ᠰᠢ ᠶᠢᠨ ᠫᠢᠩ᠄ ᠬᠦᠴᠦᠷᠭᠡᠭ ᠶᠡᠭᠡ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢ ᠴᠤᠬᠴᠠᠯᠠᠵᠤ ᠠᠷᠠᠳ ᠲᠦᠮᠡᠨ ᠤ ᠡᠷᠡᠬᠦᠯ ᠮᠡᠨᠳᠦ ᠶᠢ ᠬᠠᠮᠠᠭᠠᠯᠠᠬᠤ ᠳᠤ ᠬᠦᠴᠦᠳᠠᠢ ᠪᠠᠳᠤᠯᠠᠭ᠎ᠠ ᠬᠠᠩᠭᠠᠬᠤ ᠬᠡᠷᠡᠭᠲᠡᠢ
ᠨᠡᠶᠢᠲᠡᠯᠡᠭᠰᠡᠨ ᠴᠠᠭ᠄
2020-06-05
     ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠦᠳᠡ ᠶᠢᠨ ᠬᠤᠶᠢᠨ᠎ᠠ ᠲᠤᠰᠬᠠᠢ ᠮᠡᠷᠭᠡᠵᠢᠯᠳᠠᠨ ᠡᠷᠳᠡᠮᠳᠡᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠠᠷᠠᠳ ᠲᠦᠮᠡᠨ ᠤ ᠠᠮᠤᠷ ᠲᠦᠪᠰᠢᠨ ᠪᠤᠯ ᠤᠯᠤᠰ ᠤᠨ ᠠᠮᠤᠷ ᠲᠦᠪᠰᠢᠨ ᠤ ᠰᠠᠭᠤᠷᠢ ᠴᠢᠯᠠᠭᠤ ᠮᠦᠨ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠦ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠬᠦᠷᠢᠶᠡᠨ ᠳᠠᠬᠢ ᠬᠦᠨᠳᠦ ᠶᠡᠭᠡ ᠠᠶᠦᠯ ᠲᠦᠭᠰᠢᠬᠦᠷᠢ ᠶᠢ ᠴᠠᠭ ᠢᠮᠠᠬᠳᠠ ᠰᠡᠷᠭᠡᠶᠢᠯᠡᠬᠦ ᠭᠡᠷᠡᠭᠲᠡᠢ᠃ ᠭᠠᠭᠴᠠ ᠬᠦ ᠬᠦᠴᠦᠷᠭᠡᠭ ᠶᠡᠭᠡ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢ ᠴᠤᠬᠴᠠᠯᠠᠵᠦ ᠂ ᠤᠷᠢᠳᠴᠢᠯᠡᠨ ᠰᠡᠷᠡᠮᠵᠢᠯᠡᠬᠦᠯᠬᠦ ᠴᠤᠤᠷᠢᠶᠠᠳᠤᠨ ᠲᠠᠭᠠᠬᠤ ᠲᠤᠭᠳᠠᠴᠠ ᠶᠢ ᠪᠦᠷᠢᠨᠰᠢᠬᠦᠯᠦᠨ᠂ ᠰᠡᠷᠭᠡᠶᠢᠯᠡᠨ ᠡᠵᠡᠮᠳᠡᠬᠦ ᠪᠠ ᠠᠪᠤᠷᠠᠨ ᠵᠠᠰᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠰᠡᠷᠭᠡᠶᠢᠯᠡᠯᠳᠠ ᠶᠢᠨ ᠲᠤᠤᠷ ᠢ ᠪᠠᠬᠢᠵᠢᠬᠦᠯᠵᠦ᠂ ᠲᠤᠰᠠᠭᠠᠷᠯᠠᠬᠤ ᠭᠡᠷᠡᠮ ᠢ ᠪᠤᠳᠠᠳᠠᠢ ᠪᠠᠳᠤ ᠴᠤᠬᠴᠠᠯᠠᠪᠠᠯ ᠰᠠᠶᠢ ᠠᠷᠠᠳ ᠲᠦᠮᠡᠨ ᠤ ᠡᠷᠡᠬᠦᠯ ᠮᠡᠨᠳᠦ ᠶᠢ ᠬᠠᠮᠠᠭᠠᠯᠠᠬᠤ ᠳᠤ ᠦᠨᠡᠨ ᠬᠦ ᠬᠦᠴᠦᠳᠠᠢ ᠪᠠᠳᠤᠯᠠᠭ᠎ᠠ ᠬᠠᠩᠭᠠᠵᠦ ᠴᠢᠳᠠᠨ᠎ᠠ ᠭᠡᠵᠦ ᠴᠢᠬᠤᠯᠠᠴᠢᠯᠠᠪᠠ᠃          ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠶᠠᠷᠢᠯᠴᠠᠬᠤ ᠬᠤᠷᠠᠯ ᠳᠤ ᠤᠷᠤᠯᠴᠠᠵᠠᠢ᠃          ᠶᠠᠷᠢᠯᠴᠠᠬᠤ ᠬᠤᠷᠠᠯ ᠳᠡᠭᠡᠷ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠭᠤᠸᠠᠩᠵᠸᠦ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠠᠮᠢᠰᠬᠤᠯ ᠤᠨ ᠳᠤᠳᠤᠷ ᠰᠠᠯᠠᠭᠠᠨ ᠤ ᠫᠷᠦᠹᠧᠰᠰᠤᠷ ᠵᠦᠩ ᠨᠠᠨ ᠱᠠᠨ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠳᠦ ᠪᠡᠭᠡᠵᠢᠩ ᠤᠨ ᠴᠤᠤᠶᠠᠩ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ᠂ ᠡᠷᠬᠢᠯᠡᠭᠴᠢ ᠡᠮᠴᠢ ᠲᠦᠩ ᠴᠤᠤ ᠬᠤᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠲᠢᠶᠠᠨᠵᠢᠨ ᠤ ᠬᠢᠳᠡᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠵᠠᠬᠢᠷᠤᠯ ᠵᠠᠩ ᠪᠦᠸᠧ ᠯᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠤᠤᠷᠳᠦ ᠪᠤᠳᠠᠰ ᠡᠮ ᠤᠨ ᠵᠦᠢᠯ ᠤᠨ ᠰᠤᠳᠤᠯᠭᠠᠨ ᠤ ᠭᠠᠵᠠᠷ ᠤᠨ ᠰᠤᠳᠤᠯᠤᠬᠴᠢ ᠯᠢ ᠰᠦᠩ᠂ ᠴᠢᠩᠬᠤᠸᠠ ᠶᠡᠭᠡ ᠰᠤᠷᠭᠠᠭᠤᠯᠢ ᠶᠢᠨ ᠰᠤ᠋ ᠱᠢ ᠮᠢᠨ ᠪᠢᠴᠢᠭ ᠤᠨ ᠬᠦᠷᠢᠶᠡᠯᠡᠩ ᠤᠨ ᠳᠠᠷᠤᠭ᠎ᠠ᠂ ᠤᠯᠠᠨ ᠨᠡᠶᠢᠳᠡ ᠶᠢᠨ ᠬᠠᠮᠢᠶᠠᠷᠤᠯᠳᠠ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠦᠹᠧᠰᠰᠤᠷ ᠰᠢᠤᠸᠠᠢ ᠯᠠᠨ᠂ ᠳᠤᠮᠳᠠᠳᠤ ᠶᠢᠨ ᠤᠷᠢᠳᠴᠢᠯᠡᠨ ᠰᠡᠷᠭᠡᠶᠢᠯᠡᠬᠦ ᠠᠨᠠᠭᠠᠬᠤ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ᠂ ᠡᠷᠬᠢᠯᠡᠭᠴᠢ ᠡᠮᠴᠢ ᠶᠠᠩ ᠸᠧᠢ ᠵᠦᠩ᠂ ᠴᠢᠩᠬᠤᠸᠠ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠦᠹᠧᠰᠰᠤᠷ᠂ ᠡᠷᠡᠬᠦᠯ ᠬᠠᠮᠠᠭᠠᠯᠠᠯ ᠤᠨ ᠬᠠᠤᠯᠢ ᠶᠢᠨ ᠰᠤᠳᠤᠯᠭᠠᠨ ᠤ ᠲᠦᠪ ᠤᠨ ᠡᠷᠬᠢᠯᠡᠭᠴᠢ ᠸᠠᠩ ᠴᠧᠨ ᠭᠤᠸᠠᠩ ᠤᠷᠢᠳ ᠬᠤᠵᠢᠳ ᠦᠭᠡ ᠭᠡᠯᠡᠵᠦ᠂ ᠮᠠᠨ ᠤ ᠤᠯᠤᠰ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠤᠭᠳᠠᠴᠠ ᠶᠢ ᠳᠡᠬᠦᠯᠳᠡᠷᠵᠢᠬᠦᠯᠬᠦ᠂ ᠤᠯᠤᠰ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠬᠦᠯᠬᠦ᠂ ᠡᠮᠴᠢᠯᠡᠭᠡᠨ ᠤ ᠠᠪᠤᠷᠠᠨ ᠵᠠᠰᠠᠬᠤ ᠲᠦᠪᠰᠢᠨ ᠢ ᠳᠡᠭᠡᠭᠰᠢᠯᠡᠬᠦᠯᠬᠦ᠂ ᠬᠢᠳᠡᠳ ᠡᠮ ᠡᠮᠨᠡᠯᠭᠡ ᠶᠢᠨ ᠦᠢᠯᠡᠳᠦᠯ ᠢ ᠪᠠᠳᠠᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠠᠤᠯᠢ ᠴᠠᠭᠠᠵᠠ ᠲᠦᠷᠢᠮ ᠲᠤᠭᠳᠠᠭᠠᠯ ᠤᠨ ᠰᠢᠰᠲ᠋ᠧᠮ ᠢ ᠳᠡᠬᠦᠯᠳᠡᠷᠵᠢᠬᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠡᠨᠡ ᠬᠦ ᠶᠠᠪᠤᠴᠠ ᠳᠤ ᠰᠢ ᠶᠢᠨ ᠫᠢᠩ ᠲᠤᠰᠬᠠᠢ ᠮᠡᠷᠭᠡᠵᠢᠯᠳᠠᠨ ᠨᠢᠭᠡᠪᠦᠷᠢ ᠲᠠᠢ ᠰᠠᠨᠠᠯ ᠢᠶᠠᠨ ᠰᠤᠯᠢᠯᠴᠠᠵᠦ᠂ ᠵᠠᠷᠢᠮ ᠠᠰᠠᠭᠤᠳᠠᠯ ᠤᠨ ᠲᠤᠬᠠᠢ ᠪᠠᠶᠢᠳᠠᠯ ᠢ ᠬᠦᠨᠵᠡᠭᠡᠢ ᠤᠢᠢᠯᠠᠭᠠᠨ᠂ ᠬᠤᠯᠪᠤᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠵᠦ᠂ ᠰᠢᠨᠵᠢᠯᠡᠬᠦ ᠤᠬᠠᠭᠠᠨᠴᠢ ᠪᠠᠷ ᠰᠠᠶᠢᠵᠢᠷᠠᠭᠤᠯᠤᠨ ᠂ ᠲᠤᠬᠢᠳᠠᠢ ᠰᠢᠢᠳᠪᠤᠷᠢᠯᠡᠬᠦ ᠭᠡᠷᠡᠭᠲᠡᠢ ᠭᠡᠵᠦ ᠱᠠᠭᠠᠷᠳᠠᠵᠠᠢ᠃          ᠤᠯᠠᠨ ᠤ ᠭᠡᠯᠡᠬᠦ ᠶᠢ ᠨᠠᠷᠢᠨ ᠬᠢᠨᠠᠮᠠᠭᠠᠢ ᠰᠤᠨᠤᠰᠤᠬᠰᠠᠨ ᠤ ᠳᠠᠷᠠᠭ᠎ᠠ᠂ ᠶᠡᠷᠦᠩᠭᠡᠢ ᠱᠦᠵᠢ ᠰᠢ ᠶᠢᠨ ᠫᠢᠩ ᠮᠠᠰᠢ ᠴᠢᠬᠤᠯᠠ ᠶᠠᠷᠢᠶ᠎ᠠ ᠲᠠᠯᠪᠢᠪᠠ᠃ ᠲᠡᠷᠡ᠂ ᠭᠡᠨᠡᠳᠳᠡ ᠪᠠᠷ ᠲᠠᠭᠠᠷᠢᠵᠦ ᠢᠷᠡᠭᠰᠡᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠨᠠᠮ ᠤᠨ ᠲᠦᠪ ᠬᠤᠷᠢᠶ᠎ᠠ ᠪᠦᠬᠦ ᠲᠠᠯ᠎ᠠ ᠶᠢ ᠨᠢᠭᠡᠳᠦᠯᠳᠠᠢ ᠲᠦᠯᠦᠪᠵᠢᠬᠦᠯᠵᠦ᠂ ᠡᠷᠡᠰ ᠳᠠᠰᠤᠷᠬᠠᠢ ᠰᠢᠢᠳᠪᠤᠷᠢᠳᠦ ᠪᠤᠳᠤᠯᠭ᠎ᠠ ᠠᠪᠴᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠬᠦᠯ ᠮᠡᠨᠳᠦ ᠶᠢ ᠲᠡᠷᠢᠬᠦᠨ ᠪᠠᠶᠢᠷᠢᠨ ᠳᠤ ᠲᠠᠯᠪᠢᠵᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠰᠡᠳᠬᠢᠯ ᠨᠢᠭᠡᠳᠴᠦ᠂ ᠪᠦᠬᠦ ᠬᠦᠴᠦ ᠪᠠᠷ ᠢᠶᠠᠨ ᠴᠢᠷᠮᠠᠶᠢᠨ᠂ ᠬᠠᠮᠤᠬ ᠤᠨ ᠴᠢᠩᠭ᠎ᠠ᠂ ᠬᠠᠮᠤᠬ ᠤᠨ ᠪᠦᠷᠢᠨ ᠬᠦᠢᠴᠡᠳ᠂ ᠬᠠᠮᠤᠭ ᠤᠨ ᠲᠤᠭᠤᠰᠢᠳᠠᠢ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠠᠪᠤᠭᠰᠠᠠ ᠠᠴᠠ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ ᠤᠯᠵᠠᠢ᠃ ᠡᠳᠡᠭᠡᠷ ᠠᠮᠵᠢᠯᠳᠠ ᠶᠢ ᠤᠯᠤᠬᠰᠠᠨ ᠨᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠳᠡ ᠤᠯᠤᠰ ᠲᠦᠷᠦ ᠶᠢᠨ ᠳᠠᠪᠠᠭᠤᠯᠢᠭ ᠢ ᠢᠯᠡᠷᠡᠬᠦᠯᠵᠦ᠂ ᠦᠭᠡᠷᠡᠴᠢᠯᠡᠯᠳᠠ ᠨᠡᠭᠡᠭᠡᠯᠳᠠ ᠠᠴᠠ ᠨᠠᠭᠠᠰᠢᠬᠢ ᠮᠠᠨ ᠤ ᠤᠯᠤᠰ ᠤᠨ ᠡᠳᠦᠷ ᠢᠷᠡᠬᠦᠶ᠎ᠠ ᠴᠢᠩᠭᠠᠷᠠᠵᠦ ᠪᠠᠶᠢᠭ᠎ᠠ ᠤᠯᠤᠰ ᠤᠨ ᠶᠡᠷᠦᠩᠭᠡᠢ ᠬᠦᠴᠦᠨ ᠢ ᠬᠠᠷᠠᠭᠤᠯᠵᠦ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠳᠠᠭᠤ ᠪᠡᠷᠭᠡᠰᠢᠶᠡᠯ ᠢ ᠬᠠᠮᠳᠦ ᠪᠠᠷ ᠲᠤᠭᠤᠯᠵᠦ᠂ ᠲᠦᠮᠡᠨ ᠤᠯᠠᠨ ᠢᠶᠠᠷ ᠢᠶᠠᠨ ᠪᠤᠯᠤᠳ ᠭᠡᠷᠡᠮ ᠪᠤᠯᠬᠤ ᠬᠦᠴᠦᠷᠭᠡᠭ ᠶᠡᠭᠡ ᠬᠦᠴᠦᠨ ᠴᠢᠳᠠᠯ ᠢ ᠳᠡᠯᠭᠡᠨ ᠦᠵᠡᠬᠦᠯᠵᠡᠢ ᠭᠡᠵᠦ ᠢᠯᠡᠳᠭᠡᠪᠡ᠃          ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠳᠤᠮᠳᠠ᠂ ᠦᠷᠭᠡᠨ ᠤᠯᠠᠨ ᠲᠤᠰᠬᠠᠢ ᠮᠡᠷᠭᠡᠵᠢᠯᠳᠠᠨ ᠡᠷᠳᠡᠮᠳᠡᠨ ᠨᠠᠷ ᠳᠡᠭᠡᠳᠦ ᠭᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠦ ᠰᠡᠳᠬᠢᠯᠭᠡ ᠪᠠ ᠡᠬᠦᠷᠭᠡᠳᠦ ᠪᠤᠳᠤᠯ ᠢᠶᠠᠷ ᠲᠤᠰᠬᠠᠢ ᠮᠡᠷᠭᠡᠵᠢᠯ ᠤᠨ ᠢᠶᠠᠨ ᠲᠠᠪᠠᠭᠤᠯᠢᠬ ᠢ ᠪᠠᠳᠠᠷᠠᠭᠤᠯᠵᠦ᠂ ᠬᠢᠵᠢᠭ ᠤᠨ ᠪᠠᠶᠢᠳᠠᠯ ᠤᠨ ᠬᠠᠨᠳᠤᠰᠢ ᠶᠢ ᠵᠠᠳᠠᠯᠬᠤ᠂ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠳᠡᠬᠦᠯᠳᠡᠷᠵᠢᠬᠦᠯᠬᠦ᠂ ᠡᠮᠴᠢᠯᠡᠭᠡᠨ ᠤ ᠠᠪᠤᠷᠠᠨ ᠵᠠᠰᠠᠬᠤ ᠶᠢ ᠵᠢᠯᠤᠭᠤᠳᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠶᠢ ᠲᠦᠷᠭᠡᠳᠭᠡᠬᠦ᠂ ᠬᠠᠤᠯᠢ ᠴᠠᠭᠠᠵᠠ ᠬᠠᠤᠯᠢ ᠲᠤᠭᠳᠠᠭᠠᠯ ᠳᠤ ᠵᠠᠰᠠᠪᠤᠷᠢ ᠤᠷᠤᠭᠤᠯᠬᠤ᠂ ᠤᠯᠠᠨ ᠤᠯᠤᠰ ᠤᠨ ᠬᠠᠮᠳᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠠᠷᠭ᠎ᠠ ᠤᠬᠠᠭᠠᠨ ᠭᠠᠷᠭᠠᠨ ᠦᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠳᠤ ᠴᠢᠬᠤᠯᠠ ᠬᠤᠪᠢ ᠨᠡᠮᠡᠷᠢ ᠦᠵᠡᠬᠦᠯᠵᠡᠢ ᠭᠡᠵᠦ ᠵᠢᠭᠠᠵᠦ ᠭᠠᠷᠭᠠᠪᠠ᠃ ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ ᠤᠯᠠᠨ ᠳᠤ ᠴᠢᠩ ᠰᠡᠳᠬᠢᠯ ᠠᠴᠠ ᠪᠠᠨ ᠳᠠᠯᠠᠷᠬᠠᠵᠦ ᠪᠠᠶᠢᠬᠤ ᠪᠠᠨ ᠢᠯᠡᠳᠭᠡᠪᠡ᠃          ᠰᠢ ᠶᠢᠨ ᠫᠢᠩ᠂ ᠬᠦᠮᠦᠨ ᠲᠦᠷᠦᠯᠬᠢᠳᠡᠨ ᠤ ᠡᠷᠡᠬᠦᠯ ᠮᠡᠨᠳᠦ ᠪᠤᠯ ᠨᠡᠶᠢᠭᠡᠮ ᠤᠨ ᠪᠤᠯᠪᠠᠰᠤᠨ ᠤ ᠲᠠᠪᠰᠢᠯᠳᠠ ᠶᠢᠨ ᠰᠠᠭᠤᠷᠢ ᠮᠦᠨ᠃ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶ᠎ᠠ ᠰᠢᠨ᠎ᠠ ᠴᠠᠭ ᠦᠶ᠎ᠠ ᠶᠢᠨ ᠨᠠᠮ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠠᠵᠢᠯ ᠤᠨ ᠴᠢᠭᠯᠡᠯᠳᠠ ᠶᠢ ᠳᠤᠳᠤᠷᠬᠠᠢᠢᠯᠠᠵᠦ᠂ ᠠᠷᠠᠳ ᠲᠦᠮᠡᠨ ᠤ ᠡᠷᠡᠬᠦᠯ ᠮᠡᠨᠳᠦ ᠶᠢᠨ ᠲᠦᠪᠰᠢᠨ ᠢ ᠳᠡᠭᠡᠭᠰᠢᠯᠡᠬᠦᠯᠬᠦ ᠲᠦᠷᠢᠮ ᠤᠨ ᠪᠠᠳᠤᠯᠠᠭ᠎ᠠ ᠶᠢ ᠴᠢᠩᠭᠠᠳᠬᠠᠨ᠂ ᠰᠡᠷᠭᠡᠶᠢᠯᠡᠬᠦ ᠪᠠᠷ ᠭᠤᠤᠯ ᠪᠤᠯᠭᠠᠬᠤ ᠶᠢ ᠪᠠᠷᠢᠮᠳᠠᠯᠠᠵᠦ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠤᠭᠳᠠᠭᠤᠨ ᠢᠶᠠᠷ ᠬᠦᠭᠵᠢᠬᠦᠯᠦᠨ᠂ ᠬᠦᠭᠡ ᠭᠡᠯᠪᠡᠷᠢ ᠶᠢᠨ H1N1 ᠬᠠᠯᠳᠠᠪᠤᠷᠢᠳᠦ ᠳᠠᠬᠰᠢᠭᠤᠷ᠂ H7N9᠂ ᠡᠸ᠋ᠪᠦ᠋ᠯᠠ ᠴᠢᠰᠤ ᠭᠠᠷᠬᠤ ᠬᠠᠯᠠᠭᠤᠨ ᠬᠢᠵᠢᠭ ᠵᠡᠷᠭᠡ ᠭᠡᠨᠡᠳᠳᠡ ᠡᠬᠦᠰᠦᠭᠰᠡᠨ ᠬᠢᠵᠢᠭ ᠤᠨ ᠪᠠᠶᠢᠳᠠᠯ ᠢ ᠠᠮᠵᠢᠯᠳᠠᠳᠠᠢ ᠰᠡᠷᠭᠡᠶᠢᠯᠡᠨ ᠠᠷᠭᠠᠴᠠᠭᠠᠵᠦ᠂ ᠭᠤᠤᠯ ᠪᠤᠯᠬᠤ ᠬᠠᠯᠳᠠᠪᠤᠷᠢᠳᠦ ᠡᠪᠡᠳᠴᠢᠨ ᠡᠬᠦᠰᠬᠦ ᠨᠤᠷᠮ᠎ᠠ ᠮᠡᠳᠡᠭᠳᠡᠮ᠎ᠠ ᠪᠠᠭᠤᠷᠠᠵᠠᠢ᠃ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠲᠡᠦᠭᠡᠨ ᠶᠠᠪᠤᠴᠠ ᠳᠤᠮᠳᠠ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠦᠢᠯᠡᠰ ᠤᠨ ᠬᠦᠭᠵᠢᠯᠳᠠ ᠨᠢ ᠢᠮᠠᠬᠳᠠ ᠰᠠᠭᠤᠷᠢ ᠴᠢᠨᠠᠷᠳᠠᠢ ᠪᠠᠶᠢᠷᠢᠨ ᠳᠤ ᠪᠠᠶᠢᠵᠦ᠂ ᠤᠯᠤᠰ ᠤᠨ ᠪᠦᠬᠦᠯᠢ ᠴᠤᠬᠴᠠ ᠶᠢᠨ ᠪᠠᠶᠢᠯᠳᠤᠬᠤ ᠪᠤᠳᠤᠯᠭ᠎ᠠ ᠯᠤᠭ᠎ᠠ ᠨᠢᠬᠳᠠ ᠵᠤᠯᠭᠠᠯᠴᠠᠵᠦ᠂ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠬᠦᠯᠵᠦ ᠪᠠᠶᠢᠳᠠᠭ ᠶᠤᠮ ᠭᠡᠵᠦ ᠴᠢᠬᠤᠯᠠᠴᠢᠯᠠᠵᠠᠢ᠃          ᠰᠢ ᠶᠢᠨ ᠫᠢᠩ᠂ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠰᠢᠰᠲ᠋ᠧᠮ ᠪᠤᠯ ᠠᠷᠠᠳ ᠲᠦᠮᠡᠨ ᠤ ᠡᠷᠡᠬᠦᠯ ᠮᠡᠨᠳᠤ ᠶᠢ ᠬᠠᠮᠠᠭᠠᠯᠠᠬᠤ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠪᠠᠳᠤᠯᠠᠬᠤ᠂ ᠠᠵᠥ ᠠᠬᠤᠢ ᠨᠡᠶᠢᠬᠡᠮ ᠤᠨ ᠲᠤᠭᠳᠠᠭᠤᠨ ᠢ ᠬᠠᠮᠠᠭᠠᠯᠠᠬᠤ ᠴᠢᠬᠤᠯᠠ ᠪᠠᠳᠤᠯᠠᠭ᠎ᠠ ᠪᠤᠯᠤᠨ᠎ᠠ᠃ ᠨᠡᠩ ᠤᠨᠤᠴᠠᠳᠠᠢ ᠨᠡᠩ ᠪᠦᠳᠦᠮᠵᠢᠳᠡᠢ ᠪᠠᠷ ᠰᠡᠷᠬᠡᠶᠢᠯᠡᠬᠦ ᠳᠤ ᠰᠠᠭᠤᠷᠢᠯᠠᠵᠥ᠂ ᠪᠠᠶᠢᠭᠤᠯᠤᠮᠵᠢ ᠲᠤᠭᠳᠠᠴᠠ ᠶᠢ ᠰᠢᠯᠤᠭᠤᠳᠬᠠᠬᠤ᠂ ᠴᠢᠳᠠᠪᠬᠢ ᠶᠢᠨ ᠪᠠᠶᠢᠷᠢ ᠲᠤᠭᠳᠠᠭᠠᠯᠳᠠ ᠶᠢ ᠲᠤᠳᠤᠷᠬᠠᠢᠢᠯᠠᠬᠤ᠂ ᠲᠤᠰᠬᠠᠢ ᠮᠡᠷᠬᠡᠵᠢᠯ ᠤᠨ ᠴᠢᠳᠠᠪᠤᠷᠢ ᠶᠢ ᠲᠡᠬᠡᠭᠰᠢᠯᠡᠬᠦᠯᠬᠦ ᠵᠡᠷᠬᠡ ᠲᠡᠯ᠎ᠡ ᠪᠠᠷ ᠦᠬᠡᠷᠡᠴᠢᠯᠡᠯᠳᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠲᠤᠭᠳᠠᠭᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠰ ᠤᠨ ᠤᠷᠤᠭᠤᠯᠤᠯᠳᠠ ᠶᠢᠨ ᠲᠤᠭᠳᠠᠴᠠ ᠶᠢ ᠪᠠᠶᠢᠭᠤᠯᠵᠥ᠂ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠦᠨᠳᠦᠰᠦᠨ ᠨᠦᠬᠦᠴᠡᠯ ᠢ ᠰᠠᠶᠢᠵᠢᠷᠠᠭᠤᠯᠵᠥ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠷᠦᠯ ᠵᠦᠢᠯ ᠢ ᠲᠡᠬᠦᠯᠳᠡᠷᠵᠢᠬᠦᠯᠬᠦ ᠬᠡᠷᠡᠭᠳᠡᠢ᠃ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢᠨ ᠲᠤᠬᠢᠷᠠᠭᠤᠯᠤᠯᠳᠠ ᠶᠢ ᠰᠢᠯᠢᠳᠡᠭᠵᠢᠬᠦᠯᠦᠨ ᠲᠡᠬᠦᠯᠳᠡᠷᠵᠢᠬᠦᠯᠵᠦ᠂ ᠲᠡᠬᠡᠳᠦ ᠲᠤᠤᠷᠠᠳᠤ ᠱᠠᠳᠤ ᠪᠠᠷ ᠢᠶᠠᠨ ᠬᠤᠯᠪᠤᠭᠠᠯᠠᠨ ᠬᠦᠳᠡᠯᠥᠯᠴᠡᠵᠤ ᠠᠵᠢᠯ ᠬᠤᠪᠢᠶᠠᠨ ᠬᠠᠮᠵᠢᠯᠴᠠᠬᠤ ᠲᠤᠭᠳᠠᠴᠠ ᠶᠢ ᠪᠠᠶᠢᠭᠤᠯᠬᠤ ᠬᠡᠷᠡᠭᠳᠡᠢ᠃ ᠤᠯᠤᠰ ᠤᠨ ᠲᠡᠰ ᠤᠨ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠥ᠂ ᠲᠡᠬᠦᠨ ᠤ ᠮᠡᠷᠬᠡᠵᠢᠯ᠂ ᠴᠢᠳᠠᠪᠤᠷᠢ᠂ ᠴᠢᠳᠠᠪᠤᠷᠢᠳᠡᠨ ᠤ ᠨᠦᠬᠡᠴᠡ ᠶᠢ ᠴᠢᠩᠭᠠᠳᠬᠠᠬᠤ ᠬᠡᠷᠡᠭᠳᠡᠢ᠃ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠪᠠᠶᠢᠭᠤᠯᠤᠮᠵᠢ ᠪᠤᠯᠤᠨ ᠬᠤᠳᠠ ᠬᠦᠳᠡᠭᠡ ᠨᠡᠶᠢᠬᠡᠮ ᠲᠤᠭᠤᠷᠢᠭ ᠤᠨ ᠬᠤᠯᠪᠤᠭᠠᠯᠠᠨ ᠬᠦᠳᠡᠯᠥᠯᠴᠡᠬᠦ ᠠᠵᠢᠯ ᠤᠨ ᠲᠤᠭᠳᠠᠴᠠ ᠶᠢ ᠪᠦᠷᠢᠨᠰᠢᠬᠦᠯᠵᠥ᠂ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠡ ᠪᠤᠯᠤᠨ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠡᠪᠡᠳᠴᠢᠨ ᠡᠮᠬᠡᠭ ᠢ ᠰᠡᠷᠬᠡᠶᠢᠯᠡᠬᠦ ᠡᠬᠦᠷᠬᠡ ᠬᠠᠷᠢᠭᠤᠴᠠᠯᠭ᠎ᠠ ᠶᠢ ᠴᠢᠩᠭᠠᠳᠬᠠᠵᠥ᠂ ᠬᠤᠯᠪᠤᠭᠠᠯᠠᠨ ᠰᠡᠷᠬᠡᠶᠢᠯᠡᠵᠥ ᠬᠤᠯᠪᠤᠭᠠᠯᠠᠨ ᠡᠵᠡᠮᠳᠡᠬᠦ ᠠᠵᠢᠯ ᠤᠨ ᠦᠨᠳᠦᠰᠦᠨ ᠱᠠᠳᠤᠨ ᠤ ᠰᠠᠭᠤᠷᠢ ᠶᠢ ᠪᠠᠬᠢᠵᠢᠬᠦᠯᠬᠦ ᠬᠡᠷᠡᠭᠳᠡᠢ᠃ ᠡᠮᠨᠡᠬᠦ ᠪᠠ ᠰᠡᠷᠬᠡᠶᠢᠯᠡᠬᠦ ᠶᠢ ᠬᠠᠮᠵᠢᠯᠴᠠᠭᠤᠯᠬᠤ ᠲᠤᠭᠳᠠᠴᠠ ᠶᠢ ᠰᠢᠨᠡᠴᠢᠯᠡᠵᠥ᠂ ᠬᠦᠮᠥᠰ ᠤᠨ ᠨᠡᠪᠳᠡᠷᠡᠯᠴᠡᠭᠡ᠂ ᠮᠡᠳᠡᠭᠡ ᠵᠠᠩᠬᠢ ᠶᠢᠨ ᠨᠡᠪᠳᠡᠷᠡᠯᠴᠡᠭᠡ᠂ ᠡᠬᠢ ᠪᠠᠶᠠᠯᠢᠭ ᠤᠨ ᠨᠡᠪᠳᠡᠷᠡᠯᠴᠡᠭᠡ ᠪᠤᠯᠤᠨ ᠬᠢᠨᠠᠯᠳᠠ ᠬᠠᠮᠢᠶᠠᠷᠤᠯᠳᠠ ᠪᠠᠷ ᠬᠠᠷᠢᠯᠴᠠᠨ ᠬᠢᠵᠠᠭᠠᠷᠯᠠᠬᠤ ᠲᠤᠭᠳᠠᠴᠠ ᠶᠢ ᠪᠠᠶᠢᠭᠤᠯᠬᠤ ᠬᠡᠷᠡᠭᠳᠡᠢ᠃ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠴᠢᠳᠠᠪᠤᠷᠢᠳᠡᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠥ᠂ ᠤᠳᠤᠬᠢᠴᠢᠯᠠᠬᠰᠠᠠ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠰᠢᠰᠲ᠋ᠧᠮ ᠳᠤ ᠲᠤᠬᠢᠷᠠᠬᠰᠠᠠ ᠴᠢᠳᠠᠪᠤᠷᠢᠳᠡᠨ ᠢ ᠬᠦᠮᠥᠵᠢᠬᠦᠯᠬᠦ ᠬᠡᠷᠡᠭᠯᠡᠬᠦ ᠲᠤᠭᠳᠠᠴᠠ ᠶᠢ ᠪᠠᠶᠢᠭᠤᠯᠵᠥ᠂ ᠦᠨᠳᠦᠰᠦᠨ ᠱᠠᠳᠤᠨ ᠤ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠡᠩᠨᠡᠭᠡ ᠶᠢ ᠲᠤᠭᠳᠠᠪᠤᠷᠢᠵᠢᠭᠤᠯᠬᠤ ᠬᠡᠷᠡᠭᠳᠡᠢ᠃ ᠨᠢᠬᠡ ᠪᠦᠯᠥᠭ ᠦᠨᠳᠤᠷ ᠲᠦᠪᠰᠢᠨ ᠪᠦᠬᠦᠢ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠲᠡᠬᠡᠳᠤ ᠰᠤᠷᠭᠠᠭᠤᠯᠢ ᠪᠠᠶᠢᠭᠤᠯᠵᠥ᠂ ᠡᠪᠡᠳᠴᠢᠨ ᠡᠬᠦᠰᠭᠡᠭᠴᠢ ᠶᠢᠨ ᠰᠤᠳᠤᠯᠤᠯ ᠤᠨ ᠬᠢᠨᠠᠨ ᠲᠤᠭᠳᠠᠭᠠᠬᠤ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ ᠬᠠᠯᠲᠠᠪᠤᠷᠢᠯᠠᠨ ᠲᠠᠷᠬᠠᠬᠤ ᠵᠢᠮ᠎ᠡ ᠶᠤᠰᠤ ᠶᠢ ᠰᠤᠳᠤᠯᠬᠤ᠂ ᠲᠤᠬᠠᠢ ᠶᠢᠨ ᠲᠠᠯᠠᠪᠠᠢ ᠳᠤ ᠲᠠᠬᠤᠯ ᠡᠪᠡᠳᠴᠢᠨ ᠤ ᠪᠠᠶᠢᠴᠠᠭᠠᠨ ᠰᠤᠳᠤᠯᠤᠯᠳᠡ ᠬᠢᠬᠦ᠂ ᠲᠤᠷᠰᠢᠯᠳᠠ ᠶᠢᠨ ᠲᠠᠰᠤᠭ ᠲᠤ ᠰᠢᠯᠭᠠᠨ ᠪᠠᠶᠢᠴᠠᠭᠠᠬᠤ ᠵᠡᠷᠬᠡ ᠪᠤᠳᠠᠳᠠᠢ ᠠᠰᠠᠭᠤᠳᠠᠯ ᠢ ᠰᠢᠢᠳᠪᠤᠷᠢᠯᠡᠬᠦ ᠴᠢᠳᠠᠪᠤᠷᠢᠳᠡᠨ ᠢ ᠬᠦᠴᠦᠯᠡᠨ ᠬᠦᠮᠥᠵᠢᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃          ᠰᠢ ᠶᠢᠨ ᠫᠢᠩ᠂ ᠡᠬᠢᠨ ᠤ ᠬᠤᠭᠤᠴᠠᠭᠠᠨ ᠳᠠᠬᠢ ᠬᠢᠨᠠᠨ ᠬᠡᠮᠵᠢᠵᠥ ᠰᠡᠷᠡᠮᠵᠢᠯᠡᠬᠦᠯᠬᠦ ᠴᠢᠳᠠᠪᠤᠷᠢ ᠶᠢ ᠴᠢᠩᠭᠠᠳᠬᠠᠬᠤ ᠶᠢ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠬᠦᠯᠬᠦ ᠪᠠᠷᠢᠨ ᠬᠦᠢᠴᠡᠳᠬᠡᠬᠦ ᠪᠠᠴᠢᠮ ᠡᠬᠦᠷᠬᠡ ᠪᠤᠯᠭᠠᠵᠥ᠂ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠪᠤᠯᠤᠨ ᠬᠡᠨᠡᠳᠳᠡ ᠡᠬᠦᠰᠬᠦ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠶᠠᠪᠤᠳᠠᠯ ᠢ ᠬᠢᠨᠠᠨ ᠬᠡᠮᠵᠢᠬᠦ ᠰᠢᠰᠲ᠋ᠧᠮ ᠢ ᠲᠡᠬᠦᠯᠳᠡᠷᠵᠢᠬᠦᠯᠵᠥ᠂ ᠰᠢᠯᠳᠠᠭᠠᠨ ᠨᠢ ᠲᠤᠳᠤ ᠦᠬᠡᠢ ᠡᠪᠡᠳᠴᠢᠨ ᠡᠮᠬᠡᠭ ᠪᠤᠯᠤᠨ ᠬᠡᠪ ᠤᠨ ᠪᠤᠰᠤ ᠡᠷᠡᠬᠦᠯ ᠮᠡᠨᠳᠦ ᠶᠢᠨ ᠬᠡᠷᠡᠭ ᠶᠠᠪᠤᠳᠠᠯ ᠢ ᠬᠢᠨᠡᠨ ᠬᠡᠮᠵᠢᠬᠦ ᠲᠤᠭᠳᠠᠴᠠ ᠶᠢ ᠰᠠᠶᠢᠵᠢᠷᠠᠭᠤᠯᠵᠥ᠂ ᠦᠨᠡᠯᠡᠨ ᠵᠢᠱᠢᠬᠦ ᠬᠢᠨᠡᠨ ᠬᠡᠮᠵᠢᠬᠦ ᠰᠡᠷᠬᠡᠭ ᠴᠢᠨᠠᠷ ᠪᠤᠯᠤᠨ ᠤᠨᠤᠪᠴᠢᠳᠤ ᠴᠢᠨᠠᠷ ᠢ ᠲᠡᠭᠡᠭᠰᠢᠯᠡᠬᠦᠯᠵᠥ᠂ ᠤᠶᠤᠨᠴᠢ ᠪᠠᠷ ᠰᠡᠷᠡᠮᠵᠢᠯᠡᠬᠦᠯᠵᠤ ᠤᠯᠠᠨ ᠲᠡᠯ᠎ᠡ ᠠᠴᠠ ᠲᠤᠰᠬᠠᠯ ᠭᠠᠷᠭᠠᠬᠤ ᠲᠤᠭᠳᠠᠴᠠ ᠶᠢ ᠪᠠᠶᠢᠭᠤᠯᠵᠥ᠂ ᠤᠯᠠᠨ ᠠᠷᠭ᠎ᠠ ᠵᠠᠮ ᠢᠶᠠᠷ ᠬᠢᠨᠡᠨ ᠬᠡᠮᠵᠢᠵᠥ ᠰᠡᠷᠡᠮᠵᠢᠯᠡᠬᠦᠯᠬᠦ ᠲᠤᠭᠳᠠᠴᠠ ᠶᠢ ᠪᠦᠷᠢᠨᠰᠢᠬᠦᠯᠵᠥ᠂ ᠴᠠᠭ ᠲᠤᠬᠠᠢ ᠳᠤᠨᠢ ᠵᠠᠳᠠᠯᠬᠤ᠂ ᠲᠦᠪᠯᠡᠷᠡᠬᠦᠯᠵᠥ ᠰᠤᠳᠤᠯᠤᠨ ᠮᠠᠭᠠᠳᠯᠠᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ ᠲᠤᠷᠰᠢᠯᠳᠠ ᠶᠢᠨ ᠲᠠᠰᠤᠭ ᠤᠨ ᠰᠢᠯᠭᠠᠨ ᠪᠠᠶᠢᠴᠠᠭᠠᠬᠤ ᠲᠤᠤᠷ ᠤᠨ ᠪᠠᠶᠢᠭᠤᠯᠤᠯᠳᠠ ᠶᠢ ᠴᠢᠩᠭᠠᠳᠬᠠᠵᠥ᠂ ᠬᠠᠯᠳᠠᠪᠤᠷᠢᠳᠤ ᠡᠪᠡᠳᠴᠢᠨ ᠢ ᠰᠢᠯᠭᠠᠨ ᠪᠠᠶᠢᠴᠠᠭᠠᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠤᠯᠤᠨ ᠡᠮᠴᠢᠯᠡᠬᠡᠨ ᠤ ᠪᠠᠶᠢᠭᠤᠯᠤᠮᠵᠢ ᠶᠢᠨ ᠬᠠᠮᠵᠢᠯᠴᠠᠨ ᠬᠢᠨᠡᠨ ᠬᠡᠮᠵᠢᠬᠦ ᠲᠤᠭᠳᠠᠴᠠ ᠶᠢ ᠪᠠᠶᠢᠭᠤᠯᠵᠥ᠂ ᠦᠨᠳᠦᠰᠦᠨ ᠱᠠᠳᠤᠨ ᠤ ᠬᠠᠷᠠᠭᠤᠯ ᠤᠨ ᠴᠡᠭ ᠤᠨ ᠦᠢᠯᠡᠳᠦᠯ ᠢ ᠪᠠᠳᠠᠷᠠᠭᠤᠯᠵᠥ᠂ ᠡᠷᠳᠡ ᠢᠯᠡᠷᠡᠬᠦᠯᠬᠦ᠂ ᠡᠷᠳᠡ ᠮᠡᠳᠡᠬᠦᠯᠬᠦ᠂ ᠡᠷᠳᠡ ᠰᠢᠢᠳᠪᠤᠷᠢᠯᠡᠬᠦ ᠶᠢ ᠪᠡᠶᠡᠯᠡᠬᠦᠯᠬᠦ ᠬᠡᠷᠡᠭᠳᠡᠢ᠃ ᠬᠡᠨᠡᠳᠳᠡ ᠡᠬᠦᠰᠬᠦ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠲᠦᠰᠦᠪ ᠤᠨ ᠰᠢᠰᠲ᠋ᠧᠮ ᠢ ᠪᠦᠷᠢᠨᠰᠢᠬᠦᠯᠵᠥ᠂ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠱᠠᠳᠤ ᠬᠤᠪᠢᠶᠠᠨ ᠲᠦᠷᠦᠯ ᠬᠤᠪᠢᠶᠠᠨ ᠪᠠᠶᠢᠭᠤᠯᠵᠥ᠂ ᠪᠠᠶᠢᠳᠠᠯ ᠢ ᠰᠤᠳᠤᠯᠤᠨ ᠮᠠᠭᠠᠳᠯᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠬᠦ᠂ ᠡᠮᠴᠢᠯᠡᠭᠡ ᠪᠠᠷ ᠠᠪᠤᠷᠠᠨ ᠵᠠᠰᠠᠬᠤ᠂ ᠲᠤᠷᠰᠢᠯᠳᠠ ᠶᠢᠨ ᠲᠠᠰᠤᠭ ᠤᠨ ᠰᠢᠯᠭᠠᠨ ᠪᠠᠶᠢᠴᠠᠭᠠᠯᠳᠠ᠂ ᠨᠡᠶᠢᠬᠡᠮ ᠲᠤᠭᠤᠷᠢᠭ ᠤᠨ ᠵᠢᠯᠤᠭᠤᠳᠤᠯᠭ᠎ᠠ᠂ ᠡᠳ᠋ ᠪᠤᠳᠠᠰ ᠤᠨ ᠲᠤᠬᠢᠷᠠᠭᠤᠯᠭ᠎ᠠ ᠵᠡᠷᠬᠡ ᠬᠦᠷᠢᠶᠡᠨ ᠳᠤ ᠪᠦᠷᠬᠦᠬᠦᠯᠬᠦ ᠬᠡᠷᠡᠭᠳᠡᠢ᠃ ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠠᠵᠢᠯᠳᠠᠨ ᠤ ᠮᠡᠳᠡᠯᠬᠡ ᠶᠢᠨ ᠨᠦᠬᠡᠴᠡ ᠪᠤᠯᠤᠨ ᠪᠤᠯᠪᠠᠰᠤᠷᠠᠯ ᠰᠤᠷᠢᠯᠳᠡ ᠶᠢ ᠴᠢᠩᠭᠠᠳᠬᠠᠵᠥ᠂ ᠤᠷᠢᠳ ᠢᠶᠠᠷ ᠰᠢᠢᠳᠪᠤᠷᠢᠯᠡᠬᠦ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ ᠃ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠬᠡ ᠶᠢᠨ ᠤᠬᠠᠭᠤᠯᠭ᠎ᠠ ᠬᠦᠮᠥᠵᠢᠯ ᠢ ᠬᠦᠨᠵᠡᠬᠡᠢ ᠦᠷᠨᠢᠬᠦᠯᠵᠥ᠂ ᠠᠷᠠᠳ ᠤᠯᠠᠨ ᠤ ᠬᠡᠨᠡᠳᠳᠡ ᠡᠬᠦᠰᠬᠦ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠢ ᠲᠠᠨᠢᠨ ᠮᠡᠳᠡᠬᠦ ᠲᠦᠪᠰᠢᠨ ᠪᠤᠯᠤᠨ ᠤᠷᠢᠳᠴᠢᠯᠡᠨ ᠰᠡᠷᠬᠡᠶᠢᠯᠡᠬᠦ ᠦᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠬᠦᠨᠳᠤ ᠶᠡᠭᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠲᠤᠭᠳᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠬᠤ ᠵᠡᠷᠬᠡ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠤᠨ ᠲᠤᠭᠳᠠᠴᠠ ᠶᠢ ᠪᠠᠶᠢᠭᠤᠯᠵᠥ᠂ ᠵᠢᠭᠠᠪᠤᠷᠢ ᠵᠠᠷᠯᠢᠭ ᠲᠤᠳᠤᠷᠬᠠᠢ᠂ ᠰᠢᠰᠲ᠋ᠧᠮ ᠨᠢ ᠡᠮᠬᠢ ᠵᠢᠷᠤᠮ ᠲᠠᠢ᠂ ᠵᠦᠢᠯ ᠵᠤᠷᠪᠤᠰ ᠨᠢ ᠰᠢᠯᠤᠭᠤᠬᠠᠨ᠂ ᠬᠡᠷᠡᠭᠵᠢᠬᠦᠯᠥᠯᠳᠡ ᠬᠦᠴᠦᠳᠠᠢ ᠪᠠᠶᠢᠬᠤ ᠶᠢ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃          ᠰᠢ ᠶᠢᠨ ᠫᠢᠩ᠂ ᠡᠨᠡ ᠤᠳᠠᠭ᠎ᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠳ ᠢ ᠠᠪᠤᠷᠠᠨ ᠵᠠᠰᠠᠬᠤ ᠠᠵᠢᠯ ᠳᠤ᠂ ᠪᠢᠳᠡ ᠠᠷᠠᠳ ᠲᠦᠮᠡᠨ ᠢ ᠲᠡᠬᠡᠳᠤᠯᠡᠬᠦ᠂ ᠠᠮᠢ ᠨᠠᠰᠤ ᠶᠢ ᠲᠡᠬᠡᠳᠤᠯᠡᠬᠦ ᠶᠢ ᠪᠠᠷᠢᠮᠳᠠᠯᠠᠵᠥ᠂ ᠤᠷᠢᠳ ᠡᠮᠤᠨ᠎ᠡ ᠪᠠᠶᠢᠭ᠎ᠠ ᠦᠬᠡᠢ ᠪᠠᠷ ᠪᠦᠬᠦ ᠤᠯᠤᠰ ᠤᠨ ᠡᠬᠢ ᠪᠠᠶᠠᠯᠢᠭ ᠢ ᠲᠦᠪᠡᠯᠷᠡᠬᠦᠯᠤᠨ ᠶᠡᠭᠡ ᠬᠡᠪᠴᠢᠶᠡᠨ ᠤ ᠠᠪᠤᠷᠠᠨ ᠵᠠᠰᠠᠬᠤ ᠠᠵᠢᠯ ᠦᠷᠨᠢᠬᠦᠯᠵᠥ᠂ ᠬᠠᠯᠳᠠᠪᠤᠷᠢᠯᠠᠬᠳᠠᠭᠰᠠᠳ ᠢ ᠨᠢᠭᠡ ᠶᠢ ᠴᠤ ᠭᠤᠭᠤᠵᠢᠭᠳᠠᠭᠤᠯᠬᠤ ᠦᠭᠡᠢ᠂ ᠨᠢᠭᠡ ᠡᠪᠡᠳᠴᠢᠲᠡᠨ ᠢ ᠴᠤ ᠲᠠᠶᠠᠭᠲᠠᠬᠤ ᠦᠭᠡᠢ ᠪᠠᠶᠢᠵᠤ᠂ ᠲᠦᠷᠦᠬᠡᠳ ᠲᠡᠮᠡᠢ ᠤᠳᠠᠭᠠᠳᠤᠢ ᠨᠢᠯᠬ᠎ᠠ ᠬᠡᠤᠬᠡᠳ ᠠᠴᠠ 100 ᠭᠠᠷᠤᠭᠰᠠᠠ ᠨᠠᠰᠤᠳᠠᠨ ᠢ ᠴᠦ ᠦᠯᠥ ᠤᠷᠬᠢᠬᠳᠠᠭᠤᠯᠵᠥ᠂ ᠡᠪᠡᠳᠴᠢᠳᠡᠨ ᠤ ᠰᠦᠢᠳᠬᠡᠯ ᠤᠨ ᠠᠰᠠᠭᠤᠳᠠᠯ ᠠᠴᠠ ᠪᠤᠯᠵᠥ ᠡᠮᠨᠡᠬᠦᠯᠬᠦ ᠪᠠᠨ ᠨᠦᠯᠥᠬᠡᠨᠯᠬᠦ ᠦᠬᠡᠢ ᠪᠠᠶᠢᠬᠤ ᠶᠢ ᠦᠨᠡᠨ ᠬᠦ ᠪᠠᠳᠤᠯᠠᠪᠠ᠃ ᠪᠠᠴᠢᠮ ᠪᠠᠶᠢᠳᠠᠯ ᠢ ᠠᠷᠭᠠᠴᠠᠭᠠᠬᠤ ᠶᠢ ᠨᠢᠬᠡᠳᠤᠯᠳᠡᠢ ᠲᠦᠯᠥᠪᠵᠢᠬᠦᠯᠥᠭᠰᠡᠡ ᠪᠠᠶᠢᠳᠠᠯ ᠲᠤᠤᠷ᠎ᠡ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠲᠠᠶᠢᠴᠢᠯᠠᠨ ᠴᠤᠤᠷᠢᠶᠠᠳᠤᠵᠥ᠂ ᠤᠷᠤᠨ ᠪᠦᠰᠡ ᠶᠢᠨ ᠬᠢᠨ ᠬᠤᠯᠪᠤᠭᠠᠯᠠᠨ ᠬᠦᠳᠡᠯᠥᠯᠴᠡᠵᠥ᠂ ᠬᠦᠮᠥᠰ ᠢ ᠲᠦᠪᠯᠡᠷᠡᠬᠦᠯᠵᠥ᠂ ᠱᠠᠳᠤ ᠬᠤᠪᠢᠶᠠᠬᠰᠠᠠ᠂ ᠲᠠᠪᠬᠤᠷᠭ᠎ᠠ ᠬᠤᠪᠢᠶᠠᠬᠰᠠᠠ᠂ ᠢᠯᠭᠠᠨ ᠰᠠᠯᠪᠤᠷᠢᠯᠠᠭᠰᠠᠠ ᠬᠦᠨᠳᠤ ᠶᠡᠭᠡ ᠬᠢᠵᠢᠭ ᠤᠨ ᠪᠠᠶᠢᠳᠠᠯ ᠤᠨ ᠠᠪᠤᠷᠡᠨ ᠵᠠᠰᠠᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠬᠰᠠᠠ ᠡᠮᠨᠡᠯᠬᠡ ᠶᠢᠨ ᠬᠤᠷᠢᠶ᠎ᠡ ᠶᠢᠨ ᠬᠠᠯᠳᠠᠪᠤᠷᠢᠳᠤ ᠡᠪᠡᠳᠴᠢᠨ ᠢ ᠠᠪᠤᠷᠡᠨ ᠵᠠᠰᠠᠬᠤ ᠴᠢᠳᠠᠪᠤᠷᠢ ᠶᠢᠨ ᠪᠠᠶᠢᠭᠤᠯᠤᠯᠳᠠ ᠶᠢ ᠪᠦᠬᠦ ᠲᠡᠯ᠎ᠡ ᠪᠠᠷ ᠴᠢᠩᠭᠠᠳᠬᠠᠵᠥ᠂ ᠶᠡᠷᠤᠩᠬᠡᠶᠢᠯᠡᠭᠰᠡᠡ ᠡᠮᠨᠡᠯᠬᠡ ᠶᠢᠨ ᠬᠤᠷᠢᠶ᠎ᠡ ᠶᠢᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠮᠵᠢᠶ᠎ᠠ ᠶᠢ ᠲᠡᠬᠦᠯᠳᠡᠷᠵᠢᠬᠦᠯᠵᠥ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠬᠡᠨ ᠤ ᠠᠪᠤᠷᠠᠨ ᠵᠠᠰᠠᠬᠤ ᠨᠦᠬᠡᠴᠡ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ᠃ ᠬᠤᠳᠠ ᠶᠢᠨ ᠨᠡᠶᠢᠬᠡᠮ ᠲᠤᠭᠤᠷᠢᠭ ᠪᠤᠯᠤᠨ ᠬᠦᠳᠡᠭᠡ ᠲᠤᠰᠬᠤᠨ ᠤ ᠦᠨᠳᠦᠰᠦᠨ ᠱᠠᠳᠤ᠂ ᠬᠢᠯᠢ ᠶᠢᠨ ᠪᠤᠭᠤᠮᠳᠠ ᠶᠢᠨ ᠬᠤᠳᠠ᠂ ᠰᠢᠶᠠᠨ ᠤ ᠱᠠᠳᠤᠨ ᠤ ᠡᠮᠨᠡᠯᠬᠡ ᠶᠢᠨ ᠬᠤᠷᠢᠶ᠎ᠡ ᠪᠤᠯᠤᠨ ᠬᠢᠳᠠᠳ ᠡᠮᠨᠡᠯᠬᠡ ᠶᠢᠨ ᠬᠤᠷᠢᠶ᠎ᠡ ᠪᠠᠷ ᠭᠤᠤᠯᠳᠠᠯᠭ᠎ᠠ ᠪᠤᠯᠭᠠᠵᠥ᠂ ᠬᠤᠳᠠ ᠬᠦᠳᠡᠭᠡ ᠶᠢᠨ ᠭᠤᠷᠪᠠᠨ ᠱᠠᠳᠤᠨ ᠤ ᠡᠮ ᠡᠮᠨᠡᠯᠬᠡ ᠶᠢᠨ ᠦᠢᠯᠡᠴᠢᠯᠡᠬᠡᠨ ᠤ ᠲᠤᠤᠷ ᠢ ᠲᠡᠬᠦᠯᠳᠡᠷᠵᠢᠬᠦᠯᠬᠦ ᠬᠡᠷᠡᠭᠳᠡᠢ᠃ ᠤᠯᠤᠰ ᠤᠨ ᠠᠨᠠᠭᠠᠬᠤ ᠤᠬᠠᠭᠠᠨ ᠤ ᠲᠦᠪ᠂ ᠤᠷᠤᠨ ᠪᠦᠰᠡ ᠶᠢᠨ ᠡᠮᠴᠢᠯᠡᠬᠡᠨ ᠤ ᠲᠦᠪ ᠵᠡᠷᠬᠡ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠥ᠂ ᠬᠦᠨᠳᠤ ᠶᠡᠭᠡ ᠬᠠᠯᠳᠠᠪᠤᠷᠢᠳᠤ ᠡᠪᠡᠳᠴᠢᠨ ᠢ ᠠᠪᠤᠷᠡᠨ ᠵᠠᠰᠠᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃          ᠰᠢ ᠶᠢᠨ ᠫᠢᠩ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠭᠡᠭᠡᠨ ᠪᠤᠯ ᠮᠠᠨ ᠤ ᠨᠠᠮ ᠤᠨ ᠤᠯᠠᠨ ᠲᠦᠮᠡᠨᠴᠢ ᠱᠤᠭᠤᠮ ᠢ ᠡᠷᠡᠬᠦᠯ ᠬᠠᠮᠠᠭᠠᠯᠠᠯ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠳᠤ ᠭᠡᠷᠡᠭᠯᠡᠭᠰᠡᠨ ᠠᠮᠵᠢᠯᠳᠠᠳᠠᠢ ᠦᠢᠯᠡᠳᠦᠯᠭᠡ ᠪᠤᠯᠤᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠮᠠᠴᠡᠯ ᠤᠨ ᠲᠤᠷᠰᠢᠯᠭ᠎ᠠ ᠪᠠᠨ ᠳ᠋ᠦᠡᠭᠨᠡᠵᠤ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠭᠡᠭᠡᠨ ᠤ ᠠᠭᠤᠯᠤᠬᠳᠠᠬᠤᠨ ᠢ ᠪᠠᠶᠠᠯᠢᠬᠵᠢᠭᠤᠯᠵᠤ᠂ ᠠᠷᠭ᠎ᠠ ᠬᠡᠯᠪᠡᠷᠢ ᠠᠷᠭ᠎ᠠ ᠬᠡᠮᠵᠢᠶ᠎ᠡ ᠪᠠᠨ ᠰᠢᠨᠡᠴᠢᠯᠡᠵᠤ᠂ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠵᠠᠰᠠᠯᠳᠠ ᠠᠴᠠ ᠪᠦᠬᠦ ᠲᠠᠯ᠎ᠡ ᠶᠢᠨ ᠨᠡᠶᠢᠭᠡᠮ ᠤᠨ ᠡᠷᠡᠬᠦᠯ ᠮᠠᠨᠳᠤ ᠶᠢᠨ ᠬᠠᠮᠢᠶᠡᠷᠤᠯᠳᠠ ᠲᠠᠶᠢᠰᠢ ᠬᠤᠪᠢᠷᠠᠭᠤᠯᠬᠤ ᠶᠢ ᠠᠬᠢᠭᠤᠯᠵᠤ᠂ ᠠᠷᠠᠳ ᠲᠦᠮᠨᠨ ᠤ ᠡᠷᠡᠬᠦᠯ ᠮᠠᠨᠳᠤ ᠳᠤ ᠬᠤᠯᠪᠤᠬᠳᠠᠬᠤ ᠪᠦᠬᠦ ᠲᠠᠯ᠎ᠠ ᠶᠢᠨ ᠴᠢᠨᠠᠷᠲᠠᠢ ᠤᠷᠳᠤ ᠬᠤᠭᠤᠴᠠᠭᠠᠨ ᠤ ᠴᠢᠨᠠᠷᠲᠠᠢ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠭᠡᠷᠡᠭᠳᠠᠢ᠃ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠪᠦᠬᠦ ᠲᠠᠯ᠎ᠡ ᠪᠠᠷ ᠰᠠᠶᠢᠵᠢᠷᠠᠭᠤᠯᠵᠤ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠷᠴᠢᠨ ᠲᠤᠭᠤᠷᠢᠨ ᠤ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠬᠦᠳᠡᠭᠡ ᠶᠢᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠡᠨ ᠵᠠᠰᠠᠯᠳᠠ ᠶᠢ ᠠᠬᠢᠭᠤᠯᠵᠤ᠂ ᠠᠷᠢᠭᠤᠨ ᠴᠡᠪᠡᠷ ᠬᠤᠳᠠ ᠪᠠᠯᠭᠠᠰᠤ ᠶᠢ ᠡᠬᠦᠳᠤᠨ ᠪᠠᠶᠢᠭᠤᠯᠬᠤ ᠠᠵᠢᠯ ᠢ ᠠᠬᠢᠭᠤᠯᠬᠤ ᠭᠡᠷᠡᠭᠳᠠᠢ᠃ ᠪᠤᠯᠪᠠᠰᠤᠨ ᠡᠷᠡᠬᠦᠯ ᠰᠠᠷᠠᠭᠤᠯ ᠪᠤᠬᠢᠷᠳᠤᠯ ᠦᠭᠡᠢ ᠤᠷᠴᠢᠨ ᠲᠤᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠷᠡᠬᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠬᠦᠯᠬᠦ ᠠᠵᠢᠯ ᠢ ᠦᠷᠨᠢᠬᠦᠯᠵᠤ᠂ ᠰᠠᠶᠢᠨ ᠰᠠᠶᠢᠬᠠᠨ ᠢᠳᠡᠭᠡᠨ ᠤᠮᠳᠠᠭᠠᠨ ᠤ ᠬᠡᠪ ᠰᠤᠷᠳᠠᠯ ᠢ ᠪᠤᠢ ᠪᠤᠯᠭᠠᠵᠤ ᠂ ᠪᠤᠯᠪᠠᠰᠤᠨ ᠡᠷᠡᠬᠦᠯ ᠰᠠᠷᠠᠭᠤᠯ ᠠᠮᠢᠳᠤᠷᠠᠯ ᠤᠨ ᠲᠠᠳᠬᠠᠯ ᠢ ᠲᠡᠯᠭᠡᠷᠡᠬᠦᠯᠬᠦ ᠭᠡᠷᠡᠭᠳᠠᠢ᠃ ᠡᠷᠡᠬᠦᠯ ᠡᠩᠭᠡ ᠶᠢ ᠪᠤᠢ ᠪᠦᠬᠦᠢ ᠲᠦᠷᠦ ᠶᠢᠨ ᠪᠤᠳᠤᠯᠭ᠎ᠠ ᠲᠠᠢ ᠠᠭᠤᠰᠤᠯᠴᠠᠭᠤᠯᠬᠤ ᠶᠢ ᠠᠬᠢᠭᠤᠯᠵᠤ᠂ ᠪᠦᠬᠦ ᠠᠮᠢ ᠨᠠᠰᠤᠨ ᠤ ᠦᠶᠠᠯᠡᠯ ᠤᠨ ᠬᠤᠭᠤᠴᠠᠭᠠᠨ ᠤ ᠡᠷᠡᠬᠦᠯ ᠮᠡᠨᠳᠦ ᠶᠢᠨ ᠬᠠᠮᠢᠶᠡᠷᠤᠯᠳᠠ ᠶᠢᠨ ᠤᠢᠢᠯᠠᠭᠠᠬᠳᠠᠬᠤᠨ ᠢ ᠬᠤᠳᠠ ᠶᠢᠨ ᠲᠦᠯᠦᠪᠵᠢᠬᠦᠯᠭᠡ᠂ ᠪᠦᠳᠦᠭᠡᠨ ᠪᠠᠶᠢᠭᠤᠯᠤᠯᠳᠠ᠂ ᠬᠠᠮᠢᠶᠡᠷᠤᠯᠳᠠ ᠶᠢᠨ ᠪᠦᠬᠦ ᠶᠠᠪᠤᠴᠠ ᠡᠯ᠎ᠡ ᠭᠤᠬᠴᠤᠭ᠎ᠠ ᠳᠤ ᠲᠤᠭᠤᠰᠢᠯᠠᠭᠤᠯᠬᠤ ᠭᠡᠷᠡᠭᠳᠠᠢ᠃ ᠡᠯ᠎ᠡ ᠱᠠᠳᠤᠨ ᠤ ᠨᠠᠮ ᠤᠨ ᠬᠤᠷᠢᠶ᠎ᠡ ᠪᠠ ᠵᠠᠰᠠᠭ ᠤᠨ ᠤᠷᠳᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯ ᠢ ᠴᠢᠬᠤᠯᠠ ᠵᠦᠪᠯᠡᠬᠦ ᠵᠦᠢᠯ ᠳᠤ ᠤᠷᠤᠭᠤᠯᠵᠤ᠂ ᠨᠡᠩ ᠪᠦᠳᠦᠮᠵᠢᠳᠠᠢ ᠨᠡᠶᠢᠭᠡᠮ ᠤᠨ ᠲᠠᠶᠢᠴᠢᠯᠠᠯᠳᠠ ᠶᠢᠨ ᠠᠷᠭ᠎ᠠ ᠬᠡᠯᠪᠡᠷᠢ ᠶᠢ ᠬᠠᠶᠢᠨ ᠰᠦᠪᠡᠭᠴᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃          ᠰᠢ ᠶᠢᠨ ᠫᠢᠩ᠂ ᠬᠢᠳᠠᠳ ᠡᠮᠨᠡᠯᠭᠡ ᠡᠸᠦ᠋ᠷᠤᠫᠠ ᠡᠮᠨᠡᠯᠭᠡ ᠶᠢ ᠤᠶᠠᠯᠳᠤᠭᠤᠯᠵᠤ᠂ ᠬᠢᠳᠠᠳ ᠡᠮ ᠡᠸᠦ᠋ᠷᠤᠫᠠ ᠡᠮ ᠢ ᠵᠡᠷᠭᠡ ᠪᠠᠷ ᠭᠡᠷᠡᠭᠯᠡᠭᠰᠡᠨ ᠨᠢ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡ ᠶᠡᠭᠡ ᠤᠨᠴᠠᠯᠢᠭ ᠪᠤᠯᠬᠤ ᠪᠦᠭᠡᠳ ᠪᠠᠰᠠ ᠴᠤ ᠬᠢᠳᠡᠳ ᠡᠮ ᠡᠮᠨᠡᠯᠭᠡ ᠶᠢᠨ ᠤᠬᠢ ᠰᠤᠳᠤ ᠶᠢ ᠨᠢ ᠵᠠᠯᠭᠠᠮᠵᠢᠯᠠᠵᠤ ᠂ ᠲᠦᠪ ᠶᠤᠰᠤ ᠶᠢ ᠵᠢᠷᠤᠮᠯᠠᠵᠤ ᠰᠢᠨ᠎ᠡ ᠶᠢ ᠡᠬᠦᠳᠦᠭᠰᠡᠨ ᠠᠮᠢᠳᠤᠯᠢᠭ ᠦᠢᠯᠡᠳᠦᠯᠭᠡ ᠪᠤᠯᠤᠨ᠎ᠡ᠃ ᠡᠷᠳᠡᠨ ᠤ ᠰᠤᠩᠭᠤᠳᠠᠭ ᠠᠨᠠᠭᠠᠬᠤ ᠤᠬᠠᠭᠠᠨ ᠤ ᠨᠤᠮ ᠰᠤᠳᠤᠷ ᠤᠨ ᠤᠬᠢ ᠰᠤᠳᠤ ᠶᠢ ᠡᠮᠬᠢᠯᠡᠨ ᠠᠭᠤᠳᠠᠯᠠᠬᠤ ᠪᠠᠨ ᠴᠢᠩᠭᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠤ ᠲᠤᠯᠭᠠᠭᠤᠷᠢᠯᠡᠬᠤ ᠲᠠᠪᠴᠠᠩ ᠢ ᠪᠠᠶᠢᠭᠤᠯᠵᠤ᠂ ᠬᠢᠳᠠᠳ ᠡᠮ ᠤᠨ ᠬᠢᠨᠠᠨ ᠦᠨᠡᠯᠡᠬᠦ ᠬᠢᠨᠡᠨ ᠵᠦᠪᠰᠢᠶᠡᠷᠡᠬᠦ ᠲᠤᠬᠳᠠᠴᠠ ᠶᠢ ᠦᠭᠡᠷᠡᠴᠢᠯᠡᠨ ᠲᠡᠬᠦᠯᠳᠡᠷᠵᠢᠬᠦᠯᠵᠤ᠂ ᠬᠢᠳᠠᠳ ᠡᠮ ᠤᠨ ᠰᠢᠨ᠎ᠡ ᠡᠮ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠬᠦᠯᠦᠨ ᠬᠦᠭᠵᠢᠬᠦ ᠶᠢ ᠠᠬᠢᠭᠤᠯᠬᠤ ᠭᠡᠷᠡᠭᠳᠠᠢ᠃ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠬᠢᠳᠠᠳ ᠡᠮᠨᠡᠯᠭᠡ ᠶᠢᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠ ᠠᠪᠤᠷᠠᠨ ᠵᠠᠰᠠᠬᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠬᠢᠳᠠᠳ ᠡᠮ ᠡᠮᠨᠡᠯᠭᠡ ᠶᠢᠨ ᠤᠨᠴᠠᠯᠢᠭᠳᠤ ᠴᠢᠳᠠᠪᠤᠷᠢᠳᠠᠨ ᠤ ᠪᠠᠶᠢᠭᠤᠯᠤᠯᠳᠠ ᠶᠢ ᠴᠢᠩᠭᠠᠳᠬᠠᠵᠤ᠂ ᠨᠢᠭᠡ ᠰᠠᠯᠠᠭ᠎ᠠ ᠦᠨᠳᠤᠷ ᠲᠦᠪᠰᠢᠨ ᠪᠦᠬᠦᠢ ᠤᠯᠤᠰ ᠤᠨ ᠬᠢᠳᠠᠳ ᠡᠮᠨᠡᠯᠭᠡ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠡᠩᠨᠡᠭᠡ ᠶᠢ ᠴᠤᠬᠴᠠᠯᠠᠬᠤ ᠭᠡᠷᠡᠭᠳᠠᠢ᠃ ᠬᠢᠳᠠᠳ ᠡᠮ ᠡᠮᠨᠡᠯᠭᠡ ᠶᠢᠨ ᠠᠵᠢᠯ ᠢ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠢᠳᠠᠳ ᠡᠸᠦ᠋ᠷᠦᠫᠠ ᠡᠮ ᠡᠮᠨᠡᠯᠭᠡ ᠶᠢᠨ ᠬᠠᠷᠢᠯᠴᠠᠨ ᠨᠦᠬᠦᠪᠤᠷᠢᠯᠡᠵᠤ᠂ ᠵᠤᠬᠢᠴᠠᠩᠭᠤᠢ ᠬᠦᠭᠵᠢᠬᠦ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ᠂ ᠭᠡᠨᠡᠳᠳᠠ ᠡᠬᠦᠰᠦᠭᠰᠡᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠭᠡᠷᠡᠭ ᠢ ᠠᠷᠭᠠᠴᠠᠭᠠᠬᠤ ᠬᠠᠤᠯᠢ ᠵᠡᠷᠭᠡ ᠬᠠᠤᠯᠢ ᠴᠠᠭᠠᠵᠠ ᠳᠤ ᠵᠠᠰᠠᠪᠤᠷᠢ ᠤᠷᠤᠭᠤᠯᠬᠤ ᠪᠠ ᠬᠠᠤᠯᠢ ᠲᠤᠬᠳᠠᠭᠠᠬᠤ ᠠᠵᠢᠯ ᠢ ᠴᠢᠭᠯᠡᠬᠦᠯᠦᠯᠳᠤ ᠴᠢᠨᠠᠷᠳᠠᠢ ᠪᠠᠷ ᠠᠬᠢᠭᠤᠯᠵᠤ᠂ ᠡᠷᠭᠡ ᠬᠠᠷᠢᠭᠤᠴᠠᠯᠭ᠎ᠠ ᠲᠤᠳᠤᠷᠬᠠᠢ᠂ ᠲᠡᠰ ᠳᠠᠷᠠᠭᠠᠯᠠᠯ ᠵᠢᠷᠤᠮᠵᠢᠬᠰᠡᠨ᠂ ᠭᠡᠷᠡᠭᠵᠢᠬᠦᠯᠦᠯᠳᠠ ᠬᠦᠴᠤᠳᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢ ᠭᠡᠷᠡᠭᠵᠢᠬᠦᠯᠬᠦ ᠲᠤᠬᠳᠠᠴᠠ ᠶᠢ ᠪᠦᠷᠢᠨᠰᠢᠬᠦᠯᠵᠤ᠂ ᠰᠢᠨ᠎ᠡ ᠪᠠᠷ ᠡᠬᠦᠰᠦᠭᠰᠡᠨ ᠭᠡᠨᠡᠳᠳᠠ ᠡᠬᠦᠰᠦᠭᠰᠡᠨ ᠬᠦᠨᠳᠤ ᠶᠡᠭᠡ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠤᠯᠢ ᠴᠠᠭᠠᠵᠠ ᠶᠢᠨ ᠲᠠᠯ᠎ᠠ ᠠᠴᠠ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠲᠦᠪ ᠪᠠ ᠤᠷᠤᠨ ᠨᠤᠳᠤᠭ᠂ ᠵᠠᠰᠠᠭ ᠤᠨ ᠤᠷᠳᠤᠨ ᠪᠠ ᠰᠠᠯᠠᠭ᠎ᠠ ᠮᠦᠴᠢᠷ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠲᠤᠳᠤᠷᠬᠠᠢᠢᠯᠠᠬᠤ ᠭᠡᠷᠡᠭᠳᠠᠢ᠃ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢ ᠴᠠᠭᠠᠵᠠ ᠬᠠᠤᠯᠢ ᠲᠤᠬᠳᠠᠭᠠᠯ ᠢ ᠲᠦᠭᠡᠮᠡᠯᠵᠢᠬᠦᠯᠵᠤ᠂ ᠪᠦᠬᠦ ᠨᠡᠶᠢᠭᠡᠮ ᠤᠨ ᠬᠠᠤᠯᠢ ᠶᠤᠰᠤᠭᠠᠷ ᠠᠵᠢᠯᠯᠠᠵᠤ᠂ ᠬᠠᠤᠯᠢ ᠶᠤᠰᠤᠭᠠᠷ ᠬᠦᠢᠴᠡᠳᠭᠡᠬᠦ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃    ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯ ᠬᠦᠮᠦᠨ ᠲᠦᠷᠦᠯᠬᠢᠳᠠᠨ ᠤ ᠬᠢᠵᠢᠭ ᠡᠪᠡᠳᠴᠢᠨ ᠯᠦᠭᠡ ᠲᠡᠮᠡᠴᠡᠬᠦ ᠬᠤᠷᠴᠠ ᠵᠡᠪᠰᠡᠭ ᠮᠦᠨ᠂ ᠬᠦᠮᠦᠨ ᠲᠦᠷᠦᠯᠬᠢᠳᠠᠨ ᠶᠡᠭᠡ ᠭᠠᠮᠰᠢᠭ ᠶᠡᠭᠡ ᠬᠢᠵᠢᠭ ᠢ ᠢᠯᠡᠨ ᠲᠠᠪᠠᠭ᠋ᠤ ᠳᠤ ᠰᠢᠨᠵᠢᠯᠡᠬᠦ ᠤᠬᠠᠭᠠᠨ ᠤ ᠬᠦᠭᠵᠢᠯᠳᠠ ᠪᠠ ᠮᠡᠷᠭᠡᠵᠢᠯ ᠤᠨ ᠰᠢᠨᠡᠴᠢᠯᠡᠯᠳᠠ ᠠᠴᠠ ᠰᠠᠯᠵᠤ ᠴᠢᠳᠠᠬᠤ ᠦᠭᠡᠢ ᠶᠤᠮ᠃ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠬᠦᠷᠢᠶᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠭᠤᠯᠤᠯᠳᠠ ᠪᠠᠨ ᠨᠡᠮᠡᠭᠳᠡᠬᠦᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠤᠭᠤᠮᠳᠠ ᠰᠢᠪᠳᠤᠯᠤᠯᠳᠠ ᠶᠢ ᠬᠦᠴᠤ ᠪᠠᠨ ᠲᠦᠪᠯᠡᠷᠡᠬᠦᠯᠤᠨ ᠦᠷᠨᠢᠬᠦᠯᠵᠤ᠂ ᠰᠢᠨ᠎ᠡ ᠮᠠᠶᠢᠭ ᠤᠨ ᠪᠦᠬᠦ ᠤᠯᠤᠰ ᠤᠨ ᠪᠠᠶᠢᠭᠤᠯᠤᠮᠵᠢ ᠶᠢᠨ ᠲᠠᠪᠠᠭᠤᠯᠢᠭ ᠢ ᠪᠠᠳᠠᠷᠠᠭᠤᠯᠬᠤ ᠭᠡᠷᠡᠭᠳᠠᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠳᠠᠨ ᠢ ᠬᠦᠭᠵᠢᠬᠦᠯᠬᠦ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨᠳᠠᠨ ᠪᠠ ᠰᠢᠨ᠎ᠡ ᠶᠢ ᠡᠬᠦᠳᠬᠦ ᠮᠠᠶᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠳᠠᠨ ᠢ ᠢᠯᠡᠷᠡᠬᠦᠯᠬᠦ᠂ ᠬᠦᠮᠦᠵᠢᠬᠦᠯᠬᠦ᠂ ᠤᠷᠮᠠᠰᠢᠭᠤᠯᠤᠨ ᠵᠤᠷᠢᠬᠵᠢᠭᠤᠯᠬᠤ ᠲᠤᠬᠳᠠᠴᠠ ᠶᠢ ᠲᠡᠬᠦᠯᠳᠡᠷᠵᠢᠬᠦᠯᠵᠤ᠂ ᠨᠡᠩ ᠤᠯᠠᠨ ᠰᠢᠯᠢᠳᠡᠭ ᠴᠢᠳᠠᠪᠤᠷᠢᠳᠠᠨ ᠢ ᠰᠢᠨᠵᠢᠯᠡᠬᠦ ᠤᠬᠠᠭᠠᠨ ᠤ ᠰᠤᠳᠤᠯᠭᠠᠨ ᠤ ᠡᠩᠨᠡᠭᠡᠨ ᠳᠤ ᠲᠠᠳᠠᠨ ᠤᠷᠤᠭᠤᠯᠵᠤ᠂ ᠲᠠᠳᠡᠨ ᠤ ᠴᠤᠯᠭᠤᠷᠠᠨ ᠭᠠᠷᠬᠤ ᠳᠤ ᠨᠦᠬᠦᠴᠡᠯ ᠡᠬᠦᠳᠬᠦ ᠭᠡᠷᠡᠭᠳᠠᠢ ᠭᠡᠵᠤ ᠵᠢᠭᠠᠵᠤ ᠭᠠᠷᠭᠠᠪᠠ᠃          ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠭᠠᠷᠤᠬᠰᠡᠨ ᠠᠴᠠ ᠨᠠᠭᠠᠰᠢ᠂ ᠪᠢᠳᠠ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠤᠢᠢᠯᠠᠭᠠᠬᠳᠠᠬᠤᠨ ᠢ ᠪᠠᠷᠢᠮᠳᠠᠯᠠᠵᠤ᠂ ᠤᠯᠠᠨ ᠤᠯᠤᠰ ᠤᠨ ᠡᠬᠦᠷᠭᠡ ᠪᠠᠨ ᠢᠳᠡᠪᠬᠢᠳᠠᠢ ᠬᠦᠢᠴᠡᠳᠭᠡᠵᠤ᠂ ᠲᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠪᠤᠯᠤᠨ ᠬᠤᠯᠪᠤᠬᠳᠠᠯ ᠪᠦᠬᠦᠢ ᠤᠯᠤᠰ ᠯᠤᠭ᠎ᠠ ᠨᠦᠬᠦᠷᠰᠡᠭ ᠬᠠᠮᠳᠤᠷᠠᠯᠴᠠᠭ᠎ᠠ ᠪᠠᠨ ᠨᠢᠬᠳᠠᠷᠠᠭᠤᠯᠵᠤ᠂ ᠲᠡᠯᠡᠭᠡᠢ ᠨᠡᠶᠢᠭᠡᠮ ᠯᠦᠭᠡ ᠬᠢᠵᠢᠭ ᠤᠨ ᠪᠠᠶᠢᠳᠠᠯ ᠪᠠ ᠸᠢᠷᠦ᠋ᠰ ᠤᠨ ᠮᠡᠳᠡᠭᠡ ᠵᠠᠩᠭᠢ᠂ ᠬᠢᠵᠢᠭ ᠲᠠᠢ ᠲᠡᠮᠡᠴᠡᠭᠰᠡᠨ ᠲᠤᠷᠰᠢᠯᠭ᠎ᠠ ᠠᠷᠭ᠎ᠠ ᠬᠢᠳᠠᠯ ᠢᠶᠠᠨ ᠰᠠᠨᠠᠭᠠᠴᠢᠯᠠᠭ᠎ᠠ ᠠᠴᠠ ᠪᠠᠨ ᠬᠤᠪᠢᠶᠠᠯᠴᠠᠵᠤ᠂ 100 ᠭᠠᠷᠤᠢ ᠤᠯᠤᠰ ᠪᠠ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠳᠤ ᠴᠢᠳᠠᠯ ᠤᠨ ᠬᠢᠷᠢ ᠪᠠᠷ ᠢᠶᠠᠨ ᠡᠳ᠋ ᠪᠤᠳᠠᠰ ᠪᠠ ᠮᠡᠷᠭᠡᠵᠢᠯ ᠤᠨ ᠲᠤᠰᠠᠯᠠᠮᠠᠵᠢ ᠦᠵᠡᠬᠦᠯᠵᠤ᠂ ᠬᠠᠷᠢᠭᠤᠴᠠᠯᠭ᠎ᠠ ᠲᠠᠢ ᠶᠡᠭᠡ ᠤᠯᠤᠰ ᠤᠨ ᠬᠠᠷᠢᠭᠤᠴᠠᠯᠭ᠎ᠠ ᠡᠬᠦᠷᠭᠡᠯᠡᠯ ᠢ ᠢᠯᠡᠷᠡᠬᠦᠯᠪᠠ᠃ ᠪᠢᠳᠠ ᠤᠯᠠᠨ ᠤᠯᠤᠰ ᠤᠨ ᠡᠬᠦᠷᠭᠡ ᠪᠠᠨ ᠦᠷᠬᠦᠯᠵᠢᠯᠡᠨ ᠬᠦᠢᠴᠡᠳᠭᠡᠵᠤ᠂ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠡᠳ᠋ ᠪᠤᠳᠠᠰ ᠤᠨ ᠬᠠᠮᠤᠭ ᠤᠨ ᠶᠡᠭᠡ ᠬᠠᠨᠭ᠍ᠭᠠᠯᠭ᠎ᠠ ᠶᠢᠨ ᠤᠯᠤᠰ ᠤᠨ ᠦᠢᠯᠡᠳᠦᠯ ᠢᠶᠠᠨ ᠪᠠᠳᠠᠷᠠᠭᠤᠯᠵᠤ᠂ ᠬᠦᠮᠦᠨ ᠲᠦᠷᠦᠯᠬᠢᠳᠠᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠬᠠᠮᠳᠤ ᠶᠢᠨ ᠴᠤᠬᠴᠠ ᠶᠢ ᠬᠠᠮᠳᠤ ᠪᠠᠷ ᠪᠠᠶᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃          ᠳ᠋ᠢᠩ ᠰᠢᠤᠸᠠᠢ ᠰᠢᠶᠠᠩ᠂ ᠯᠢᠤ ᠾᠧ᠂ ᠰᠦᠨ ᠴᠦᠨ ᠯᠠᠨ᠂ ᠶᠠᠩ ᠵᠢᠶᠧ ‍ᠤᠣᠢ᠂ ᠵᠠᠩ ᠶᠢᠤ ᠰᠢᠶᠠ᠂ ᠬᠤᠸᠠᠩ ᠺᠦᠨ ᠮᠢᠩ᠂ ᠼᠠᠢ ᠴᠢ᠂ ᠸᠠᠩ ᠶᠦᠩ᠂ ᠰᠢᠶᠤᠤ ᠵᠢᠶᠧ᠂ ᠵᠤᠤ ᠺᠧ ᡁᠢ᠂ ᠾᠧ ᠯᠢ ᠹᠧᠩ ᠶᠠᠷᠢᠯᠴᠠᠬᠤ ᠬᠤᠷᠠᠯ ᠳᠤ ᠤᠷᠤᠯᠴᠠᠵᠠᠢ᠃          ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠦᠪᠯᠡᠯ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠯᠪᠡᠨ ᠲᠢᠩᠭᠢᠮ ᠤᠨ ᠭᠤᠤᠯ ᠬᠠᠷᠢᠭᠤᠴᠠᠯᠭᠠᠳᠠᠨ᠂ ᠲᠤᠰᠬᠠᠢ ᠮᠡᠷᠭᠡᠵᠢᠯᠳᠠᠨ ᠡᠷᠳᠡᠮᠳᠠᠳ ᠤᠨ ᠲᠦᠯᠦᠭᠡᠯᠡᠭᠴᠢ ᠶᠠᠷᠢᠯᠴᠠᠬᠤ ᠬᠤᠷᠠᠯ ᠳᠤ ᠤᠷᠤᠯᠴᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1