ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠵᠠᠷᠯᠢᠭ ᠲᠤ ᠭᠠᠷ ᠤᠨ ᠦᠰᠦᠭ ᠵᠢᠷᠤᠵᠤ ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠴᠡᠷᠢᠭ ᠠᠩᠭᠢ ᠶᠢᠨ ᠶᠡᠭᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠳᠡᠯᠡᠪᠡ
ᠨᠡᠶᠢᠲᠡᠯᠡᠭᠰᠡᠨ ᠴᠠᠭ᠄
2020/6/17
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 16 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢᠦ ᠵᠢᠢ ᠮᠸᠢ︶ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠦᠷᠦᠭᠦᠭᠡᠨ ᠵᠠᠷᠯᠢᠭ ᠲᠤ ᠭᠠᠷ ᠤᠨ ᠦᠰᠦᠭ ᠵᠢᠷᠤᠵᠤ᠂ ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠴᠡᠷᠢᠭ ᠠᠩᠭᠢ ᠶᠢᠨ ᠶᠡᠭᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠳᠡᠯᠡᠵᠤ᠂ 2020 ᠤᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠤᠯᠤᠨ᠎ᠠ᠃          ︽ᠳᠦᠷᠢᠮ︾ ᠨᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢᠨ᠎ᠠ ᠴᠠᠭ ᠦᠶ᠎ᠠ ᠶᠢᠨ ᠴᠡᠷᠢᠭ ᠤᠨ ᠶᠠᠪᠤᠳᠠᠯ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠭᠦᠨᠵᠡᠭᠡᠢ ᠲᠤᠭᠤᠰᠢᠯᠠᠭᠤᠯᠵᠤ᠂ ᠮᠤᠷᠠᠯ ᠴᠢᠳᠠᠪᠤᠷᠢ ᠬᠤᠤᠰᠯᠠᠭᠰᠠᠨ ᠦᠨᠳᠦᠷ ᠬᠡᠪ ᠪᠤᠯᠪᠠᠰᠤᠷᠠᠯ ᠲᠠᠢ᠂ ᠲᠤᠰᠬᠠᠢᠢᠵᠢᠭᠰᠠᠨ ᠰᠢᠨ᠎ᠠ ᠬᠡᠯᠪᠡᠷᠢ ᠶᠢᠨ ᠴᠡᠷᠢᠭ ᠤᠨ ᠶᠠᠪᠤᠳᠠᠯ ᠤᠨ ᠴᠢᠳᠠᠪᠤᠷᠢᠳᠠᠨ ᠢ ᠬᠦᠮᠦᠵᠢᠭᠦᠯᠬᠦ ᠲᠤᠭᠤᠷᠢᠨ ᠳᠤ ᠵᠦᠪ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠤ᠂ ᠶᠤᠰᠤ ᠰᠤᠷᠳᠠᠬᠤᠨ ᠢᠶᠠᠷ ᠬᠦᠮᠦᠨ ᠬᠦᠮᠦᠵᠢᠭᠦᠯᠬᠦ ᠶᠢ ᠪᠠᠷᠢᠮᠳᠠᠯᠠᠨ᠂ ᠪᠠᠶᠢᠯᠳᠤᠭᠠᠨ ᠬᠢᠬᠦ ᠴᠢᠳᠠᠪᠤᠷᠢᠳᠠᠨ ᠢ ᠬᠦᠮᠦᠵᠢᠭᠦᠯᠬᠦ ᠶᠢ ᠪᠠᠷᠢᠮᠳᠠᠯᠠᠵᠤ᠂ ᠨᠢᠭᠡ ᠴᠤᠭᠴᠠᠵᠢᠭᠤᠯᠤᠭᠰᠠᠨ ᠪᠠᠶᠢᠷᠢᠰᠢᠭᠤᠯᠤᠯᠳᠠ ᠶᠢ ᠪᠠᠷᠢᠮᠳᠠᠯᠠᠨ᠂ ᠲᠤᠳᠤᠭᠠᠳᠤ ᠠᠭᠤᠯᠬᠤᠨ ᠤ ᠬᠡᠯᠪᠡᠷᠢ ᠶᠢᠨ ᠬᠦᠭᠵᠢᠯᠳᠡ ᠶᠢ ᠪᠠᠷᠢᠮᠳᠠᠯᠠᠵᠤ᠂ ᠰᠤᠷᠭᠠᠨ ᠬᠦᠮᠦᠵᠢᠯ ᠢ ᠴᠢᠩᠭ᠎ᠠ ᠵᠠᠰᠠᠬᠤ᠂ ᠵᠢᠭᠠᠨ ᠰᠤᠷᠭᠠᠯᠳᠠ ᠶᠢ ᠴᠢᠩᠭ᠎ᠠ ᠵᠠᠰᠠᠬᠤ᠂ ᠰᠤᠳᠤᠯᠭᠠᠨ ᠢ ᠴᠢᠩᠭ᠎ᠠ ᠵᠠᠰᠠᠬᠤ᠂ ᠰᠢᠯᠭᠠᠯᠳᠠ ᠶᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠵᠤ᠂ ᠶᠡᠭᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠡᠯ᠎ᠠ ᠲᠠᠯ᠎ᠠ ᠪᠤᠯᠤᠨ ᠪᠦᠬᠦ ᠶᠠᠪᠤᠴᠠ ᠶᠢᠨ ᠠᠵᠢᠯ ᠢ ᠵᠢᠷᠤᠮᠵᠢᠭᠤᠯᠪᠠ᠃          ︽ᠳᠦᠷᠢᠮ︾ ᠨᠢ ᠨᠡᠶᠢᠳᠡ 11 ᠪᠦᠯᠦᠭ 90 ᠵᠦᠢᠯ ᠲᠠᠢ᠂ ᠶᠡᠭᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ ᠰᠢᠰᠲ᠋ᠧᠮ ᠢ ᠶᠡᠷᠦᠩᠬᠡᠢ ᠳᠤᠨᠢ ᠳᠠᠬᠢᠨ ᠴᠤᠭᠴᠠᠯᠠᠵᠤ᠂ ᠡᠯ᠎ᠠ ᠱᠠᠳᠤᠨ ᠤ ᠲᠤᠰᠢᠶᠠᠯ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ᠂ ᠶᠡᠭᠡ ᠲᠡᠭᠡᠳᠦ ᠰᠤᠷᠭᠠᠭᠤᠯᠢ ᠶᠢ ᠤᠷᠢᠳ ᠢᠶᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠤᠯᠤᠰ ᠲᠦᠷᠤ ᠪᠠᠷ ᠴᠡᠷᠢᠭ ᠢ ᠪᠠᠶᠢᠭᠤᠯᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠴᠡᠷᠢᠭ ᠬᠦᠮᠦᠨ ᠲᠠᠶᠢᠨ ᠳᠤ ᠦᠢᠯᠡᠴᠢᠯᠡᠬᠦ ᠤᠳᠤᠷᠢᠳᠤᠮᠵᠢ ᠶᠢ ᠴᠢᠩᠭᠠᠳᠬᠠᠨ᠂ ᠰᠢᠨ᠎ᠠ ᠴᠠᠬ ᠦᠶ᠎ᠠ ᠶᠢᠨ ᠴᠡᠷᠢᠭ ᠠᠩᠬᠢ ᠶᠢᠨ ᠶᠡᠭᠡ ᠲᠡᠭᠡᠳᠤ ᠰᠤᠷᠭᠠᠭᠤᠯᠢ ᠶᠢᠨ ᠰᠤᠷᠭᠠᠨ ᠬᠦᠮᠤᠵᠢᠯ ᠤᠨ ᠦᠨᠳᠤᠰᠤᠨ ᠪᠠᠶᠢᠷᠢᠰᠢᠯ ᠢ ᠰᠢᠯᠢᠳᠡᠭᠵᠢᠬᠦᠯᠵᠤ᠂ ᠶᠡᠭᠡ ᠲᠡᠭᠡᠳᠤ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠷᠢ ᠲᠤᠭᠳᠠᠭᠠᠯᠳᠠ ᠶᠢᠨ ᠱᠠᠭᠠᠷᠳᠠᠯᠭ᠎ᠠ ᠪᠤᠯᠤᠨ ᠭᠤᠤᠯ ᠡᠬᠦᠷᠬᠡ ᠶᠢ ᠵᠢᠷᠤᠮᠵᠢᠭᠤᠯᠵᠤ᠂ ᠶᠡᠭᠡ ᠲᠡᠭᠡᠳᠤ ᠰᠤᠷᠭᠠᠭᠤᠯᠢ ᠶᠢᠨ ᠤᠳᠤᠷᠢᠳᠤᠯᠭ᠎ᠠ᠂ ᠵᠢᠭᠠᠨ ᠰᠤᠷᠭᠠᠭᠴᠢ᠂ ᠰᠤᠷᠤᠬᠴᠢ ᠶᠢᠨ ᠪᠠᠷᠢᠮᠵᠢᠶ᠎ᠠ ᠱᠠᠭᠠᠷᠳᠠᠯᠭ᠎ᠠ ᠶᠢ ᠳᠤᠳᠤᠷᠬᠠᠢᠢᠯᠠᠨ᠂ ᠤᠯᠤᠰ ᠲᠦᠷᠤ ᠶᠢᠨ ᠴᠢᠳᠠᠪᠤᠷᠢ ᠶᠢᠨ ᠬᠦᠮᠤᠵᠢᠯ ᠢ ᠲᠤᠪᠤᠶᠢᠯᠭᠠᠨ᠂ ᠠᠯᠢᠪᠠ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠲᠠᠶᠢᠨ ᠬᠢᠬᠦ᠂ ᠢᠯᠠᠭᠤᠬᠰᠠᠨ ᠲᠠᠶᠢᠨ ᠬᠢᠬᠦ ᠳᠤ ᠲᠦᠪᠯᠡᠷᠡᠬᠦᠯᠵᠤ᠂ ᠰᠦᠭ ᠰᠦᠨᠡᠰᠤ ᠲᠠᠢ᠂ ᠡᠷᠳᠡᠮ ᠴᠢᠳᠠᠪᠤᠷᠢ ᠲᠠᠢ᠂ ᠤᠮᠤᠬ ᠵᠤᠷᠢᠬ ᠲᠠᠢ᠂ ᠶᠤᠰᠤ ᠮᠤᠷᠠᠯ ᠲᠠᠢ ᠰᠢᠨ᠎ᠠ ᠴᠠᠬ ᠦᠶ᠎ᠠ ᠶᠢᠨ ᠬᠤᠪᠢᠰᠬᠠᠯᠳᠤ ᠴᠡᠷᠢᠭ ᠢ ᠬᠦᠮᠤᠵᠢᠬᠦᠯᠬᠦ ᠳᠤ ᠬᠦᠴᠦᠳᠦ ᠪᠠᠳᠤᠯᠠᠭ᠎ᠠ ᠬᠠᠩᠭᠠᠬᠤ ᠶᠢ ᠠᠬᠢᠭᠤᠯᠪᠠ᠃ ᠰᠢᠨ᠎ᠠ ᠬᠡᠯᠪᠡᠷᠢ ᠶᠢᠨ ᠶᠡᠭᠡ ᠲᠡᠬᠡᠳᠤ ᠰᠤᠷᠭᠠᠭᠤᠯᠢ ᠶᠢᠨ ᠰᠢᠰᠲ᠋ᠧᠮ ᠤᠨ ᠡᠷᠬᠢᠯᠳᠡ ᠪᠤᠯᠤᠨ ᠰᠢᠨ᠎ᠠ ᠬᠡᠯᠪᠡᠷᠢ ᠶᠢᠨ ᠴᠡᠷᠢᠭ ᠤᠨ ᠶᠠᠪᠤᠳᠠᠯ ᠤᠨ ᠴᠢᠳᠠᠪᠤᠷᠢᠳᠠᠨ ᠤ ᠦᠰᠤᠨ ᠪᠤᠶᠢᠵᠢᠵᠤ ᠴᠢᠳᠠᠪᠤᠷᠢᠳᠠᠨ ᠪᠤᠯᠬᠤ ᠦᠪᠡᠷᠮᠢᠴᠠ ᠤᠨᠴᠠᠯᠢᠬ ᠵᠢᠮ᠎ᠠ ᠶᠤᠰᠤ ᠳᠤ ᠰᠠᠭᠤᠷᠢᠯᠠᠵᠤ᠂ ᠦᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠶᠢ ᠪᠠᠷᠢᠮᠳᠠᠯᠠᠨ᠂ ᠴᠡᠷᠢᠭ ᠠᠩᠬᠢ ᠶᠢᠨ ᠶᠡᠭᠡ ᠲᠡᠭᠡᠳᠤ ᠰᠤᠷᠭᠠᠭᠤᠯᠢ ᠶᠢᠨ ᠰᠤᠷᠭᠠᠨ ᠬᠦᠮᠤᠵᠢᠯ ᠤᠨ ᠤᠢᠢᠯᠠᠭᠠᠭᠳᠠᠬᠤᠨ᠂ ᠲᠦᠷᠢᠮ᠂ ᠠᠭᠤᠯᠭ᠎ᠠ᠂ ᠠᠷᠭ᠎ᠠ ᠬᠡᠮᠵᠢᠶ᠎ᠠ᠂ ᠵᠠᠰᠠᠯᠳᠠ ᠶᠢᠨ ᠤᠳᠤᠬᠢᠴᠢᠯᠠᠯᠳᠠ ᠶᠢ ᠶᠡᠭᠡ ᠪᠠᠷ ᠠᠬᠢᠭᠤᠯᠵᠤ᠂ ᠰᠤᠷᠤᠬᠴᠢ ᠡᠯᠰᠡᠬᠦ᠂ ᠪᠠᠳᠤᠯᠠᠭ᠎ᠠ ᠬᠠᠩᠭᠠᠬᠤ᠂ ᠰᠤᠯᠢᠯᠴᠠᠭ᠎ᠠ ᠬᠠᠮᠳᠤᠷᠠᠯᠴᠠᠭ᠎ᠠ ᠬᠢᠬᠦ ᠵᠡᠷᠬᠡ ᠲᠤᠯᠭᠠᠭᠤᠷᠢᠯᠠᠯ ᠤᠨ ᠲᠦᠷᠢᠮ ᠢ ᠦᠷᠬᠡᠳᠬᠡᠨ ᠲᠡᠭᠦᠯᠳᠡᠷᠵᠢᠭᠦᠯᠵᠦ᠂ ᠰᠢᠨ᠎ᠠ ᠪᠠᠶᠢᠭᠤᠯᠤᠮᠵᠢ ᠲᠤᠤᠷᠠᠬᠢ ᠶᠡᠭᠡ ᠲᠡᠭᠡᠳᠤ ᠰᠤᠷᠭᠠᠭᠤᠯᠢ ᠶᠢᠨ ᠳᠤᠳᠤᠭᠠᠳᠤ ᠬᠠᠮᠢᠶᠠᠷᠤᠯᠳᠠ ᠶᠢᠨ ᠠᠵᠢᠯᠯᠠᠭᠠᠨ ᠤ ᠲᠤᠭᠳᠠᠴᠠ ᠶᠢ ᠪᠠᠶᠢᠭᠤᠯᠤᠨ ᠪᠦᠷᠢᠨᠰᠢᠭᠦᠯᠪᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1