭ ᠠᠩᠬᠢ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠬᠦᠷᠬᠡ ᠶᠢ ᠬᠦᠢᠴᠡᠳᠬᠡᠭᠰᠡᠨ ᠪᠠᠶᠢᠳᠠᠯ ᠢ ᠬᠦᠢᠴᠡᠳ ᠨᠤᠳᠠᠯᠠᠪᠠ᠃ ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠠᠮᠡᠴᠡᠯ ᠨᠢ ᠮᠠᠨ ᠤ ᠴᠡᠷᠢᠭ ᠲᠤ ᠠᠪᠴᠤ ᠬᠡᠯᠡᠪᠡᠯ ᠨᠢᠬᠡ ᠤᠳᠠᠭ᠎ᠠ ᠶᠢᠨ ᠳᠤᠮᠤ ᠰᠢᠯᠭᠠᠯᠳᠠ ᠪᠤᠯᠤᠨ᠎ᠠ᠃ ᠠᠷᠠᠳ ᠤᠨ ᠴᠡᠷᠢᠭ ᠠᠩᠬᠢ ᠨᠠᠮ ᠤᠨ ᠵᠢᠯᠤᠭᠤᠳᠤᠯᠭ᠎ᠠ ᠶᠢ ᠰᠤᠨᠤᠰᠤᠨ ᠵᠠᠷᠯᠢᠭ ᠢ ᠳᠤᠰᠤᠮᠠᠬᠴᠠ ᠬᠦᠳᠡᠯᠤᠯᠴᠡᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠡᠮᠡᠴᠡᠯ ᠳᠤᠮᠳᠠ ᠴᠢᠬᠤᠯᠠ ᠦᠢᠯᠡᠳᠦᠯ ᠪᠠᠳᠠᠷᠠᠭᠤᠯᠵᠥ ᠳᠤᠪᠤᠶᠢᠮ᠎ᠠ ᠬᠤᠪᠢ ᠨᠡᠮᠡᠷᠢ ᠦᠵᠡᠬᠦᠯᠪᠡ᠃ ᠠᠷᠠᠳ ᠤᠨ ᠴᠡᠷᠢᠭ ᠠᠩᠬᠢ ᠪᠤᠯ ᠢᠮᠠᠬᠳᠠ ᠨᠠᠮ ᠪᠠ ᠠᠷᠠᠳ ᠳᠦᠮᠡᠨ ᠤ ᠪᠦᠷᠢᠨ ᠢᠳᠡᠬᠡᠯ ᠢ ᠤᠯᠤᠬᠰᠠᠨ ᠪᠠᠭᠠᠳᠤᠷᠯᠢᠭ ᠴᠡᠷᠢᠭ ᠠᠩᠬᠢ ᠮᠦᠨ ᠬᠡᠳᠡᠭ ᠢ ᠦᠢᠯᠡᠳᠦᠯᠬᠡ ᠳᠠᠬᠢᠨᠳᠠ ᠬᠡᠷᠡᠴᠢᠯᠡᠵᠠᠢ ᠬᠡᠵᠥ ᠵᠢᠭᠠᠵᠥ ᠭᠠᠷᠭᠠᠪᠠ᠃          ᠰᠢ ᠶᠢᠨ ᠫᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠲᠠᠢ ᠤᠶᠠᠯᠳᠤᠭᠤᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠭᠢ ᠶᠢᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠲᠤᠰ ᠤᠳᠠᠭ᠎ᠠ ᠶᠢᠨ ᠬᠢᠵᠢᠭ ᠤᠨ ᠪᠠᠶᠢᠳᠠᠯ ᠨᠢ ᠳᠡᠯᠡᠬᠡᠢ ᠶᠢᠨ ᠪᠠᠶᠢᠷᠢᠰᠢᠯ ᠳᠤ ᠭᠦᠨ ᠨᠦᠯᠦᠭᠡ ᠭᠠᠷᠭᠠᠵᠤ᠂ ᠮᠠᠨ ᠤ ᠤᠯᠤᠰ ᠤᠨ ᠠᠮᠤᠷ ᠲᠦᠪᠰᠢᠨ ᠪᠤᠯᠤᠨ ᠬᠦᠭᠵᠢᠯᠳᠡ ᠳᠤ ᠴᠤ ᠭᠦᠨ ᠨᠦᠯᠦᠭᠡ ᠭᠠᠷᠭᠠᠪᠡ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠤ᠂ ᠴᠡᠷᠢᠭ ᠪᠤᠯᠪᠠᠰᠤᠷᠠᠭᠤᠯᠤᠨ ᠳᠠᠶᠢᠨ ᠳᠤ ᠪᠡᠯᠡᠳᠭᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠡᠯ᠎ᠠ ᠵᠦᠢᠯ ᠤᠨ ᠪᠤᠳᠤᠯᠢᠶᠠᠨᠳᠠᠢ ᠪᠠᠶᠢᠳᠠᠯ ᠢ ᠴᠠᠭ ᠲᠤᠬᠠᠢ ᠳᠤᠨᠢ ᠪᠦᠲᠦᠮᠵᠢᠳᠠᠢ ᠰᠢᠢᠳᠪᠦᠷᠢᠯᠡᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠦᠭᠵᠢᠯᠳᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ ᠲᠤᠭᠳᠠᠭᠤᠨ ᠢ ᠬᠠᠮᠠᠭᠠᠯᠠᠬᠤ ᠬᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠨᠦᠬᠦᠴᠡᠯ ᠳᠤᠤᠷ᠎ᠠ ᠴᠡᠷᠢᠭ ᠪᠤᠯᠪᠠᠰᠤᠷᠠᠭᠤᠯᠤᠨ ᠳᠠᠶᠢᠨ ᠳᠤ ᠪᠡᠯᠡᠳᠭᠡᠬᠦ ᠠᠷᠭ᠎ᠠ ᠬᠡᠯᠪᠡᠷᠢ ᠠᠷᠭ᠎ᠠ ᠬᠡᠮᠵᠢᠶ᠎ᠠ ᠶᠢ ᠰᠦᠪᠡᠭᠴᠢᠯᠡᠨ᠂ ᠴᠠᠭ ᠪᠠ ᠪᠠᠶᠢᠳᠠᠯ ᠲᠠᠢ ᠤᠶᠠᠯᠳᠤᠭᠤᠯᠤᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠡᠵᠡᠮᠳᠡᠬᠦ ᠶᠢ ᠰᠠᠶᠢᠳᠤᠷ ᠬᠢᠵᠤ᠂ ᠴᠡᠷᠢᠭ ᠤᠨ ᠶᠠᠪᠤᠳᠠᠯ ᠤᠨ ᠲᠡᠮᠡᠴᠡᠯ ᠬᠢᠬᠦ ᠪᠡᠯᠡᠳᠭᠡᠯ ᠢ ᠳᠠᠷᠦ᠋ᠢᠬᠠᠨ ᠠᠬᠢᠭᠤᠯᠵᠤ᠂ ᠪᠤᠳᠠᠳᠤ ᠪᠠᠶᠢᠯᠳᠤᠭᠠᠨᠴᠢᠯᠠᠬᠰᠠᠨ ᠴᠡᠷᠢᠭ ᠤᠨ ᠶᠠᠪᠤᠳᠠᠯ ᠤᠨ ᠪᠤᠯᠪᠠᠰᠤᠷᠠᠯ ᠢ ᠠᠮᠢᠳᠤᠯᠢᠭ ᠢᠶᠠᠷ ᠦᠷᠨᠢᠭᠦᠯᠵᠤ᠂ ᠮᠠᠨ ᠤ ᠴᠡᠷᠢᠭ ᠤᠨ ᠴᠡᠷᠢᠭ ᠤᠨ ᠶᠠᠪᠤᠳᠠᠯ ᠤᠨ ᠡᠭᠦᠷᠭᠡ ᠶᠢ ᠪᠡᠶᠡᠯᠡᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃          ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠨᠢ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠭᠢ ᠶᠢᠨ ᠦᠭᠡᠷᠡᠴᠢᠯᠡᠯᠳᠡ ᠳᠤ ᠠᠪᠴᠤ ᠬᠡᠯᠡᠪᠡᠯ ᠨᠢᠭᠡ ᠤᠳᠠᠭ᠎ᠠ ᠶᠢᠨ ᠪᠤᠳᠠᠳᠠᠢ ᠰᠢᠯᠭᠠᠯᠳᠠ ᠪᠤᠯᠤᠨ᠎ᠠ᠂ ᠦᠭᠡᠷᠡᠴᠢᠯᠡᠯᠳᠡ ᠶᠢᠨ ᠦᠷ᠎ᠠ ᠪᠦᠲᠦᠮᠵᠢ ᠶᠢ ᠭᠦᠢᠴᠡᠳ ᠬᠠᠷᠠᠭᠤᠯᠬᠤ ᠶᠢᠨ ᠬᠠᠮᠳᠤ ᠦᠭᠡᠷᠡᠴᠢᠯᠡᠯᠳᠡ ᠳᠤ ᠰᠢᠨ᠎ᠠ ᠱᠠᠭᠠᠷᠳᠠᠯᠭ᠎ᠠ ᠲᠠᠯᠪᠢᠵᠠᠢ᠃ ᠴᠢᠭᠯᠡᠯ ᠢᠶᠠᠨ ᠦᠯᠦ ᠬᠤᠪᠢᠷᠠᠭᠤᠯᠬᠤ᠂ ᠵᠠᠮ ᠢᠶᠠᠨ ᠦᠯᠦ ᠦᠭᠡᠷᠡᠳᠦᠭᠦᠯᠬᠦ᠂ ᠬᠦᠴᠦ ᠪᠠᠨ ᠦᠯᠦ ᠰᠤᠯᠠᠷᠠᠭᠤᠯᠬᠤ ᠶᠢ ᠪᠠᠷᠢᠮᠳᠠᠯᠠᠵᠤ᠂ ᠲᠦᠷᠦ ᠶᠢᠨ ᠪᠤᠳᠤᠯᠭ᠎ᠠ ᠳᠦᠷᠢᠮ ᠤᠨ ᠦᠭᠡᠷᠡᠴᠢᠯᠡᠯᠳᠡ ᠬᠢᠬᠦ ᠭᠤᠤᠯᠳᠠᠯᠭ᠎ᠠ ᠶᠢ ᠴᠢᠩᠭ᠎ᠠ ᠠᠳᠬᠤᠨ᠂ ᠡᠯ᠎ᠠ ᠵᠦᠢᠯ ᠤᠨ ᠦᠭᠡᠷᠡᠴᠢᠯᠡᠯᠳᠡ ᠶᠢᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ ᠠᠳᠬᠤᠵᠤ᠂ ᠲᠤᠭᠳᠠᠭᠠᠭᠰᠠᠨ ᠦᠭᠡᠷᠡᠴᠢᠯᠡᠯᠳᠡ ᠶᠢᠨ ᠡᠭᠦᠷᠭᠡ ᠶᠢ ᠲᠤᠭᠳᠠᠭᠰᠠᠨ ᠴᠠᠭ ᠲᠤᠨᠢ ᠪᠡᠶᠡᠯᠡᠭᠦᠯᠬᠦ ᠬᠡᠷᠡᠭᠳᠠᠢ᠃ ᠦᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠰᠡᠳᠬᠢᠴᠠ ᠪᠤᠯᠤᠨ ᠠᠷᠭ᠎ᠠ ᠪᠠᠷ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ ᠢᠯᠡᠷᠡᠭᠰᠡᠨ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠰᠢᠢᠳᠪᠤᠷᠢᠯᠡᠬᠦ ᠶᠢ ᠴᠢᠬᠤᠯᠠᠴᠢᠯᠠᠬᠤ ᠭᠡᠷᠡᠭᠳᠠᠢ᠃ ᠮᠠᠨ ᠤ ᠴᠡᠷᠢᠭ ᠤᠨ ᠠᠨᠠᠭᠠᠬᠤ ᠤᠬᠠᠭᠠᠨ ᠤ ᠰᠤᠳᠤᠯᠭᠠᠨ ᠤ ᠲᠠᠪᠠᠭᠤᠯᠢᠬ ᠢ ᠪᠠᠳᠠᠷᠠᠭᠤᠯᠤᠨ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠡᠮ ᠲᠠᠩ ᠪᠤᠯᠤᠨ ᠸᠠᠺᠼᠢᠨ ᠤ ᠰᠤᠳᠤᠯᠭᠠᠨ ᠢ ᠲᠦᠷᠬᠡᠳᠬᠡᠵᠤ᠂ ᠨᠡᠩ ᠤᠯᠠᠨ ᠰᠢᠯᠢᠳᠡᠭ ᠤᠢᠢᠯᠡᠳᠬᠦᠨ ᠢ ᠤᠢᠢᠯᠡᠳᠪᠤᠷᠢᠯᠡᠬᠦ ᠭᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠠᠴᠠ ᠲᠠᠶᠢᠴᠢᠨ ᠬᠦᠴᠤᠨ ᠤᠯᠬᠤ ᠶᠢ ᠪᠠᠷᠢᠮᠳᠠᠯᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠡᠭᠦᠳᠦᠯᠳᠡ᠂ ᠢᠯᠠᠩᠭᠤᠶ᠎ᠠ ᠪᠡᠶ᠎ᠠ ᠪᠠᠨ ᠲᠠᠭᠠᠭᠠᠬᠰᠠᠨ ᠰᠢᠨ᠎ᠠ ᠡᠭᠦᠳᠦᠯᠳᠡ᠂ ᠤᠤᠭᠠᠯ ᠰᠢᠨ᠎ᠠ ᠡᠭᠦᠳᠦᠯᠳᠡ ᠶᠢ ᠴᠢᠩᠭᠠᠳᠬᠠᠬᠤ ᠭᠡᠷᠡᠭᠳᠠᠢ᠃ ᠦᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠶᠢᠨ ᠵᠠᠩᠬᠢᠯᠠᠭ᠎ᠠ ᠨᠢ ᠬᠦᠮᠤᠨ ᠳᠤ ᠪᠠᠶᠢᠨ᠎ᠠ᠂ ︽ᠭᠤᠷᠪᠠ ᠶᠢ ᠨᠢᠬᠡ ᠴᠤᠬᠴᠠᠵᠢᠭᠤᠯᠤᠭᠰᠠᠨ︾ ᠴᠢᠳᠠᠪᠤᠷᠢᠳᠠᠨ ᠢ ᠬᠦᠮᠤᠵᠢᠬᠦᠯᠬᠦ ᠰᠢᠰᠲ᠋ᠧᠮ ᠢ ᠪᠠᠶᠢᠭᠤᠯᠵᠤ᠂ ᠮᠤᠷᠠᠯ ᠴᠢᠳᠠᠪᠤᠷᠢ ᠬᠤᠤᠰᠯᠠᠬᠰᠠᠨ ᠲᠡᠭᠡᠳᠤ ᠮᠡᠳᠡᠯᠬᠡ ᠪᠤᠯᠪᠠᠰᠤᠷᠠᠯ ᠲᠠᠢ᠂ ᠲᠤᠰᠬᠠᠢᠢᠵᠢᠬᠰᠠᠨ ᠰᠢᠨ᠎ᠠ ᠬᠡᠯᠪᠡᠷᠢ ᠶᠢᠨ ᠴᠡᠷᠢᠭ ᠤᠨ ᠶᠠᠪᠤᠳᠠᠯ ᠤᠨ ᠴᠢᠳᠠᠪᠤᠷᠢᠳᠠᠨ ᠤ ᠡᠩᠨᠡᠭᠡ ᠶᠢ ᠬᠦᠮᠤᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃          ᠰᠢ ᠶᠢᠨ ᠫᠢᠩ᠂ ᠡᠨᠡ ᠵᠢᠯ ᠪᠤᠯ ᠮᠠᠨ ᠤ ᠴᠡᠷᠢᠭ ᠤᠨ ᠪᠠᠶᠢᠭᠤᠯᠤᠯᠳᠠ ᠬᠦᠭᠵᠢᠬᠦᠯᠤᠯᠳᠠ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠂ ᠶᠡᠷᠦ ᠪᠤᠰᠤ ᠶᠢᠨ ᠠᠷᠭ᠎ᠠ ᠬᠡᠮᠵᠢᠶ᠎ᠠ ᠠᠪᠴᠤ᠂ ᠬᠢᠵᠢᠭ ᠤᠨ ᠪᠠᠶᠢᠳᠠᠯ ᠤᠨ ᠨᠦᠯᠤᠬᠡ ᠶᠢ ᠢᠯᠠᠨ ᠲᠠᠪᠠᠵᠤ᠂ ᠬᠦᠴᠤᠨ ᠢᠶᠠᠨ ᠲᠦᠪᠯᠡᠷᠡᠬᠦᠯᠤᠨ ᠲᠦᠯᠤᠪᠵᠢᠬᠦᠯᠬᠡ ᠶᠢ ᠨᠠᠶᠢᠳᠠᠪᠤᠷᠢᠵᠢᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠴᠢᠬᠤᠯᠠ ᠶᠡᠭᠡ ᠡᠬᠦᠷᠬᠡ ᠶᠢ ᠪᠡᠶᠡᠯᠡᠬᠦᠯᠬᠦ᠂ ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠪᠠᠨ ᠶᠡᠭᠡ ᠪᠠᠷ ᠲᠡᠭᠡᠭᠰᠢᠯᠡᠬᠦᠯᠬᠦ ᠶᠢ ᠪᠠᠳᠤᠯᠠᠬᠤ ᠭᠡᠷᠡᠭᠳᠠᠢ᠃ ᠮᠠᠨ ᠤ ᠴᠡᠷᠢᠭ ᠤᠨ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠰᠠᠶᠢᠳᠤᠷ ᠨᠠᠶᠢᠷᠠᠭᠤᠯᠤᠨ ᠵᠤᠬᠢᠶᠠᠵᠦ᠂ ᠤᠯᠤᠰ ᠤᠨ ᠬᠦᠭᠵᠢᠬᠦᠯᠦᠯᠳᠠ ᠶᠢᠨ ᠪᠠᠶᠢᠷᠢᠰᠢᠭᠤᠯᠤᠯᠳᠠ ᠲᠠᠢ ᠵᠤᠬᠢᠴᠠᠭᠤᠯᠬᠤ ᠶᠢ ᠴᠢᠬᠤᠯᠠᠴᠢᠯᠠᠨ᠂ ᠪᠠᠶᠢᠯᠳᠤᠬᠤ ᠪᠤᠳᠤᠯᠭ᠎ᠠ ᠶᠢᠨ ᠲᠠᠪᠬᠤᠷᠭ᠎ᠠ ᠠᠴᠠ ᠨᠢᠬᠡ ᠴᠤᠬᠴᠠᠵᠢᠭᠤᠯᠬᠤ ᠲᠦᠯᠤᠪᠵᠢᠬᠦᠯᠬᠡ ᠶᠢ ᠰᠠᠶᠢᠳᠤᠷ ᠬᠢᠵᠤ᠂ ᠲᠦᠯᠤᠪᠵᠢᠬᠦᠯᠬᠡ ᠶᠢᠨ ᠶᠠᠰᠤ ᠴᠢᠨᠠᠷ ᠢ ᠪᠠᠳᠤᠯᠠᠬᠤ ᠭᠡᠷᠡᠭᠳᠠᠢ᠃ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠨᠠᠷᠢᠨ ᠨᠢᠬᠳᠠ ᠲᠦᠯᠤᠪᠯᠡᠨ᠂ ᠴᠡᠷᠢᠭ ᠤᠨ ᠵᠠᠷᠤᠳᠠᠯ ᠢ ᠰᠠᠶᠢᠳᠤᠷ ᠬᠠᠮᠢᠶᠠᠷᠤᠨ ᠰᠠᠶᠢᠳᠤᠷ ᠭᠡᠷᠡᠭᠯᠠᠵᠤ᠂ ᠮᠦᠩᠬᠦ ᠪᠤᠯᠭᠠᠨ ᠢ ᠬᠠᠮᠤᠬ ᠤᠨ ᠶᠡᠭᠡ ᠦᠷ᠎ᠠ ᠠᠰᠢᠬᠳᠠᠢ ᠪᠠᠷ ᠭᠡᠷᠡᠭᠯᠡᠬᠦ ᠭᠡᠷᠡᠭᠳᠠᠢ ᠬᠡᠵᠤ ᠴᠢᠬᠤᠯᠠᠴᠢᠯᠠᠪᠠ᠃          ᠰᠢ ᠶᠢᠨ ᠫᠢᠩ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠲᠡᠯ ᠪᠤᠯ ᠮᠠᠠ ᠤ ᠨᠠᠮ ᠪᠤᠯᠤᠨ ᠤᠯᠤᠰ ᠤᠨ ᠤᠯᠤᠰ ᠲᠦᠷᠦ ᠶᠢᠨ ᠢᠯᠡᠳᠳᠡ ᠲᠠᠪᠠᠭᠤᠯᠢᠭ ᠮᠦᠨ᠂ ᠡᠨᠡ ᠤᠲᠠᠭ᠎ᠠ ᠶᠢᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠲᠡᠮᠡᠴᠡᠯ ᠡᠬᠦᠨ ᠢ ᠬᠦᠢᠴᠡᠳ ᠬᠠᠷᠠᠭᠤᠯᠵᠠᠢ᠃ ᠮᠠᠠ ᠤ ᠴᠡᠷᠢᠭ ᠴᠡᠷᠢᠭ ᠤᠨ ᠶᠠᠪᠤᠲᠠᠯ ᠤᠨ ᠡᠬᠦᠷᠭᠡ ᠪᠠᠨ ᠰᠠᠶᠢᠲᠤᠷ ᠪᠡᠶᠡᠯᠡᠭᠦᠯᠬᠦ ᠶᠢᠨ ᠬᠠᠮᠳᠤ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠠ ᠶᠢ ᠲᠡᠮᠵᠢᠵᠦ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠤ ᠢᠯᠠᠯᠲᠠ ᠤᠯᠬᠤ ᠶᠢ ᠲᠡᠮᠵᠢᠵᠦ᠂ ᠤᠷᠤᠨ ᠨᠤᠳᠤᠬ ᠢ ᠬᠠᠪᠰᠤᠷᠤᠨ ᠨᠡᠶᠢᠭᠡᠮ ᠤᠨ ᠶᠡᠭᠡ ᠲᠠᠯ᠎ᠠ ᠶᠢᠨ ᠲᠤᠭᠲᠠᠭᠤᠨ ᠪᠠᠶᠢᠲᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠳᠠᠢ᠃ ᠲᠦᠪ ᠤᠨ ᠪᠠ ᠲᠦᠷᠦ ᠶᠢᠨ ᠪᠠᠶᠢᠭᠤᠯᠭ᠎ᠠ᠂ ᠤᠷᠤᠨ ᠨᠤᠳᠤᠬ ᠤᠨ ᠡᠯ᠎ᠠ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠲᠤᠨ ᠨᠢ ᠤᠯᠤᠰ ᠤᠨ ᠪᠠᠲᠤᠯᠠᠠ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠲᠡᠮᠵᠢᠵᠦ᠂ ᠭᠡᠭᠦᠲᠡᠭ ᠲᠦᠬᠦᠷᠡᠩ ᠬᠠᠯᠠᠭᠤᠨ ᠰᠡᠳᠭᠢᠯᠭᠡ ᠪᠠᠷ ᠦᠷᠭᠡᠡ ᠤᠯᠠᠠ ᠲᠠᠷᠤᠭ᠎ᠠ ᠪᠠᠶᠢᠯᠲᠤᠭᠴᠢ ᠶᠢᠨ ᠬᠦᠴᠢᠷᠲᠠᠯ ᠢ ᠰᠢᠢᠳᠪᠦᠷᠢᠯᠡᠡ ᠦᠭᠴᠤ᠂ ᠤᠯᠤᠰ ᠢ ᠬᠦᠴᠦᠷᠭᠡᠭᠵᠢᠭᠦᠯᠵᠦ ᠴᠡᠷᠢᠭ ᠢ ᠮᠠᠨᠳᠤᠭᠤᠯᠬᠤ ᠠᠤᠭ᠎ᠠ ᠬᠦᠴᠤᠨ ᠢ ᠨᠢᠭᠲᠠᠷᠠᠭᠤᠯᠬᠤ ᠬᠡᠷᠡᠭᠳᠠᠢ ᠭᠡᠵᠦ ᠵᠢᠭᠠᠵᠦ ᠭᠠᠷᠭᠠᠪᠠ᠃          ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠳ᠋ ᠲᠡᠷᠢᠭᠦᠯᠡᠭᠴᠢ ᠰᠢᠤᠢ ᠴᠢ ᠯᠢᠶᠠᠩ ᠬᠤᠷᠠᠯ ᠢ ᠡᠷᠬᠢᠯᠡᠵᠦ᠂ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠳ᠋ ᠲᠡᠷᠢᠭᠦᠯᠡᠭᠴᠢ ᠵᠠᠩ ᠶᠢᠤ ᠰᠢᠶᠠ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠭᠡᠰᠢᠭᠦᠨ ᠸᠧᠢ ᠹᠧᠩ ᠡᡁᠧ᠂ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠠ ᠬᠤᠷᠠᠯ ᠳᠤ ᠤᠷᠤᠯᠴᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1