ᠰᠢ ᠶᠢᠨ ᠫᠢᠩ᠄ ᠡᠷᠳᠡᠮ ᠮᠡᠳᠡᠯᠭᠡ ᠶᠢ ᠰᠢᠷᠭᠠᠭᠤ ᠰᠤᠷᠤᠯᠴᠠᠵᠤ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠨ ᠡᠷᠡᠰ ᠬᠠᠳᠠᠨ ᠵᠤᠷᠢᠭ ᠢ ᠳᠠᠪᠳᠠᠨ ᠪᠤᠯᠪᠠᠰᠤᠷᠠᠭᠤᠯᠵᠤ ᠪᠡᠶ᠎ᠠ ᠮᠠᠬᠠᠪᠤᠳ ᠢᠶᠠᠨ ᠴᠢᠬᠢᠷᠠᠭᠵᠢᠭᠤᠯᠤᠨ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠠᠭ ᠢᠮᠠᠭᠲᠠ ᠪᠡᠯᠡᠬᠡᠨ ᠪᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2020-06-01
     ︽6 · 1︾ ᠤ ᠳᠡᠯᠡᠬᠡᠢ ᠶᠢᠨ ᠬᠡᠤᠬᠡᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠪᠠᠭᠠᠴᠤᠳ ᠬᠡᠤᠬᠡᠳ ᠲᠤ ᠪᠠᠶᠠᠷ ᠬᠦᠷᠭᠡᠪᠡ᠃          ᠰᠢ ᠶᠢᠨ ᠫᠢᠩ᠂ ᠪᠦᠬᠦ ᠤᠯᠤᠰ ᠤᠨ ᠠᠷᠠᠳ ᠲᠦᠮᠡᠨ ᠰᠡᠳᠭᠢᠯ ᠨᠢᠭᠡᠳᠦᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠡᠨᠡ ᠤᠳᠠᠭ᠎ᠠ ᠶᠢᠨ ᠲᠡᠮᠡᠴᠡᠯ ᠳᠤᠮᠳᠠ᠂ ᠦᠷᠭᠡᠨ ᠤᠯᠠᠨ ᠪᠠᠭᠠᠴᠤᠳ ᠬᠡᠤᠬᠡᠳ ᠴᠤ ᠤᠨᠴᠠᠭᠠᠢ ᠴᠠᠭ ᠬᠤᠭᠤᠴᠠᠭ᠎ᠠ ᠶᠢ ᠦᠩᠭᠡᠷᠡᠭᠦᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠢᠷ ᠢ ᠰᠦᠷᠦᠨ ᠤᠷᠤᠭᠰᠢᠯᠠᠭᠰᠠᠨ ᠠᠭᠤᠤ ᠶᠡᠭᠡ ᠠᠵᠢᠯᠯᠠᠭ᠎ᠠ ᠶᠢ ᠨᠢᠳᠦ ᠪᠠᠷ ᠢᠶᠠᠨ ᠦᠵᠡᠭᠰᠡᠨ ᠪᠦᠭᠡᠳ ᠨᠠᠮ ᠪᠤᠯᠤᠨ ᠵᠠᠰᠠᠭ ᠤᠨ ᠤᠷᠳᠤᠨ ᠤ ᠤᠷᠢᠶᠠᠯᠠᠭ᠎ᠠ ᠶᠢ ᠳᠠᠭᠠᠵᠤ᠂ ᠪᠤᠳᠠᠳᠠᠢ ᠠᠵᠢᠯᠯᠠᠭ᠎ᠠ ᠪᠠᠷ ᠢᠶᠠᠨ ᠬᠢᠵᠢᠭ ᠲᠠᠢ ᠲᠡᠮᠡᠴᠡᠬᠦ ᠲᠡᠮᠡᠴᠡᠯ ᠢ ᠳᠡᠮᠵᠢᠵᠤ᠂ ᠮᠠᠨ ᠤ ᠤᠯᠤᠰ ᠤᠨ ᠪᠠᠭᠠᠴᠤᠳ ᠬᠡᠤᠬᠡᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠢ ᠳᠦᠷᠬᠦ ᠶᠢ ᠢᠯᠡᠷᠡᠭᠦᠯᠵᠠᠢ ᠭᠡᠵᠤ ᠵᠢᠭᠠᠵᠤ ᠭᠠᠷᠭᠠᠪᠠ᠃          ᠰᠢ ᠶᠢᠨ ᠫᠢᠩ᠂ ᠪᠠᠭᠠᠴᠤᠳ ᠬᠦᠴᠦᠷᠭᠡᠭ ᠪᠤᠯ ᠤᠯᠤᠰ ᠬᠦᠴᠦᠷᠭᠡᠭ᠃ ᠤᠲᠤ ᠦᠶ᠎ᠠ ᠶᠢᠨ ᠲᠤᠮᠲᠠᠲᠤ ᠤᠯᠤᠰ ᠤᠨ ᠪᠠᠭᠠᠴᠤᠳ ᠬᠡᠤᠬᠡᠳ ᠪᠤᠯ ᠨᠢᠬᠡᠲᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠠᠪᠤᠴᠠ ᠶᠢ ᠪᠡᠶ᠎ᠠ ᠪᠠᠷ ᠢᠶᠠᠨ ᠦᠩᠭᠡᠷᠡᠭᠦᠯᠦᠭᠴᠢ ᠪᠠ ᠭᠡᠷᠡᠴᠢᠯᠡᠭᠴᠢ ᠪᠤᠯᠬᠤ ᠪᠠᠷ ᠪᠠᠷᠠᠬᠤ ᠦᠭᠡᠢ ᠨᠡᠩ ᠴᠤ ᠬᠤᠶᠠᠲᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠤᠲᠤᠬᠢᠴᠢᠯᠠᠭᠰᠠᠠ ᠬᠦᠴᠦᠷᠭᠡᠭ ᠤᠯᠤᠰ ᠢ ᠪᠦᠲᠦᠭᠡᠡ ᠪᠠᠶᠢᠭᠤᠯᠬᠤ ᠪᠡᠯᠡᠳᠭᠡᠯ ᠬᠦᠴᠤᠨ ᠮᠦᠨ᠃ ᠦᠷᠭᠡᠡ ᠤᠯᠠᠠ ᠪᠠᠭᠠᠴᠤᠳ ᠬᠡᠤᠬᠡᠳ ᠡᠷᠲᠡᠮ ᠮᠡᠲᠡᠯᠭᠡ ᠶᠢ ᠰᠢᠷᠭᠠᠭᠤ ᠰᠤᠷᠤᠯᠴᠠᠵᠦ᠂ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠨ᠂ ᠡᠷᠡᠰ ᠬᠠᠳᠠᠨ ᠵᠤᠷᠢᠭ ᠢ ᠳᠠᠪᠳᠠᠨ ᠪᠤᠯᠪᠠᠰᠤᠷᠠᠭᠤᠯᠵᠤ᠂ ᠪᠡᠶ᠎ᠠ ᠮᠠᠬᠠᠪᠤᠳ ᠢᠶᠠᠨ ᠴᠢᠬᠢᠷᠠᠭᠵᠢᠭᠤᠯᠤᠨ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠠᠭ ᠢᠮᠠᠭᠳᠠ ᠪᠡᠯᠡᠬᠡᠨ ᠪᠠᠶᠢᠬᠤ ᠶᠢ ᠬᠦᠰᠡᠵᠦ ᠪᠠᠶᠢᠨ᠎ᠠ᠃ ᠡᠯ᠎ᠠ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠪᠠ ᠪᠦᠬᠦ ᠨᠡᠶᠢᠭᠡᠮ ᠢᠶᠠᠷ ᠢᠶᠠᠨ ᠪᠠᠭᠠᠴᠤᠳ ᠬᠡᠤᠬᠡᠳ ᠢ ᠬᠠᠶᠢᠷᠠᠯᠠᠠ ᠬᠠᠯᠠᠮᠵᠢᠯᠠᠵᠦ᠂ ᠪᠠᠭᠠᠴᠤᠳ ᠬᠡᠤᠬᠡᠳ ᠤᠨ ᠢᠳᠡᠷᠡᠭᠦᠨ ᠢᠶᠠᠷ ᠦᠰᠦᠨ ᠪᠤᠶᠢᠵᠢᠬᠤ ᠳᠤ ᠠᠰᠢᠭᠲᠠᠢ ᠨᠦᠬᠦᠴᠡᠯ ᠢ ᠪᠦᠷᠢᠯᠲᠦᠭᠦᠯᠵᠥ ᠦᠭᠬᠦ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠵᠤᠬᠢᠶᠠᠠ ᠪᠠᠶᠢᠭᠤᠯᠤᠯᠲᠠ ᠦᠨᠲᠦᠰᠦᠲᠠᠠ ᠤ ᠰᠡᠷᠭᠦᠨ ᠮᠠᠠᠲᠤᠯᠲᠠ ᠶᠢᠨ ᠶᠡᠭᠡ ᠡᠬᠦᠷᠭᠡ ᠶᠢ ᠡᠬᠦᠷᠭᠡᠯᠡᠵᠦ ᠲᠡᠶᠢᠯᠬᠦ ᠴᠠᠭ ᠦᠶ᠎ᠠ ᠶᠢᠨ ᠰᠢᠨ᠎ᠠ ᠬᠦᠮᠦᠨ ᠢ ᠬᠦᠮᠤᠵᠢᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠴᠠᠭ ᠦᠶ᠎ᠠ ᠶᠢᠨ ᠬᠦᠭᠵᠢᠯᠲᠠ ᠶᠢ ᠳᠠᠭᠠᠵᠤ᠂ ᠲᠠᠰᠤᠷᠠᠯᠲᠠ ᠦᠭᠡᠢ ᠦᠭᠡᠷᠡᠴᠢᠯᠡᠯᠲᠡ ᠬᠢᠵᠦ ᠰᠢᠨ᠎ᠠ ᠶᠢ ᠡᠭᠦᠳᠴᠤ᠂ ᠠᠵᠢᠯ ᠢᠶᠠᠨ ᠢᠲᠡᠪᠬᠢᠲᠠᠢ ᠦᠷᠨᠢᠭᠦᠯᠵᠦ᠂ ᠨᠠᠮ ᠤᠨ ᠪᠠᠭᠠᠴᠤᠳ ᠬᠡᠤᠬᠡᠳ ᠤᠨ ᠦᠢᠯᠡᠰ ᠲᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠵᠦ ᠴᠢᠬᠤᠯᠠᠴᠢᠯᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1