ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ | ᠦᠨᠳᠦᠰᠦᠯᠡᠪᠡᠯ᠄ ᠡᠨᠡ ᠵᠢᠯ ᠤᠨ 1 — 7 ᠳ᠋ᠤᠭᠠᠷ ᠰᠠᠷ᠎ᠠ ᠳᠤ᠂ ᠮᠠᠨ ᠤ ᠣᠷᠣᠨ ᠤ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠪᠡ᠃ ᠪᠦᠬᠦ | ᠣᠷᠣᠨ ᠤ ᠪᠤᠰᠤᠳ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ | ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 3.8% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠪᠡ᠃ ᠡᠭᠦᠨ ᠤ ᠬᠠᠮᠲᠤ᠂ ᠡᠨᠡ ᠵᠢᠯ ᠤᠨ 1 — 7 | ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ 41 ᠲᠣᠮᠣ ᠲᠥᠷᠥᠯ ᠤᠨ ᠠᠵᠢᠯ ᠲᠥᠷᠥᠯ ᠤᠨ | ᠨᠡᠮᠡᠭᠳᠡᠯ ᠥᠷᠲᠡᠭ 56.1% ᠳᠤ ᠬᠦᠷᠴᠦ᠂ ᠡᠮ ᠡᠮᠨᠡᠯᠭᠡ ᠶᠢᠨ ᠦᠢᠯᠡᠳᠬᠦ ᠦᠢᠯᠡᠰ᠂ ᠢᠳᠡᠭᠡᠨ ᠦᠢᠯᠡᠳᠬᠦ | ᠦᠢᠯᠡᠰ᠂ ᠨᠠᠪᠴᠢᠨ ᠲᠠᠮᠠᠬᠢ ᠦᠢᠯᠡᠳᠬᠦ ᠦᠢᠯᠡᠰ᠂ ᠬᠠᠷ᠎ᠠ ᠲᠡᠮᠦᠷᠯᠢᠭ ᠬᠠᠶᠢᠯᠤᠭᠤᠯᠬᠤ ᠪᠠ ᠳᠠᠷᠤᠵᠤ ᠰᠤᠨᠤᠭᠠᠨ | ᠪᠣᠯᠪᠠᠰᠤᠷᠠᠭᠤᠯᠬᠤ ᠦᠢᠯᠡᠰ᠂ ᠲᠡᠮᠦᠷᠯᠢᠭ ᠪᠤᠰᠤ ᠡᠷᠦᠳᠡᠰᠦ ᠪᠣᠯᠪᠠᠰᠤᠷᠠᠭᠤᠯᠬᠤ ᠦᠢᠯᠡᠰ᠂ ᠥᠩᠭᠡᠲᠦ ᠲᠡᠮᠦᠷᠯᠢᠭ | ᠪᠣᠯᠪᠠᠰᠤᠷᠠᠭᠤᠯᠬᠤ ᠪᠠ ᠳᠠᠷᠤᠵᠤ ᠰᠤᠨᠤᠭᠠᠨ ᠪᠣᠯᠪᠠᠰᠤᠷᠠᠭᠤᠯᠬᠤ ᠦᠢᠯᠡᠰ᠂ ᠴᠠᠬᠢᠯᠭᠠᠨ ᠬᠦᠴᠦᠨ ᠢᠯᠴᠢ ᠶᠢᠨ | ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠲᠣᠰ ᠲᠣᠰ 11.0%᠂ 9.2%᠂ 50.3%᠂ 10.0%᠂ 23.6%᠂ 9. | 8%᠂ 2.1% ᠨᠡᠮᠡᠭᠳᠡᠪᠡ᠃ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠦᠷᠳᠡᠭ 5.0% ᠨᠡᠮᠡᠭᠳᠡᠵᠦ᠂ | ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ 40.1% ᠨᠡᠮᠡᠭᠳᠡᠪᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠤᠨ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ ᠬᠠᠨᠳᠤᠰᠢ ᠨᠡᠯᠢᠶᠡᠳ | ᠰᠠᠶᠢᠨ ᠪᠠᠶᠢᠵᠤ᠂ ᠳᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 57.8% | ᠨᠡᠮᠡᠭᠳᠡᠵᠦ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 23.5% ᠨᠡᠮᠡᠭᠳᠡᠨ᠂ | ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠡᠳ᠋ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ | 16.3% ᠨᠡᠮᠡᠭᠳᠡᠵᠦ᠂ ᠤᠶᠤᠨᠲᠤ ᠲᠧᠯᠸᠢᠰ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 4.3% | ᠨᠡᠮᠡᠭᠳᠡᠪᠡ᠃ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠤᠭᠰᠠᠨ ᠪᠠᠶᠢᠳᠠᠯ ᠨᠡᠯᠢᠶᠡᠳ ᠰᠠᠶᠢᠨ ᠪᠠᠶᠢᠵᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ | 99.8% ᠳᠤ ᠬᠦᠷᠪᠡ᠃ | |