4 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ 2020 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ | ᠠᠵᠢᠯᠯᠠᠭᠠᠨ ᠤ ᠦᠨᠳᠦᠰᠦᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠢᠭᠡᠳᠦᠭᠡᠷ | ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠨᠡᠶᠢᠲᠡᠯᠡᠭᠰᠡᠨ ᠪᠦᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠨᠢᠭᠡᠳᠦᠭᠡᠷ ᠤᠯᠠᠷᠢᠯ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠥᠬᠦ | ᠣᠷᠣᠨ ᠤ ᠳᠡᠭᠡᠳᠦ ᠳᠣᠤᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠱᠠᠭᠠᠷᠳᠠᠯᠭ᠎ᠠ ᠶᠣᠰᠣᠭᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠠᠯ᠎ᠠ ᠪᠠᠷ ᠬᠢᠯᠪᠠᠷ | ᠪᠤᠰᠤ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠠᠪᠤᠳᠠᠯ ᠢᠯᠡᠳᠲᠡ ᠲᠦᠷᠭᠡᠰᠴᠦ᠂ ᠴᠢᠬᠤᠯᠠ ᠠᠵᠢᠯ ᠲᠥᠷᠥᠯ ᠤᠨ | ᠦᠢᠯᠡᠳᠪᠦᠷᠢᠯᠡᠯ ᠲᠣᠭᠲᠠᠭᠤᠨ ᠪᠠᠶᠢᠵᠤ᠂ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ | ᠬᠠᠩᠭᠠᠯᠭ᠎ᠠ ᠭᠦᠢᠴᠡᠳ ᠪᠠᠶᠢᠵᠤ᠂ ᠪᠦᠬᠦ ᠣᠷᠣᠨ ᠤ ᠡᠯ᠎ᠡ ᠦᠨᠳᠦᠰᠦᠲᠡᠨ ᠤ ᠠᠷᠠᠳ ᠣᠯᠠᠨ ᠤ ᠦᠨᠳᠦᠰᠦᠨ | ᠠᠷᠠᠳ ᠤᠨ ᠠᠮᠢᠳᠤᠷᠠᠯ ᠨᠡᠯᠢᠶᠡᠳ ᠰᠠᠶᠢᠨ ᠪᠠᠲᠤᠯᠠᠭᠳᠠᠵᠤ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ | ᠲᠦᠷᠭᠡᠳᠬᠡᠨ ᠰᠡᠷᠭᠦᠭᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ | ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠮᠠᠨ ᠤ ᠣᠷᠣᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 3550.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ | ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8% ᠪᠠᠭᠤᠷᠠᠪᠠ᠃ ᠡᠭᠦᠨ ᠳᠤ᠂ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 135.7 ᠳ᠋ᠦᠩᠰᠢᠭᠤᠷ ᠲᠥᠭᠦᠷᠢᠭ ᠪᠣᠯᠵᠤ᠂ ᠠᠳᠠᠯᠢ | ᠬᠤᠭᠤᠴᠠᠭᠠᠨ ᠤ ᠬᠢ ᠠᠴᠠ 12.1% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ | 1418.8 ᠳ᠋ᠦᠩᠰᠢᠭᠤᠷ ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 3.6% ᠪᠠᠷ ᠪᠠᠭᠤᠷᠠᠪᠠ︔ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 1996.4 ᠳ᠋ᠦᠩᠰᠢᠭᠤᠷ ᠲᠥᠭᠦᠷᠢᠭ ᠪᠣᠯᠵᠤ᠂ ᠠᠳᠠᠯᠢ | ᠬᠤᠭᠤᠴᠠᠭᠠᠨ ᠤ ᠬᠢ ᠠᠴᠠ 6.8% ᠪᠠᠷ ᠪᠠᠭᠤᠷᠠᠪᠠ᠃ | ᠨᠡᠶᠢᠲᠡᠯᠡᠯ ᠠᠴᠠ ᠦᠵᠡᠪᠡᠯ᠂ ᠨᠢᠭᠡᠳᠦᠭᠡᠷ ᠤᠯᠠᠷᠢᠯ ᠳᠤ ᠮᠠᠨ ᠤ ᠣᠷᠣᠨ ᠤ ᠠᠵᠤ ᠠᠬᠤᠶ ᠶᠢᠨ | ᠠᠵᠢᠯᠯᠠᠭᠠᠨ ᠳᠤ ᠭᠤᠣᠯᠳᠠᠭᠤ ᠳᠣᠤᠷᠠᠬᠢ ᠮᠡᠲᠦ ᠣᠨᠴᠠᠯᠢᠭ ᠢᠯᠡᠷᠡᠪᠡ᠄ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠡᠮᠬᠢ ᠵᠢᠷᠤᠮ ᠲᠠᠢ ᠠᠭᠢᠵᠤ᠂ ᠵᠢᠭᠦᠷᠲᠡᠨ ᠤ ᠥᠨᠳᠡᠭᠡ᠂ ᠦᠨᠢᠶᠡᠨ ᠰᠦ ᠶᠢᠨ ᠭᠠᠷᠤᠯᠲᠠ ᠦᠷᠭᠦᠯᠵᠢᠯᠡᠨ ᠨᠡᠮᠡᠭᠳᠡᠪᠡ | — ᠪᠥᠬᠦ ᠣᠷᠣᠨ ᠤ ᠵᠢᠭᠦᠷᠲᠡᠨ ᠤ ᠥᠨᠳᠡᠭᠡ ᠶᠢᠨ ᠭᠠᠷᠤᠯᠲᠠ 10.3 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 12.2% ᠨᠡᠮᠡᠭᠳᠡᠪᠡ᠃ ᠦᠨᠢᠶᠡᠨ ᠰᠦ ᠶᠢᠨ ᠭᠠᠷᠤᠯᠲᠠ 113.1 ᠲᠦᠮᠡᠨ ᠲᠣᠨ ᠳᠤ | ᠬᠦᠷᠴᠦ᠂ 2.1% ᠨᠡᠮᠡᠭᠳᠡᠪᠡ᠃ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 26.7 ᠲᠦᠮᠡᠨ | ᠲᠣᠨ ᠳᠤ ᠬᠦᠷᠪᠡ᠃ ᠨᠢᠭᠡᠳᠦᠭᠡᠷ ᠤᠯᠠᠷᠢᠯ ᠤᠨ ᠰᠡᠭᠦᠯᠴᠢ ᠪᠠᠷ᠂ ᠮᠠᠯᠵᠢᠵᠤ ᠪᠠᠶᠢᠭ᠎ᠠ ᠦᠬᠡᠷ ᠤᠨ ᠲᠤᠭ᠎ᠠ 699.7 | ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠥᠰᠴᠦ᠂ ᠮᠠᠯᠵᠢᠵᠤ ᠪᠠᠶᠢᠭ᠎ᠠ ᠬᠤᠨᠢ ᠶᠢᠨ | ᠲᠤᠭ᠎ᠠ 6612.7 ᠲᠦᠮᠡ ᠳᠤ ᠬᠦᠷᠴᠦ᠂ 6.8% ᠥᠰᠪᠡ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ | ᠪᠠᠭᠤᠷᠠᠯᠲᠠ ᠶᠢᠨ ᠬᠡᠮᠵᠢᠶ᠎ᠡ ᠪᠠᠭᠠᠰᠴᠤ᠂ ᠴᠢᠬᠤᠯᠠ ᠰᠠᠭᠤᠷᠢ ᠠᠵᠢᠯ ᠲᠥᠷᠥᠯ ᠤᠨ ᠪᠠᠲᠤᠯᠠᠭ᠎ᠠ ᠡᠷᠴᠢᠮᠲᠡᠢ ᠪᠣᠯᠪᠠ | — ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 2.9% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠪᠥᠬᠦ ᠤᠯᠤᠰ ᠤᠨ ᠳᠤᠮᠳᠠᠴᠢ | ᠬᠢᠷᠢ ᠲᠦᠪᠰᠢᠨ ᠠᠴᠠ 5.5 ᠵᠠᠭᠤᠨ ᠤ ᠴᠡᠭ ᠳᠣᠤᠷ᠎ᠠ ᠪᠠᠶᠢᠵᠤ᠂ ᠪᠠᠰᠠ 1 — 2 ᠳ᠋ᠤᠭᠠᠷ ᠰᠠᠷ᠎ᠠ ᠶᠢᠨ ᠬᠢ ᠠᠴᠠ | 1.8 ᠵᠠᠭᠤᠨ ᠤ ᠴᠡᠭ ᠪᠠᠭᠠᠰᠴᠠᠶ᠃ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠮᠵᠢ | ᠢᠯᠡᠳᠲᠡ ᠪᠣᠯᠪᠠ᠃ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 19.8% ᠪᠠᠷ ᠨᠡᠮᠡᠭᠳᠡᠵᠦ᠂ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ | ᠦᠢᠯᠡᠳᠪᠦᠷᠢ ᠶᠢᠨ ᠬᠢ 9.3% ᠪᠠᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠬᠢ 5.3% ᠪᠠᠷ | ᠨᠡᠮᠡᠭᠳᠡᠪᠡ᠃ ᠠᠮᠢᠳᠤᠷᠠᠯ ᠤᠨ ᠴᠢᠨᠠᠷᠲᠠᠶ ᠡᠳ᠋ ᠪᠣᠳᠠᠰ ᠪᠠ ᠰᠢᠨ᠎ᠡ ᠦᠢᠯᠡᠳᠬᠦᠨ ᠤ ᠭᠠᠷᠤᠯᠲᠠ ᠶᠢᠨ ᠨᠡᠮᠡᠭᠳᠡᠬᠦ | ᠬᠠᠨᠳᠤᠰᠢ ᠰᠠᠶᠢᠨ ᠪᠠᠶᠢᠨ᠎ᠠ᠃ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠪᠠᠭᠤᠷᠠᠵᠤ᠂ ᠭᠡᠷ ᠭᠠᠵᠠᠷ | ᠬᠥᠷᠥᠩᠭᠡ ᠶᠢᠨ ᠦᠢᠯᠡᠰ᠂ ᠮᠡᠳᠡᠭᠡ ᠵᠠᠩᠭᠢ ᠪᠣᠯᠤᠨ ᠲᠦᠷᠭᠡᠨ ᠢᠯᠡᠭᠡᠯᠲᠡ ᠶᠢᠨ ᠦᠢᠯᠡᠰ ᠨᠡᠮᠡᠭᠳᠡᠯ ᠢᠶᠠᠨ ᠪᠠᠲᠤᠯᠠᠪᠠ᠃ | ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | ᠪᠠᠭᠤᠷᠠᠪᠠ᠃ ᠡᠭᠦᠨ ᠳᠤ᠂ ᠬᠡᠷ ᠭᠠᠵᠠᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ︽ᠲᠤᠭ᠎ᠠ | ᠪᠠᠷᠢᠮᠲᠠ ᠶᠢᠨ ᠲᠥᠪ︾ ᠨᠢ ᠡᠯ᠎ᠡ ᠲᠣᠮᠣ ᠰᠦᠯᠵᠢᠶᠡᠨ ᠤ ᠲᠠᠪᠴᠠᠩ ᠳᠤ ᠮᠠᠰᠢᠨ ᠬᠤᠷᠭᠤ ᠶᠢ ᠬᠠᠮᠠᠭᠠᠯᠠᠬᠤ | ᠲᠣᠭᠲᠠᠪᠤᠷᠢᠲᠠᠶ ᠦᠢᠯᠡᠴᠢᠯᠡᠭᠡ ᠬᠠᠩᠭᠠᠵᠤ᠂ ᠲᠤᠬᠠᠶᠢᠯᠠᠭᠰᠠᠨ ᠠᠵᠢᠯ ᠤᠨ ᠬᠡᠮᠵᠢᠶ᠎ᠡ ᠨᠢ ᠡᠳᠦᠶ ᠲᠡᠳᠦᠶ ᠨᠡᠮᠡᠭᠳᠡᠨ᠂ ︽ | ᠲᠤᠭ᠎ᠠ ᠪᠠᠷᠢᠮᠲᠠ ᠶᠢᠨ ᠲᠥᠪ︾ ᠨᠢ ᠵᠥᠭᠡᠯᠡᠨ ᠲᠣᠨᠤᠭ ᠤᠨ ᠦᠢᠯᠡᠰ ᠤᠨ ᠬᠥᠭᠵᠢᠯᠲᠡ ᠶᠢᠨ ︽ | ᠲᠣᠭᠲᠠᠪᠤᠷᠢᠵᠢᠭᠤᠯᠤᠭᠴᠢ︾ ᠪᠣᠯᠵᠠᠶ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠰᠢᠤᠳᠠᠨ ᠤ ᠲᠤᠬᠠᠶᠢᠯᠠᠭᠰᠠᠨ | ᠠᠵᠢᠯ ᠤᠨ ᠣᠷᠣᠯᠭ᠎ᠠ 15.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 6% ᠪᠠᠷ ᠨᠡᠮᠡᠭᠳᠡᠪᠡ᠃ ᠲᠦᠷᠭᠡᠨ ᠢᠯᠡᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ 2943. 3 ᠲᠦᠮᠡᠨ | ᠬᠤᠪᠢ ᠪᠣᠯᠵᠤ᠂ 3.5% ᠪᠠᠷ ᠨᠡᠮᠡᠭᠳᠡᠪᠡ᠃ ᠲᠦᠷᠭᠡᠨ ᠢᠯᠡᠭᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ 7. | 8 ᠳ᠋ᠦᠩᠰᠢᠭᠤᠷ ᠲᠥᠭᠦᠷᠢᠭ ᠲᠤ ᠬᠦᠷᠴᠦ᠂ 6.8% ᠪᠠᠷ ᠨᠡᠮᠡᠭᠳᠡᠪᠡ᠃ ᠵᠠᠬ᠎ᠠ ᠳᠡᠯᠭᠡᠭᠦᠷ ᠤᠨ ᠪᠣᠷᠣᠯᠠᠭᠤᠯᠭ᠎ᠠ | ᠪᠠᠭᠠᠰᠴᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠪᠣᠯᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ | ᠶᠠᠪᠤᠳᠠᠯ ᠨᠡᠯᠢᠶᠡᠳ ᠲᠦᠷᠭᠡᠨ ᠨᠡᠮᠡᠭᠳᠡᠪᠡ — ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 21.6% ᠪᠠᠷ ᠪᠠᠭᠤᠷᠠᠵᠤ᠂ ᠪᠠᠭᠤᠷᠠᠯᠲᠠ ᠶᠢᠨ | ᠬᠡᠮᠵᠢᠶ᠎ᠡ ᠨᠢ 1 — 2 ᠳ᠋ᠤᠭᠠᠷ ᠰᠠᠷ᠎ᠠ ᠶᠢᠨ ᠬᠢ ᠠᠴᠠ 3.2 ᠵᠠᠭᠤᠨ ᠤ ᠴᠡᠭ ᠪᠠᠭᠠᠰᠴᠠᠶ᠃ ᠰᠠᠭᠤᠭᠠᠯᠢ | ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠠᠸᠠᠷ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠬᠢᠵᠢᠭ ᠤᠨ | ᠪᠠᠶᠢᠳᠠᠯ ᠢ ᠠᠷᠭᠠᠴᠠᠬᠤ ᠶᠢᠨ ᠲᠤᠰᠠᠳᠠ ᠰᠢᠨ᠎ᠡ ᠬᠡᠷᠡᠭᠯᠡᠭᠡᠨ ᠤ ᠪᠠᠶᠢᠳᠠᠯ ᠤᠨ ᠲᠦᠷᠭᠡᠨ ᠬᠥᠭᠵᠢᠯᠲᠡ ᠶᠢ ᠠᠬᠢᠭᠤᠯᠵᠤ᠂ | ᠨᠢᠭᠡᠳᠦᠭᠡᠷ ᠤᠯᠠᠷᠢᠯ ᠳᠤ ᠪᠦᠬᠦ ᠣᠷᠣᠨ ᠤ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ | ᠲᠤᠭ᠎ᠠ ᠠᠳᠠᠯᠢ ᠬᠤᠭᠤᠴᠠᠭᠠᠨ ᠤ ᠬᠢ ᠠᠴᠠ 31.2% ᠢᠶᠠᠷ ᠨᠡᠮᠡᠭᠳᠡᠪᠡ᠃ ᠪᠠᠯᠠ ᠣᠷᠣᠭᠤᠯᠤᠯᠲᠠ ᠶᠢᠨ ᠠᠵᠢᠯᠯᠠᠭ᠎ᠠ | ᠤᠳᠠᠭᠠᠰᠢᠷᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠪᠠᠯᠠ ᠣᠷᠣᠭᠤᠯᠤᠯᠲᠠ ᠨᠡᠯᠢᠶᠡᠳ | ᠰᠠᠶᠢᠨ ᠪᠣᠯᠪᠠ — ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ | ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 37.3% ᠪᠠᠷ ᠪᠠᠭᠤᠷᠠᠪᠠ᠃ ᠨᠢᠭᠡᠳᠦᠭᠡᠷ | ᠤᠯᠠᠷᠢᠯ ᠳᠤ᠂ ᠪᠥᠬᠦ ᠣᠷᠣᠨ ᠤ ᠠᠷᠠᠳ ᠤᠨ ᠪᠠᠯᠠ ᠣᠷᠣᠭᠤᠯᠤᠯᠲᠠ ᠶᠢᠨ ᠪᠦᠬᠦ ᠪᠠᠯᠠ ᠣᠷᠣᠭᠤᠯᠤᠯᠲᠠ ᠳᠠᠬᠢ | ᠡᠵᠡᠯᠡᠬᠦ ᠬᠤᠪᠢ ᠶᠢᠨ ᠵᠢᠩ 64.8% ᠪᠣᠯᠵᠤ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 12 | ᠵᠠᠭᠤᠨ ᠤ ᠴᠡᠭ ᠳᠡᠭᠡᠭᠰᠢᠯᠡᠪᠡ᠃ ᠠᠳᠠᠯᠢ ᠬᠤᠭᠤᠴᠠᠭᠠᠨ ᠤ ᠬᠢ ᠠᠴᠠ 23. 1% ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ ᠨᠢ ᠪᠦᠬᠦ ᠪᠡᠯᠡ ᠣᠷᠤᠭᠤᠯᠤᠯᠲᠠ ᠳᠤ ᠵᠠᠭᠤᠨ ᠤ ᠬᠠᠷᠢᠴᠠᠯ ᠢᠶᠠᠷ 14.2 ᠬᠤᠪᠢ | ᠪᠠᠭᠠᠰᠴᠠᠢ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ | ᠣᠷᠤᠭᠤᠯᠤᠯᠲᠠ ᠶᠢ 46.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠤ ᠵᠢᠯ ᠤᠨ ᠠᠳᠠᠯᠢ | ᠬᠤᠭᠤᠴᠠᠭᠠᠨ ᠤ ᠬᠢ ᠲᠠᠢ ᠲᠡᠩᠴᠡᠭᠦᠤ ᠪᠣᠯᠪᠠ᠃ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ | 134.1 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.7% ᠪᠠᠷ | ᠪᠠᠭᠤᠷᠠᠪᠠ᠃ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 87.4 ᠳ᠋ᠦᠩᠰᠢᠭᠤᠷ ᠲᠥᠭᠦᠷᠢᠭ | ᠪᠣᠯᠵᠤ᠂ 19.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠣᠰ ᠲᠣᠰ 1 — 2 ᠳ᠋ᠤᠭᠠᠷ | ᠰᠠᠷ᠎ᠠ ᠶᠢᠨ ᠬᠢ ᠠᠴᠠ 22 ᠪᠠ 10 ᠵᠠᠭᠤᠨ ᠤ ᠴᠡᠭ ᠪᠠᠭᠠᠰᠴᠠᠶ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ | ᠬᠠᠩᠰᠢ ᠲᠣᠭᠲᠠᠭᠤᠨ ᠢᠶᠠᠷ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ | ᠭᠠᠷᠭᠠᠬᠤ ᠦᠨ᠎ᠡ ᠬᠠᠩᠰᠢ ᠦᠷᠭᠦᠯᠵᠢᠯᠡᠨ ᠥᠰᠪᠡ — ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ | ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 3.7% ᠪᠠᠷ ᠥᠰᠴᠦ᠂ ᠪᠥᠬᠦ ᠤᠯᠤᠰ ᠤᠨ ᠳᠤᠮᠳᠠᠴᠢ ᠬᠢᠷᠢ | ᠲᠦᠪᠰᠢᠨ ᠠᠴᠠ 1.2 ᠵᠠᠭᠤᠨ ᠤ ᠴᠡᠭ ᠳᠣᠤᠷ᠎ᠠ ᠪᠠᠶᠢᠵᠤ᠂ ᠥᠰᠥᠯᠲᠡ ᠶᠢᠨ ᠬᠡᠮᠵᠢᠶ᠎ᠡ ᠨᠢ 1 — 2 ᠳ᠋ᠤᠭᠠᠷ | ᠰᠠᠷ᠎ᠠ ᠶᠢᠨ ᠬᠢ ᠠᠴᠠ 0.3 ᠵᠠᠭᠤᠨ ᠤ ᠴᠡᠭ ᠪᠠᠭᠤᠷᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠠᠵᠤ | ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ | ᠬᠤᠭᠤᠴᠠᠭᠠᠨ ᠤ ᠬᠢ ᠠᠴᠠ 1.5% ᠪᠠᠷ ᠥᠰᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 2.1 | ᠵᠠᠭᠤᠨ ᠤ ᠴᠡᠭ ᠥᠨᠳᠥᠷ ᠪᠣᠯᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ | ᠦᠨ᠎ᠡ ᠠᠳᠠᠯᠢ ᠬᠤᠭᠤᠴᠠᠭᠠᠨ ᠤ ᠬᠢ ᠠᠴᠠ 1.2% ᠢᠶᠠᠷ ᠥᠰᠴᠦ᠂ ᠪᠥᠬᠦ ᠤᠯᠤᠰ ᠤᠨ ᠳᠤᠮᠳᠠᠴᠢ ᠬᠢᠷᠢ | ᠲᠦᠪᠰᠢᠨ ᠠᠴᠠ 2 ᠵᠠᠭᠤᠨ ᠤ ᠴᠡᠭ ᠥᠨᠳᠥᠷ ᠪᠣᠯᠵᠠᠶ᠃ | | |