ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ᠃
ᠨᠡᠶᠢᠲᠡᠯᠡᠭᠰᠡᠨ ᠴᠠᠭ᠄
2021/10/13
     ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠶ᠋ᠯᠡᠴᠢᠯᠡᠭᠡ ᠶᠢ ᠭᠥᠷᠳᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ︽ᠲᠤᠰᠠᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠲᠣᠭᠲᠠᠭᠠᠯ ᠢ ᠦᠨᠳᠦᠰᠦᠯᠡᠨ᠂ ︽ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠪᠠ᠃ ᠲᠤᠰ ᠪᠠᠶᠢᠭᠤᠯᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠦᠢᠯᠡᠴᠢᠯᠡᠭᠡᠨ ᠢ ᠣᠯᠬᠤ ᠴᠢᠬᠤᠯᠠ ᠲᠠᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠲᠤᠰ ︽ᠵᠦᠭᠯᠡᠭᠦᠷ︾ ᠢ ᠤᠩᠰᠢᠬᠤ ᠶᠢ ᠰᠠᠨᠠᠭᠤᠯᠬᠤ ᠬᠡᠷᠡᠭᠲᠡᠶ᠃    ︽ᠵᠦᠭᠯᠡᠭᠦᠷ︾ ᠢ ᠵᠢᠯ ᠪᠦᠷᠢ ᠨᠢᠭᠡ ᠤᠳᠠᠭ᠎ᠠ ᠰᠢᠨᠡᠳᠬᠡᠪᠡᠯ᠂ ᠲᠤᠰ ᠪᠠᠶᠢᠭᠤᠯᠤᠯᠭ᠎ᠠ ᠶᠢᠨ ᠢᠶᠠᠨ ᠰᠦᠯᠵᠢᠶᠡᠨ ᠥᠷᠲᠡᠭᠡ ᠳᠡᠭᠡᠷ᠎ᠡ ︵ᠰᠦᠯᠵᠢᠶᠡᠨ ᠬᠠᠶ᠋ᠢᠭ᠄ http᠄ / / www . donghe . gov . cn︶ ᠪᠠᠶᠢᠴᠠᠭᠠᠨ ᠦᠵᠡᠵᠦ ᠪᠣᠯᠤᠨ᠎ᠠ᠃    ᠨᠢᠭᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠃    ︵ᠨᠢᠭᠡ︶ ᠢᠯᠡ ᠪᠣᠯᠭᠠᠬᠤ ᠬᠦᠷᠢᠶ᠎ᠡ ᠬᠡᠪᠴᠢᠶ᠎ᠡ᠃    ᠲᠣᠰ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠰᠦᠶ᠋ᠳᠬᠡᠯ ᠬᠤᠷᠢᠶᠠᠬᠤ ᠥᠬᠡᠶ ᠪᠠᠷ ᠢᠯᠡ ᠪᠣᠯᠭᠠᠬᠤ ᠮᠡᠳᠡᠭᠡ ᠵᠠᠩᠭᠢ ᠶᠢᠨ ᠬᠡᠪᠴᠢᠶ᠎ᠡ ᠶᠢ ︽ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ︾ ᠲᠤ ᠯᠠᠪᠯᠠᠨ ᠦᠵᠡᠭᠡᠷᠡᠶ᠃    ︵ᠬᠤᠶᠠᠷ︶ ᠢᠯᠡ ᠪᠣᠯᠭᠠᠬᠤ ᠠᠷᠭ᠎ᠠ ᠵᠠᠮ᠃    1 . ᠵᠠᠰᠠᠭ ᠤᠨ ᠣᠷᠳᠣᠨ ᠤ ᠰᠦᠯᠵᠢᠶ᠎ᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ︵http᠄ / / www . donghe . gov . cn︶︔    2 . ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠄ ︽ᠥᠨᠥᠳᠦᠷ ᠤᠨ ᠳ᠋ᠦᠩ ᠾᠧ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ︵ᠸᠢᠴᠠᠲ ᠤᠨ ᠳᠣᠬᠢᠶ᠎ᠠ᠄ Xin - Dong - He︶︔    3 . ᠳᠠᠩᠰᠠ ᠡᠪᠬᠡᠮᠡᠯ ᠤᠨ ᠣᠷᠳᠣᠨ᠄ ᠳ᠋ᠦᠩ ᠾᠧ ᠲᠣᠭᠤᠷᠢᠭ ᠤᠨ ᠳᠠᠩᠰᠠ ᠡᠪᠬᠡᠮᠡᠯ ᠲᠡᠦᠬᠡ ᠶᠢᠨ ᠣᠶᠢᠯᠠᠯᠭ᠎ᠠ ᠶᠢᠨ ᠣᠷᠳᠣᠨ ︵ᠬᠠᠶ᠋ᠢᠭ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠪᠠᠶᠠᠨᠲᠠᠯ᠎ᠠ ᠶᠡᠭᠡ ᠵᠡᠭᠡᠯᠢ ᠶᠢᠨ ᠨᠠᠮ ᠵᠠᠰᠠᠭ ᠤᠨ ᠠᠰᠠᠷ ᠤᠨ 1 ᠳ᠋ᠦ᠋ᠭᠡᠷ ᠠᠰᠠᠷ ᠤᠨ 102 ᠳ᠋ᠤᠭᠠᠷ ᠥᠷᠥᠭᠡ︔ ᠬᠠᠷᠢᠯᠴᠠᠬᠤ ᠠᠷᠭ᠎ᠠ᠄ 047243881024388968︔ ᠡᠷᠢᠵᠦ ᠦᠵᠡᠬᠦ ᠦᠶ᠋ᠯᠡᠴᠢᠯᠡᠭᠡᠨ ᠤ ᠴᠠᠭ᠄ 8᠄ 3012᠄ 00᠂ 14᠄ 3017᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶︔    4 . ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠯᠠᠪᠤᠷ᠄ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠢᠩᠬᠢᠮ ︵ᠬᠠᠶ᠋ᠢᠭ᠄ ᠳ᠋ᠦᠩ ᠾᠧ ᠲᠣᠭᠤᠷᠢᠭ ᠤᠨ ᠪᠧᠶ ᠯᠢᠶᠠᠩ ᠰᠢᠨ᠎ᠡ ᠲᠣᠭᠤᠷᠢᠭ ᠤᠨ ᠡᠮᠦᠨ᠎ᠡ ᠲᠣᠭᠤᠷᠢᠭ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠢᠩᠬᠢᠮ ᠤᠨ 3 ᠳ᠋ᠤᠭᠠᠷ ᠳᠠᠪᠬᠤᠷᠭ᠎ᠠ︔ ᠬᠠᠷᠢᠯᠴᠠᠬᠤ ᠠᠷᠭ᠎ᠠ᠄ 047226263002626400 ᠪᠠᠶᠢᠴᠠᠭᠠᠨ ᠯᠠᠪᠯᠠᠬᠤ ᠦᠶ᠋ᠯᠡᠴᠢᠯᠡᠭᠡᠨ ᠤ ᠴᠠᠭ᠄ 8᠄ 3012᠄ 00᠂ 14 ᠄ 3017᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ ︶᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠬᠠᠷᠢᠶᠠᠯᠠᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠤᠰ ᠪᠠᠶᠢᠭᠤᠯᠤᠯᠭ᠎ᠠ ᠠᠴᠠ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠤᠶ ᠪᠣᠯᠭᠠᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃    ᠬᠤᠶᠠᠷ᠂ ᠭᠤᠶᠤᠴᠢᠯᠠᠯ ᠶᠣᠰᠣᠭᠠᠷ ᠢᠯᠡ ᠪᠣᠯᠭᠠᠬᠤ ᠬᠡᠷᠡᠭᠲᠡᠶ᠃    ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠲᠤᠰ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠠᠴᠠ ᠭᠠᠳᠠᠨᠠᠬᠢ ᠮᠡᠳᠡᠭᠡ ᠵᠠᠩᠭᠢ ᠶᠢ ᠤᠯᠬᠤ ᠴᠢᠬᠤᠯᠠᠲᠠᠢ ᠪᠠᠶᠢᠪᠠᠯ᠂ ᠲᠤᠰ ᠪᠠᠶᠢᠭᠤᠯᠭ᠎ᠠ ᠳᠤ ᠭᠤᠶᠤᠴᠢᠯᠠᠯ ᠭᠠᠷᠭᠠᠵᠤ ᠪᠣᠯᠤᠨ᠎ᠠ᠃ ᠲᠤᠰ ᠪᠠᠶᠢᠭᠤᠯᠭ᠎ᠠ ᠲᠤᠰ ᠮᠡᠳᠡᠭᠡ ᠵᠠᠩᠭᠢ ᠶᠢ ᠡᠵᠡᠮᠰᠢᠭᠰᠡᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠩᠭᠠᠨ᠎ᠠ᠂ ᠮᠡᠳᠡᠭᠡ ᠵᠠᠩᠭᠢ ᠶᠢ ᠪᠣᠯᠪᠠᠰᠤᠷᠠᠭᠤᠯᠬᠤ᠂ ᠪᠦᠷᠢᠳᠬᠡᠬᠦ᠂ ᠰᠤᠳᠤᠯᠬᠤ᠂ ᠵᠠᠳᠠᠯᠬᠤ ᠪᠤᠶᠤ ᠪᠤᠰᠤᠳ ᠠᠷᠭ᠎ᠠ ᠪᠠᠷ ᠰᠢᠢᠳᠪᠦᠷᠢᠯᠡᠵᠦ ᠪᠣᠯᠬᠤ ᠦᠭᠡᠢ᠃    ︵ᠨᠢᠭᠡ︶ ᠬᠦᠯᠢᠶᠡᠨ ᠠᠪᠴᠤ ᠰᠢᠶ᠋ᠳᠪᠦᠷᠢᠯᠡᠬᠦ ᠪᠠᠶᠢᠭᠤᠯᠤᠮᠵᠢ᠃    ᠭᠥᠯᠢᠶᠡᠨ ᠠᠪᠬᠤ ᠪᠠᠶᠢᠭᠤᠯᠤᠮᠵᠢ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠰᠤᠭ︔ ᠠᠵᠢᠯᠯᠠᠬᠤ ᠭᠠᠵᠠᠷ᠄ ᠳ᠋ᠦᠩ ᠾᠧ ᠲᠣᠭᠤᠷᠢᠭ ᠤᠨ ᠨᠠᠮ ᠵᠠᠰᠠᠭ ᠤᠨ ᠠᠰᠠᠷ ᠤᠨ 509 ᠠᠯᠪᠠᠨ ᠭᠡᠷ︔ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠤ 8᠄ 3012᠄ 00᠂ 14᠄ 3017᠄ 30︔ ᠬᠦᠯᠢᠶᠡᠨ ᠠᠪᠴᠤ ᠰᠢᠶ᠋ᠳᠪᠦᠷᠢᠯᠡᠬᠦ ᠪᠠᠶᠢᠭᠤᠯᠤᠮᠵᠢ ᠶᠢᠨ ᠬᠠᠷᠢᠯᠴᠠᠬᠤ ᠤᠲᠠᠰᠤ᠄ 4388505 ︵ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠭᠤᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠪᠠᠯ᠂ ᠬᠠᠮᠲᠤ ᠳᠤᠨᠢ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠬᠦᠯᠢᠶᠡᠨ ᠠᠪᠴᠤ ᠰᠢᠶ᠋ᠳᠪᠦᠷᠢᠯᠡᠬᠦ ᠪᠠᠶᠢᠭᠤᠯᠤᠮᠵᠢ ᠳᠤ ᠭᠤᠶᠤᠴᠢᠯᠠᠯ ᠳᠡᠪᠰᠢᠭᠦᠯᠦᠨ᠎ᠡ︶᠃    ︵ᠬᠤᠶᠠᠷ︶ ᠭᠤᠶᠤᠴᠢᠯᠠᠬᠤ ᠬᠡᠯᠪᠡᠷᠢ᠃    ᠲᠤᠰ ᠪᠠᠢᠭᠤᠯᠭ᠎ᠠ ᠳᠤ ᠮᠡᠳᠡᠭᠡ ᠵᠠᠩᠭᠢ ᠣᠯᠬᠤ ᠭᠤᠶᠤᠴᠢᠯᠠᠯ ᠭᠠᠷᠭᠠᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1