ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ︵GDP︶᠃
ᠨᠡᠶᠢᠲᠡᠯᠡᠭᠰᠡᠨ ᠴᠠᠭ᠄
2021/10/15
     ᠨᠢᠭᠡ ᠤᠯᠤᠰ ᠤᠨ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠳᠠᠬᠢ ᠦᠢᠯᠡᠳᠪᠦᠷᠢᠯᠡᠯ ᠤᠨ ᠠᠵᠢᠯᠯᠠᠭ᠎ᠠ ᠶᠢᠨ ᠡᠴᠦᠰ ᠤᠨ ᠦᠷ᠎ᠡ ᠪᠦᠲᠦᠭᠡᠯ ᠢ ᠵᠢᠭᠠᠵᠤ ᠪᠠᠶᠢᠨ᠎ᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠲᠤ ᠦᠷᠳᠡᠭ ᠤᠨ ᠬᠡᠯᠪᠡᠷᠢ᠂ ᠣᠷᠣᠯᠭ᠎ᠠ ᠶᠢᠨ ᠬᠡᠯᠪᠡᠷᠢ ᠪᠠ ᠦᠢᠯᠡᠳᠬᠦᠨ ᠤ ᠬᠡᠯᠪᠡᠷᠢ ᠭᠡᠬᠦ ᠭᠤᠷᠪᠠᠨ ᠵᠦᠢᠯ ᠤᠨ ᠢᠯᠡᠷᠡᠬᠦ ᠬᠡᠯᠪᠡᠷᠢ ᠪᠠᠶᠢᠳᠠᠭ᠃ ᠦᠷᠲᠡᠭ ᠤᠨ ᠬᠡᠯᠪᠡᠷᠢ ᠠᠴᠠ ᠨᠢ ᠦᠵᠡᠪᠡᠯ᠂ ᠲᠡᠷᠡ ᠨᠢ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠳᠤ ᠦᠢᠯᠡᠳᠪᠦᠷᠢᠯᠡᠭᠰᠡᠨ ᠪᠦᠬᠦ ᠡᠳ᠋ ᠪᠠᠷᠠᠭ᠎ᠠ ᠪᠠ ᠦᠢᠯᠡᠴᠢᠯᠡᠭᠡᠨ ᠤ ᠦᠷᠲᠡᠭ ᠬᠢᠭᠡᠳ ᠠᠳᠠᠯᠢ ᠬᠤᠭᠤᠴᠠᠭᠠᠨ ᠳᠤ ᠣᠷᠣᠭᠤᠯᠤᠭᠰᠠᠨ ᠪᠦᠬᠦ ᠲᠣᠭᠲᠠᠮᠠᠯ ᠪᠤᠰᠤ ᠡᠳ᠋ ᠪᠠᠷᠠᠭ᠎ᠠ ᠪᠠ ᠦᠢᠯᠡᠴᠢᠯᠡᠭᠡᠨ ᠤ ᠦᠷᠲᠡᠭ ᠤᠨ ᠵᠥᠷᠢ᠊ ᠡᠶ᠎ᠡ᠂ ᠲᠤᠬᠠᠶᠢᠯᠠᠪᠠᠯ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠨᠡᠮᠡᠭᠳᠡᠯ ᠦᠷᠲᠡᠭ ᠤᠨ ᠨᠡᠶᠢᠯᠡᠪᠦᠷᠢ ᠪᠣᠯᠤᠨ᠎ᠠ︔ ᠣᠷᠣᠯᠭ᠎ᠠ ᠶᠢᠨ ᠬᠡᠯᠪᠡᠷᠢ ᠠᠴᠠ ᠨᠢ ᠦᠵᠡᠪᠡᠯ᠂ ᠲᠡᠷᠡ ᠪᠣᠯ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠳᠣᠲᠣᠷ᠎ᠠ ᠡᠭᠦᠳᠦᠨ ᠪᠦᠲᠦᠭᠡᠭᠰᠡᠨ ᠡᠯ᠎ᠡ ᠵᠦᠢᠯ ᠤᠨ ᠣᠷᠣᠯᠭ᠎ᠠ ᠶᠢᠨ ᠨᠡᠶᠢᠯᠡᠪᠦᠷᠢ ᠮᠥᠨ᠂ ᠡᠭᠦᠨ ᠳᠤ ᠬᠥᠳᠡᠯᠮᠦᠷᠢᠴᠢᠨ ᠤ ᠬᠥᠯᠥᠰᠥ ᠣᠯᠭᠤᠮᠵᠢ᠂ ᠦᠢᠯᠡᠳᠪᠦᠷᠢᠯᠡᠯ ᠤᠨ ᠭᠠᠶᠢᠯᠢ ᠶᠢᠨ ᠴᠡᠪᠡᠷ ᠲᠤᠭ᠎ᠠ᠂ ᠲᠣᠭᠲᠠᠮᠠᠯ ᠬᠦᠷᠦᠩᠭᠡ ᠶᠢᠨ ᠡᠯᠡᠭᠳᠡᠯ ᠪᠠ ᠡᠵᠡᠩᠨᠡᠯᠲᠡ ᠶᠢᠨ ᠦᠯᠡᠳᠡᠪᠦᠷᠢ ᠪᠠᠭᠲᠠᠨ᠎ᠠ︔ ᠦᠢᠯᠡᠳᠬᠦᠨ ᠤ ᠬᠡᠯᠪᠡᠷᠢ ᠠᠴᠠ ᠨᠢ ᠦᠵᠡᠪᠡᠯ᠂ ᠲᠡᠷᠡ ᠨᠢ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠤ ᠳᠣᠲᠣᠷ᠎ᠠ ᠬᠠᠮᠤᠭ ᠡᠴᠦᠰ ᠲᠤ ᠬᠡᠷᠡᠭᠯᠡᠬᠦ ᠡᠳ᠋ ᠪᠠᠷᠠᠭ᠎ᠠ ᠪᠠ ᠦᠢᠯᠡᠴᠢᠯᠡᠭᠡᠨ ᠤ ᠦᠷᠳᠡᠭ ᠬᠢᠭᠡᠳ ᠡᠳ᠋ ᠪᠠᠷᠠᠭ᠎ᠠ ᠪᠠ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠴᠡᠪᠡᠷ ᠦᠷᠳᠡᠭ ᠤᠨ ᠨᠡᠶᠢᠯᠡᠪᠦᠷᠢ ᠪᠣᠯᠤᠨ᠎ᠠ᠃ ᠪᠣᠳᠠᠲᠠᠢ ᠲᠣᠭᠠᠴᠠᠭ᠎ᠠ ᠬᠢᠬᠦ ᠳᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠲᠤ ᠭᠤᠷᠪᠠᠨ ᠵᠦᠢᠯ ᠤᠨ ᠪᠤᠳᠤᠬᠤ ᠠᠷᠭ᠎ᠠ ᠪᠠᠶᠢᠳᠠᠭ᠂ ᠲᠤᠬᠠᠶᠢᠯᠠᠪᠠᠯ ᠦᠢᠯᠡᠳᠪᠦᠷᠢᠯᠡᠯ ᠤᠨ ᠠᠷᠭ᠎ᠠ᠂ ᠣᠷᠣᠯᠭ᠎ᠠ ᠶᠢᠨ ᠠᠷᠭ᠎ᠠ ᠪᠣᠯᠤᠨ ᠵᠠᠷᠤᠯᠭ᠎ᠠ ᠶᠢᠨ ᠠᠷᠭ᠎ᠠ ᠪᠣᠯᠤᠨ᠎ᠠ᠃ ᠭᠤᠷᠪᠠᠨ ᠵᠦᠢᠯ ᠤᠨ ᠠᠷᠭ᠎ᠠ ᠨᠢ ᠲᠤᠰ ᠲᠤᠰ ᠠᠳᠠᠯᠢ ᠪᠤᠰᠤ ᠲᠠᠯ᠎ᠠ ᠠᠴᠠ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠵᠢᠴᠢ ᠲᠡᠭᠦᠨ ᠤ ᠪᠦᠲᠦᠴᠡ ᠶᠢ ᠲᠤᠰᠬᠠᠨ᠎ᠠ᠃      ᠨᠢᠭᠡ ᠭᠠᠵᠠᠷ ᠣᠷᠣᠨ ᠳᠤ ᠠᠪᠴᠤ ᠬᠡᠯᠡᠪᠡᠯ᠂ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ ᠪᠤᠶᠤ ᠭᠠᠵᠠᠷ ᠣᠷᠣᠨ ᠤ GDP ᠭᠡᠳᠡᠭ᠃      ᠭᠤᠷᠪᠠᠨ ᠠᠵᠤ ᠦᠢᠯᠡᠰ᠃     ᠭᠤᠷᠪᠠᠨ ᠠᠵᠤ ᠦᠢᠯᠡᠰ ᠤᠨ ᠬᠤᠪᠢᠶᠠᠷᠢᠯᠠᠯ ᠪᠣᠯ ᠳᠡᠯᠡᠬᠡᠶ ᠳᠡᠭᠡᠷ᠎ᠡ ᠦᠷᠭᠦᠯᠵᠢ ᠬᠡᠷᠡᠭᠯᠡᠳᠡᠭ ᠠᠵᠤ ᠦᠢᠯᠡᠰ ᠤᠨ ᠪᠦᠲᠦᠴᠡ ᠶᠢᠨ ᠬᠤᠪᠢᠶᠠᠷᠢᠯᠠᠯ ᠪᠣᠯᠤᠨ᠎ᠠ᠂ ᠭᠡᠪᠡᠴᠦ ᠡᠯ᠎ᠡ ᠤᠯᠤᠰ ᠤᠨ ᠬᠤᠪᠢᠶᠠᠷᠢᠯᠠᠯ ᠨᠢ ᠨᠢᠭᠡᠳᠦᠯ ᠦᠭᠡᠢ ᠪᠠᠶᠢᠨ᠎ᠠ᠃ ︽ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠠᠩᠭᠢᠯᠠᠯ︾ ︵GB / T 47542011︶ ᠪᠠ ︽ᠭᠤᠷᠪᠠᠨ ᠠᠵᠤ ᠦᠢᠯᠡᠰ ᠤᠨ ᠬᠤᠪᠢᠶᠠᠷᠢᠯᠠᠯ ᠤᠨ ᠲᠣᠭᠲᠠᠭᠠᠯ︾ ᠢ ᠦᠨᠳᠦᠰᠦᠯᠡᠪᠡᠯ᠂ ᠮᠠᠨ ᠤ ᠤᠯᠤᠰ ᠤᠨ ᠭᠤᠷᠪᠠᠨ ᠠᠵᠤ ᠦᠢᠯᠡᠰ ᠤᠨ ᠬᠤᠪᠢᠶᠠᠷᠢᠯᠠᠯ ᠪᠣᠯ᠄᠃     ᠨᠢᠭᠡᠳᠦᠭᠡᠷ ᠠᠵᠤ ᠦᠢᠯᠡᠰ ᠭᠡᠳᠡᠭ ᠨᠢ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ︵ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠴᠢᠯᠡᠭᠡᠨ ᠤ ᠦᠢᠯᠡᠰ ᠪᠠᠭᠲᠠᠬᠤ ᠦᠭᠡᠢ︶ ᠶᠢ ᠵᠢᠭᠠᠵᠤ ᠪᠠᠶᠢᠨ᠎ᠠ᠃     ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ︵GDP︶᠃     ᠨᠢᠭᠡ ᠤᠯᠤᠰ ᠤᠨ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠳᠠᠬᠢ ᠦᠢᠯᠡᠳᠪᠦᠷᠢᠯᠡᠯ ᠤᠨ ᠠᠵᠢᠯᠯᠠᠭ᠎ᠠ ᠶᠢᠨ ᠡᠴᠦᠰ ᠤᠨ ᠦᠷ᠎ᠡ ᠪᠦᠲᠦᠭᠡᠯ ᠢ ᠵᠢᠭᠠᠵᠤ ᠪᠠᠶᠢᠨ᠎ᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠲᠤ ᠦᠷᠳᠡᠭ ᠤᠨ ᠬᠡᠯᠪᠡᠷᠢ᠂ ᠣᠷᠣᠯᠭ᠎ᠠ ᠶᠢᠨ ᠬᠡᠯᠪᠡᠷᠢ ᠪᠠ ᠦᠢᠯᠡᠳᠬᠦᠨ ᠤ ᠬᠡᠯᠪᠡᠷᠢ ᠭᠡᠬᠦ ᠭᠤᠷᠪᠠᠨ ᠵᠦᠢᠯ ᠤᠨ ᠢᠯᠡᠷᠡᠬᠦ ᠬᠡᠯᠪᠡᠷᠢ ᠪᠠᠶᠢᠳᠠᠭ᠃ ᠦᠷᠲᠡᠭ ᠤᠨ ᠬᠡᠯᠪᠡᠷᠢ ᠠᠴᠠ ᠨᠢ ᠦᠵᠡᠪᠡᠯ᠂ ᠲᠡᠷᠡ ᠨᠢ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠳᠤ ᠦᠢᠯᠡᠳᠪᠦᠷᠢᠯᠡᠭᠰᠡᠨ ᠪᠦᠬᠦ ᠡᠳ᠋ ᠪᠠᠷᠠᠭ᠎ᠠ ᠪᠠ ᠦᠢᠯᠡᠴᠢᠯᠡᠭᠡᠨ ᠤ ᠦᠷᠲᠡᠭ ᠬᠢᠭᠡᠳ ᠠᠳᠠᠯᠢ ᠬᠤᠭᠤᠴᠠᠭᠠᠨ ᠳᠤ ᠣᠷᠣᠭᠤᠯᠤᠭᠰᠠᠨ ᠪᠦᠬᠦ ᠲᠣᠭᠲᠠᠮᠠᠯ ᠪᠤᠰᠤ ᠡᠳ᠋ ᠪᠠᠷᠠᠭ᠎ᠠ ᠪᠠ ᠦᠢᠯᠡᠴᠢᠯᠡᠭᠡᠨ ᠤ ᠦᠷᠲᠡᠭ ᠤᠨ ᠵᠥᠷᠢ᠊ ᠡᠶ᠎ᠡ᠂ ᠲᠤᠬᠠᠶᠢᠯᠠᠪᠠᠯ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠨᠡᠮᠡᠭᠳᠡᠯ ᠦᠷᠲᠡᠭ ᠤᠨ ᠨᠡᠶᠢᠯᠡᠪᠦᠷᠢ ᠪᠣᠯᠤᠨ᠎ᠠ︔ ᠣᠷᠣᠯᠭ᠎ᠠ ᠶᠢᠨ ᠬᠡᠯᠪᠡᠷᠢ ᠠᠴᠠ ᠨᠢ ᠦᠵᠡᠪᠡᠯ᠂ ᠲᠡᠷᠡ ᠪᠣᠯ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠳᠣᠲᠣᠷ᠎ᠠ ᠡᠭᠦᠳᠦᠨ ᠪᠦᠲᠦᠭᠡᠭᠰᠡᠨ ᠡᠯ᠎ᠡ ᠵᠦᠢᠯ ᠤᠨ ᠣᠷᠣᠯᠭ᠎ᠠ ᠶᠢᠨ ᠨᠡᠶᠢᠯᠡᠪᠦᠷᠢ ᠮᠥᠨ᠂ ᠡᠭᠦᠨ ᠳᠤ ᠬᠥᠳᠡᠯᠮᠦᠷᠢᠴᠢᠨ ᠤ ᠬᠥᠯᠥᠰᠥ ᠣᠯᠭᠤᠮᠵᠢ᠂ ᠦᠢᠯᠡᠳᠪᠦᠷᠢᠯᠡᠯ ᠤᠨ ᠭᠠᠶᠢᠯᠢ ᠶᠢᠨ ᠴᠡᠪᠡᠷ ᠲᠤᠭ᠎ᠠ᠂ ᠲᠣᠭᠲᠠᠮᠠᠯ ᠬᠦᠷᠦᠩᠭᠡ ᠶᠢᠨ ᠡᠯᠡᠭᠳᠡᠯ ᠪᠠ ᠡᠵᠡᠩᠨᠡᠯᠲᠡ ᠶᠢᠨ ᠦᠯᠡᠳᠡᠪᠦᠷᠢ ᠪᠠᠭᠲᠠᠨ᠎ᠠ︔ ᠦᠢᠯᠡᠳᠬᠦᠨ ᠤ ᠬᠡᠯᠪᠡᠷᠢ ᠠᠴᠠ ᠨᠢ ᠦᠵᠡᠪᠡᠯ᠂ ᠲᠡᠷᠡ ᠨᠢ ᠪᠤᠢ ᠪᠦᠬᠦᠢ ᠪᠠᠶᠢᠩᠭᠤ ᠰᠠᠭᠤᠭ᠎ᠠ ᠨᠢᠭᠡᠴᠢ ᠶᠢᠨ ᠵᠣᠬᠢᠬᠤ ᠬᠤᠭᠤᠴᠠᠭᠠᠨ ᠤ ᠳᠣᠲᠣᠷ᠎ᠠ ᠬᠠᠮᠤᠭ ᠡᠴᠦᠰ ᠲᠤ ᠬᠡᠷᠡᠭᠯᠡᠬᠦ ᠡᠳ᠋ ᠪᠠᠷᠠᠭ᠎ᠠ ᠪᠠ ᠦᠢᠯᠡᠴᠢᠯᠡᠭᠡᠨ ᠤ ᠦᠷᠳᠡᠭ ᠬᠢᠭᠡᠳ ᠡᠳ᠋ ᠪᠠᠷᠠᠭ᠎ᠠ ᠪᠠ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠴᠡᠪᠡᠷ ᠦᠷᠳᠡᠭ ᠤᠨ ᠨᠡᠶᠢᠯᠡᠪᠦᠷᠢ ᠪᠣᠯᠤᠨ᠎ᠠ᠃ ᠪᠣᠳᠠᠲᠠᠢ ᠲᠣᠭᠠᠴᠠᠭ᠎ᠠ ᠬᠢᠬᠦ ᠳᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠲᠤ ᠭᠤᠷᠪᠠᠨ ᠵᠦᠢᠯ ᠤᠨ ᠪᠤᠳᠤᠬᠤ ᠠᠷᠭ᠎ᠠ ᠪᠠᠶᠢᠳᠠᠭ᠂ ᠲᠤᠬᠠᠶᠢᠯᠠᠪᠠᠯ ᠦᠢᠯᠡᠳᠪᠦᠷᠢᠯᠡᠯ ᠤᠨ ᠠᠷᠭ᠎ᠠ᠂ ᠣᠷᠣᠯᠭ᠎ᠠ ᠶᠢᠨ ᠠᠷᠭ᠎ᠠ ᠪᠣᠯᠤᠨ ᠵᠠᠷᠤᠯᠭ᠎ᠠ ᠶᠢᠨ ᠠᠷᠭ᠎ᠠ ᠪᠣᠯᠤᠨ᠎ᠠ᠃ ᠭᠤᠷᠪᠠᠨ ᠵᠦᠢᠯ ᠤᠨ ᠠᠷᠭ᠎ᠠ ᠨᠢ ᠲᠤᠰ ᠲᠤᠰ ᠠᠳᠠᠯᠢ ᠪᠤᠰᠤ ᠲᠠᠯ᠎ᠠ ᠠᠴᠠ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠵᠢᠴᠢ ᠲᠡᠭᠦᠨ ᠤ ᠪᠦᠲᠦᠴᠡ ᠶᠢ ᠲᠤᠰᠬᠠᠨ᠎ᠠ᠃       ᠨᠢᠭᠡ ᠭᠠᠵᠠᠷ ᠣᠷᠣᠨ ᠳᠤ ᠠᠪᠴᠤ ᠬᠡᠯᠡᠪᠡᠯ᠂ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ ᠪᠤᠶᠤ ᠭᠠᠵᠠᠷ ᠣᠷᠣᠨ ᠤ GDP ᠭᠡᠳᠡᠭ᠃       ᠭᠤᠷᠪᠠᠨ ᠠᠵᠤ ᠦᠢᠯᠡᠰ᠃     ᠭᠤᠷᠪᠠᠨ ᠠᠵᠤ ᠦᠢᠯᠡᠰ ᠤᠨ ᠬᠤᠪᠢᠶᠠᠷᠢᠯᠠᠯ ᠪᠣᠯ ᠳᠡᠯᠡᠬᠡᠶ ᠳᠡᠭᠡᠷ᠎ᠡ ᠦᠷᠭᠦᠯᠵᠢ ᠬᠡᠷᠡᠭᠯᠡᠳᠡᠭ ᠠᠵᠤ ᠦᠢᠯᠡᠰ ᠤᠨ ᠪᠦᠲᠦᠴᠡ ᠶᠢᠨ ᠬᠤᠪᠢᠶᠠᠷᠢᠯᠠᠯ ᠪᠣᠯᠤᠨ᠎ᠠ᠂ ᠭᠡᠪᠡᠴᠦ ᠡᠯ᠎ᠡ ᠤᠯᠤᠰ ᠤᠨ ᠬᠤᠪᠢᠶᠠᠷᠢᠯᠠᠯ ᠨᠢ ᠨᠢᠭᠡᠳᠦᠯ ᠦᠭᠡᠢ ᠪᠠᠶᠢᠨ᠎ᠠ᠃ ︽ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠠᠩᠭᠢᠯᠠᠯ︾ ︵GB / T 47542011︶ ᠪᠠ ︽ᠭᠤᠷᠪᠠᠨ ᠠᠵᠤ ᠦᠢᠯᠡᠰ ᠤᠨ ᠬᠤᠪᠢᠶᠠᠷᠢᠯᠠᠯ ᠤᠨ ᠲᠣᠭᠲᠠᠭᠠᠯ︾ ᠢ ᠦᠨᠳᠦᠰᠦᠯᠡᠪᠡᠯ᠂ ᠮᠠᠨ ᠤ ᠤᠯᠤᠰ ᠤᠨ ᠭᠤᠷᠪᠠᠨ ᠠᠵᠤ ᠦᠢᠯᠡᠰ ᠤᠨ ᠬᠤᠪᠢᠶᠠᠷᠢᠯᠠᠯ ᠪᠣᠯ᠄᠃      ᠨᠢᠭᠡᠳᠦᠭᠡᠷ ᠠᠵᠤ ᠦᠢᠯᠡᠰ ᠭᠡᠳᠡᠭ ᠨᠢ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ︵ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠴᠢᠯᠡᠭᠡᠨ ᠤ ᠦᠢᠯᠡᠰ ᠪᠠᠭᠲᠠᠬᠤ ᠦᠭᠡᠢ︶ ᠶᠢ ᠵᠢᠭᠠᠵᠤ ᠪᠠᠶᠢᠨ᠎ᠠ᠃      ᠬᠤᠶᠠᠳᠤᠭᠠᠷ ᠠᠵᠤ ᠦᠢᠯᠡᠰ ᠭᠡᠳᠡᠭ ᠨᠢ ᠠᠭᠤᠷᠬᠠᠶ ᠮᠠᠯᠲᠠᠬᠤ ᠦᠢᠯᠡᠰ ︵ᠮᠠᠯᠲᠠᠬᠤ ᠳᠤ ᠲᠤᠰᠠᠯᠠᠬᠤ ᠠᠵᠢᠯᠯᠠᠭ᠎ᠠ ᠪᠠᠭᠲᠠᠬᠤ ᠦᠭᠡᠶ︶᠂ ᠦᠢᠯᠡᠳᠬᠦ ᠦᠢᠯᠡᠰ ︵ᠲᠡᠮᠦᠷᠯᠢᠭ ᠦᠢᠯᠡᠳᠬᠦᠨ᠂ ᠮᠠᠰᠢᠨ ᠪᠠ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠪᠠᠭᠲᠠᠬᠤ ᠦᠭᠡᠶ︶᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ ᠢ ᠵᠢᠭᠠᠵᠤ ᠪᠤᠶ᠃      ᠭᠤᠷᠪᠠᠳᠤᠭᠠᠷ ᠠᠵᠤ ᠦᠢᠯᠡᠰ ᠲᠤᠬᠠᠶᠢᠯᠠᠪᠠᠯ ᠦᠢᠯᠡᠴᠢᠯᠡᠭᠡᠨ ᠤ ᠦᠢᠯᠡᠰ ᠭᠡᠳᠡᠭ ᠨᠢ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ ᠠᠴᠠ ᠭᠠᠳᠠᠨᠠᠬᠢ ᠪᠤᠰᠤᠳ ᠠᠵᠢᠯ ᠲᠦᠷᠦᠯ ᠢ ᠵᠢᠭᠠᠵᠤ ᠪᠠᠶᠢᠨ᠎ᠠ᠃      ᠳᠡᠭᠡᠷᠡᠬᠢ ᠠᠭᠤᠯᠭ᠎ᠠ ᠶᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ︽ᠭᠦᠶ᠋ᠴᠡᠳᠬᠡᠯ ᠲᠤᠭ᠎ᠠ ᠶᠢᠨ ᠲᠠᠶᠢᠯᠪᠤᠷᠢᠯᠠᠯᠲᠠ ︵2019 ᠣᠨ ᠤ ᠬᠡᠪᠯᠡᠯ︶︾ ᠠᠴᠠ ᠢᠷᠡᠯᠲᠡ ᠲᠠᠢ᠃        
 
ᠢᠷᠡᠯᠲᠡ᠄ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1