| 2021 ᠤᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠲᠥᠯᠥᠪᠵᠢᠭᠦᠯᠭᠡ ᠪᠣᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ | ᠡᠬᠢᠯᠡᠯᠲᠡ ᠶᠢᠨ ᠵᠢᠯ ᠪᠣᠯᠤᠨ᠎ᠠ᠂ 2021 ᠣᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠠᠯᠤᠰ ᠬᠡᠳᠤ ᠶᠢᠨ | ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ | ᠡᠯ᠎ᠡ ᠵᠦᠶ᠋ᠯ ᠤᠨ ᠬᠦᠴᠦᠨ ᠵᠦᠶ᠋ᠯ ᠢ ᠶᠡᠷᠦᠩᠬᠡᠶᠢᠯᠡᠨ ᠵᠠᠳᠠᠯᠵᠤ᠂ 2021 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢ ᠠᠩᠬ᠎ᠠ ᠠᠯᠬᠤᠮ ᠲᠣᠭᠲᠠᠭᠠᠪᠠ᠄ | ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ ᠢ 7 % ᠠᠴᠠ ᠳᠡᠭᠡᠭᠰᠢ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15 % ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8 % ᠣᠷᠴᠢᠮ ᠨᠡᠮᠡᠭᠳᠡᠭᠦᠯᠦᠨ᠎ᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6 % ᠣᠷᠴᠢᠮ ᠨᠡᠮᠡᠭᠳᠡᠭᠦᠯᠦᠨ᠎ᠡ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ | ᠠᠵᠤ ᠠᠬᠤᠢ ᠶᠢᠨ ᠨᠡᠮᠡᠭᠳᠡᠯ ᠲᠠᠢ ᠵᠢᠭᠳᠡ ᠪᠠᠶᠢᠯᠭᠠᠨ᠎ᠠ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠣᠷᠮ᠎ᠠ ᠶᠢ 3 . 9 % ᠶᠢᠨ ᠳᠣᠲᠣᠷ᠎ᠠ ᠬᠢᠵᠠᠭᠠᠷᠯᠠᠨ᠎ᠠ︔ ᠳᠡᠭᠡᠳᠦ ᠱᠠᠲᠤᠨ ᠠᠴᠠ | ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠶᠠᠳᠤᠭᠠᠷ ᠬᠤᠷᠠᠯ ᠢ ᠪᠥᠬᠦ ᠲᠠᠯ᠎ᠠ ᠪᠠᠷ | ᠲᠤᠭᠤᠰᠢᠯᠠᠭᠤᠯᠪᠠ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠲᠥᠪ | ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠶ᠎ᠠ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠤᠨ᠎ᠠ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ | ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠦᠨᠳᠦᠰᠦᠨ ᠵᠣᠷᠢᠯᠭ᠎ᠠ ᠪᠣᠯᠭᠠᠨ᠎ᠠ᠂ ᠰᠢᠰᠲ᠋ᠧᠮ ᠤᠨ ᠦᠵᠡᠯᠲᠡ ᠪᠠᠷᠢᠮᠲᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠂ | ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠎ᠡ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠬᠤᠷᠸ᠎ᠠ ᠲᠥᠷᠥ ᠶᠢᠨ ᠪᠣᠳᠣᠯᠭ᠎ᠠ ᠶᠢ ᠰᠢᠨᠵᠢᠯᠡᠬᠦ | ᠤᠬᠠᠭᠠᠨᠴᠢ ᠪᠥᠭᠡᠳ ᠣᠨᠣᠴᠠᠲᠠᠶ ᠪᠠᠷ ᠬᠡᠷᠡᠭᠵᠢᠭᠦᠯᠦᠨ᠎ᠡ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ | ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠪᠠ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠤᠳᠤᠯᠭ᠎ᠠ ᠶᠢ ᠪᠠᠷᠢᠮᠲᠠᠯᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ | ᠴᠢᠩᠭᠠᠷᠠᠭᠤᠯᠤᠨ᠎ᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠲᠤᠯᠠᠬᠤ ᠬᠡᠷᠡᠭᠲᠡᠶ᠂ ᠰᠢᠯᠢᠳᠡᠭ ᠬᠢᠷᠢ ᠪᠦᠲᠦᠮᠵᠢ ᠪᠠᠷ | ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃ | ᠨᠢᠭᠡ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ︵ᠨᠢᠭᠡ︶ ᠬᠥᠩᠭᠡᠨ ᠴᠠᠭᠠᠨ ᠤ ᠠᠵᠤ ᠦᠶ᠋ᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ | ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠤᠨ᠎ᠠ᠃ ᠬᠤᠸᠠ ᠶᠦᠨ ᠤ ᠭᠤᠷᠪᠠᠳᠤᠭᠠᠷ ᠬᠤᠭᠤᠴᠠᠭᠠᠨ ᠤ 42 ᠲᠦᠮᠡᠨ | ᠲᠣᠨ ᠬᠦᠩᠭᠡᠨ ᠬᠠᠶᠢᠯᠤᠰᠢ ᠶᠢᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ | ᠲᠦᠷᠭᠡᠳᠬᠡᠨ ᠠᠬᠢᠭᠤᠯᠵᠤ᠂ ᠬᠦᠩᠭᠡᠨ ᠴᠠᠭᠠᠨ ᠴᠠᠬᠢᠯᠭᠠᠨ ᠤ ᠬᠤᠯᠪᠣᠭᠠᠯᠠᠨ ᠡᠵᠡᠩᠨᠡᠬᠦ ᠡᠬᠢ ᠪᠠᠶᠠᠯᠢᠭ ᠤᠨ | ᠳᠠᠪᠠᠭᠤᠯᠢᠭ ᠢ ᠪᠠᠬᠢᠵᠢᠭᠦᠯᠦᠨ᠎ᠡ᠃ ᠬᠥᠩᠭᠡᠨ ᠴᠠᠭᠠᠨ ᠤ ᠠᠵᠤ ᠦᠶ᠋ᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ | ᠵᠢᠷᠤᠭ ᠢ ᠰᠢᠯᠢᠳᠡᠭᠵᠢᠭᠦᠯᠵᠦ᠂ ᠬᠥᠩᠭᠡᠨ ᠴᠠᠭᠠᠨ ᠤ ᠠᠵᠤ ᠦᠶ᠋ᠯᠡᠰ ᠤᠨ ᠪᠣᠬᠢᠷᠲᠤᠯ ᠥᠬᠡᠶ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ | ᠬᠠᠪᠲᠠᠰᠤ ᠢᠯᠲᠠᠰᠤ᠂ ᠮᠠᠰᠢᠨ ᠲᠡᠷᠭᠡᠨ ᠤ ᠰᠡᠯᠪᠢᠭ ᠲᠣᠨᠤᠭ᠂ ᠬᠥᠩᠭᠡᠨ ᠴᠠᠭᠠᠨ ᠤ ᠢᠵᠢ ᠪᠥᠷᠢᠳᠦᠭᠰᠡᠨ | ᠬᠤᠯᠪᠣᠭᠳᠠᠯᠳᠤ ᠠᠵᠤ ᠦᠶ᠋ᠯᠡᠰ ᠵᠡᠷᠭᠡ ᠬᠥᠩᠭᠡᠨ ᠴᠠᠭᠠᠨ ᠤ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠠᠵᠤ | ᠦᠶ᠋ᠯᠡᠰ ᠢ ᠴᠢᠩᠭ᠎ᠠ ᠠᠩᠬᠠᠷᠴᠤ᠂ ᠠᠵᠤ ᠦᠶ᠋ᠯᠡᠰ ᠤᠨ ᠬᠡᠯᠬᠢᠶ᠎ᠡ ᠶᠢ ᠢᠳᠡᠪᠬᠢᠲᠡᠶ ᠤᠷᠲᠤᠳᠬᠠᠨ᠎ᠠ᠃ ᠬᠥᠩᠭᠡᠨ | ᠴᠠᠭᠠᠨ ᠤ ᠰᠢᠨ᠎ᠡ ᠮᠠᠲ ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳᠤᠮᠳᠠᠳᠤ ᠤᠯᠤᠰ ᠤᠨ | ᠤᠰᠤᠲᠥ᠋ᠷᠥᠭᠴᠢᠲᠦ ᠡᠨᠧᠷᠭᠢ ᠶᠢᠨ ᠣᠨ ᠤ 1000 ᠲᠣᠨ ᠵᠠᠭᠤᠴᠢ ᠨᠦᠬᠡᠲᠦ ᠨᠠᠨᠤᠮᠤᠲᠷ ᠤᠨ ᠳᠡᠭᠡᠳᠦ ᠴᠡᠪᠡᠷ | ᠬᠥᠩᠭᠡᠨ ᠴᠠᠭᠠᠨ ᠤ ᠢᠰᠦᠯ ᠦᠢᠯᠡᠳᠪᠦᠷᠢᠯᠡᠬᠦ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ | ᠣᠷᠣᠭᠤᠯᠬᠤ ᠶᠢ ᠪᠡᠶᠡᠯᠡᠭᠦᠯᠵᠦ᠂ ᠰᠧ ᠲᠦᠩ ᠰᠢᠨ᠎ᠡ ᠮᠠᠲ ᠧᠷᠢᠶᠠᠯ ᠤᠨ 5 ᠲᠦᠮᠡᠨ ᠲᠣᠨ ᠬᠥᠩᠭᠡᠨ ᠴᠠᠭᠠᠨ ᠤ | ᠰᠠᠭᠤᠷᠢ ᠬᠤᠪᠣᠷ ᠰᠢᠷᠣᠶ ᠶᠢᠨ ᠵᠠᠪᠰᠠᠷ ᠤᠨ ᠬᠠᠶᠢᠯᠤᠰᠢ᠂ ᠹᠦ᠋ ᠰᠢᠨ ᠭᠠᠩ ᠬᠥᠩᠭᠡᠨ ᠴᠠᠭᠠᠨ ᠤ ᠦᠢᠯᠡᠰ ᠤᠨ | ᠬᠥᠩᠭᠡᠨ ᠴᠠᠭᠠᠨ ᠤ ᠴᠠᠬᠢᠯᠭᠠᠨ ᠰᠣᠷᠢᠨᠵᠢᠨ ᠤᠲᠠᠰᠤ᠂ ᠤᠮᠠᠷᠠᠲᠤ ᠣᠷᠣᠨ ᠤ ᠬᠥᠩᠭᠡᠨ ᠴᠠᠭᠠᠨ ᠤ ᠦᠢᠯᠡᠰ ᠤᠨ | ᠳ᠋ᠢᠶᠠᠨ ᡂᠢ ᠶᠢᠨ ᠬᠥᠩᠭᠡᠨ ᠴᠠᠭᠠᠨ ᠤ ᠴᠠᠭᠠᠰᠤ ᠵᠢᠴᠢ ᠳᠡᠭᠡᠳᠦ ᠲᠠᠰ ᠤᠨ ᠬᠥᠩᠭᠡᠨ ᠴᠠᠭᠠᠨ ᠤ ᠭᠠᠩᠨᠠᠭᠤᠷ ᠤᠲᠠᠰᠤ | ᠂ ᠲᠦᠩ ᠪᠢᠶᠤᠤ ᠬᠥᠩᠭᠡᠨ ᠴᠠᠭᠠᠨ ᠤ ᠦᠢᠯᠡᠰ ᠤᠨ ᠳᠡᠭᠡᠳᠦ ᠴᠠᠬᠢᠭᠤᠷ ᠬᠥᠩᠭᠡᠨ ᠴᠠᠭᠠᠨ ᠤ ᠬᠠᠶᠢᠯᠤᠰᠢ ᠶᠢᠨ ᠰᠢᠨ᠎ᠡ | ᠮᠠᠲ ᠧᠷᠢᠶᠠᠯ ᠵᠡᠷᠭᠡ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠶᠢ ᠲᠦᠷᠭᠡᠳᠬᠡᠨ᠎ᠡ᠃ ᠮᠠᠰᠢᠨ ᠲᠡᠷᠭᠡᠨ ᠤ ᠰᠡᠯᠪᠢᠭ | ᠲᠤᠨᠤᠭ ᠤᠨ ᠠᠵᠤ ᠦᠢᠯᠡᠰ ᠤᠨ ᠪᠦᠯᠦᠭᠵᠢᠯ ᠢ ᠨᠠᠷᠢᠯᠢᠭᠵᠢᠭᠤᠯᠵᠤ᠂ ᠱᠧᠩ ᠲᠠᠢ ᠶᠢᠨ 30 ᠲᠦᠮᠡᠨ ᠬᠤᠪᠣᠷ | ᠰᠢᠷᠣᠢ ᠶᠢᠨ ᠬᠦᠩᠭᠡᠨ ᠴᠠᠭᠠᠨ ᠤ ᠬᠠᠶᠢᠯᠤᠰᠢ ᠶᠢᠨ ᠬᠤᠳᠠᠯᠳᠤᠭᠠᠨ ᠳᠤ ᠬᠡᠷᠡᠭᠯᠡᠬᠦ ᠲᠡᠷᠭᠡᠨ ᠬᠦᠷᠳᠦ᠂ ᠪᠡᠭᠡᠵᠢᠩ ᠤᠨ | ᠱᠢ ᠵᠢᠢ ᠴᠠᠩ ᠹᠧᠩ ᠤᠨ ᠵᠢᠯ ᠳᠤ 500 ᠲᠦᠮᠡᠨ ᠢᠵᠢ ᠶᠢᠨ ᠮᠠᠭᠨᠢ ᠬᠦᠩᠭᠡᠨ ᠴᠠᠭᠠᠨ ᠤ ᠬᠠᠶᠢᠯᠤᠰᠢ ᠶᠢᠨ ᠲᠡᠷᠭᠡᠨ | ᠬᠦᠷᠳᠦ ᠦᠢᠯᠡᠳᠪᠦᠷᠢᠯᠡᠬᠦ ᠵᠡᠷᠭᠡ ᠲᠦᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ᠃ ᠬᠥᠩᠭᠡᠨ ᠴᠠᠭᠠᠨ ᠤ | ᠬᠡᠯᠪᠡᠷᠢ ᠶᠢᠨ ᠮᠠᠲ᠋ᠧᠷᠢᠶᠠᠯ ᠤᠨ ᠠᠵᠤ ᠦᠶ᠋ᠯᠡᠰ ᠤᠨ ᠳᠤᠮᠳᠠ ᠳᠡᠭᠡᠳᠦ ᠲᠠᠰ ᠵᠦᠭ ᠳᠠᠪᠰᠢᠬᠤ ᠶᠢ ᠦᠷᠭᠦᠯᠵᠢᠯᠡᠨ | ᠠᠬᠢᠭᠤᠯᠵᠤ᠂ ᠰᠢᠨ ᠬᠤᠶ ᠽᠤ᠋ ᠬᠥᠩᠭᠡᠨ ᠴᠠᠭᠠᠨ ᠤ ᠦᠶ᠋ᠯᠡᠰ ᠤᠨ ᠰᠢᠨ᠎ᠡ ᠬᠡᠯᠪᠡᠷᠢ ᠶᠢᠨ ᠬᠤᠪᠣᠷ ᠰᠢᠷᠣᠶ ᠶᠢᠨ | ᠬᠥᠩᠭᠡᠨ ᠴᠠᠭᠠᠨ ᠤ ᠬᠠᠶᠢᠯᠤᠰᠢ ᠵᠢᠴᠢ 5 ᠲᠦᠮᠡᠨ ᠲᠣᠨ ᠳᠡᠭᠡᠳᠦ ᠲᠠᠰ ᠤᠨ ᠠᠵᠤ ᠦᠶ᠋ᠯᠡᠳᠪᠦᠷᠢ ᠶᠢᠨ ᠬᠥᠩᠭᠡᠨ | ᠴᠠᠭᠠᠨ ᠤ ᠬᠡᠯᠪᠡᠷᠢ ᠶᠢᠨ ᠮᠠᠲ᠋ᠧᠷᠢᠶᠠᠯ᠂ ᠬᠤᠶ ᠲᠦᠩ ᠤᠨ ᠪᠠᠶ ᠴᠤᠸᠠᠨ ᠤ 10 ᠲᠦᠮᠡᠨ ᠲᠣᠨ ᠬᠥᠩᠭᠡᠨ ᠴᠠᠭᠠᠨ ᠢ | ᠨᠠᠷᠢᠯᠢᠭ ᠪᠣᠯᠪᠠᠰᠤᠷᠠᠭᠤᠯᠬᠤ ᠵᠡᠷᠭᠡ ᠲᠥᠷᠥᠯ ᠵᠦᠶ᠋ᠯ ᠤᠨ ᠪᠠᠷᠢᠯᠭ᠎ᠠ ᠡᠬᠢᠯᠡᠬᠦ ᠶᠢ ᠠᠬᠢᠭᠤᠯᠤᠨ᠎ᠠ᠃ ︽5 G + | ᠠᠵᠤ ᠦᠶ᠋ᠯᠡᠳᠪᠦᠷᠢ ᠶᠢᠨ ᠢᠨᠲ᠋ᠧᠷ ᠰᠦᠯᠵᠢᠶ᠎ᠡ︾ ᠶᠢᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠪᠤᠭᠤᠲᠤ ᠶᠢᠨ | ᠬᠥᠩᠭᠡᠨ ᠴᠠᠭᠠᠨ᠂ ᠱᠧᠩ ᠲᠠᠢ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ | ᠥᠭᠡᠷᠡᠴᠢᠯᠡᠯᠲᠡ ᠳᠡᠭᠡᠭᠰᠢᠯᠡᠯᠲᠡ ᠶᠢ ᠠᠬᠢᠭᠤᠯᠤᠨ᠂ ᠠᠵᠤ ᠦᠶ᠋ᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ ᠢ | ᠪᠠᠶᠢᠭᠤᠯᠤᠨ᠎ᠠ᠃ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠢᠭᠤᠯᠤᠯᠲᠠ ᠶᠢ ᠲᠡᠭᠦᠯᠳᠡᠷᠵᠢᠭᠦᠯᠵᠦ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ | ᠵᠡᠭᠦᠨᠰᠢ 5000 ᠮᠦ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠠᠵᠢᠯ ᠢ ᠡᠬᠢᠯᠡᠭᠦᠯᠵᠦ᠂ ᠬᠦᠷᠢᠶᠡᠯᠡᠩ | ᠲᠣᠭᠤᠷᠢᠭ ᠤᠨ 1000 ᠮᠦ ᠰᠤᠯᠠ ᠪᠠᠢᠭ᠎ᠠ ᠭᠠᠵᠠᠷ ᠰᠢᠷᠣᠢ᠂ 7 . 8 ᠲᠦᠮᠡᠨ ᠲᠡᠭᠰᠢ ᠳᠥᠷᠪᠡᠯᠵᠢᠨ ᠮᠧᠳ᠋ᠷ | ᠰᠤᠯᠠ ᠪᠠᠢᠭ᠎ᠠ ᠦᠢᠯᠡᠳᠪᠦᠷᠢ ᠶᠢ ᠠᠮᠢᠳᠤᠯᠢᠭ ᠪᠣᠯᠭᠠᠬᠤ ᠶᠢ ᠲᠦᠷᠭᠡᠳᠬᠡᠨ᠎ᠡ᠃ | ︵ᠬᠤᠶᠠᠷ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠬᠥᠭᠵᠢᠭᠡᠨ᠎ᠡ᠃ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠬᠤ᠂ ᠳᠡᠭᠡᠳᠦ ᠲᠡᠰᠵᠢᠬᠦ ᠲᠡᠶᠢᠰᠢ | ᠬᠥᠭᠵᠢᠬᠦ ᠶᠢ ᠲᠦᠯᠬᠢᠨ ᠠᠬᠢᠭᠤᠯᠵᠤ᠂ ᠡᠮᠦᠨᠡᠲᠦ ᠬᠡᠰᠡᠭ ᠤᠨ ᠭᠠᠵᠠᠷ ᠣᠷᠣᠨ ᠳᠤ ᠨᠡᠶᠢᠭᠡᠮ ᠤᠨ ᠬᠦᠷᠦᠩᠭᠡ ᠶᠢ | ᠣᠷᠣᠭᠤᠯᠤᠨ ᠠᠪᠴᠢᠷᠠᠵᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠤᠨ᠂ | ᠡᠯᠧᠺᠲᠷᠣᠨ ᠬᠤᠳᠠᠯᠳᠤᠭᠠᠨ ᠤ ᠶᠠᠪᠤᠳᠠᠯ᠂ ᠠᠭᠠᠷ ᠤᠨ ᠠᠵᠤ ᠠᠬᠤᠢ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ | ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠣᠷᠣᠭᠤᠯᠤᠨ ᠠᠪᠴᠢᠷᠠᠵᠤ ᠪᠤᠶᠢᠵᠢᠭᠤᠯᠤᠨ᠂ ᠶᠡᠷᠦᠩᠬᠡᠢ | ᠬᠡᠯᠲᠡᠰ ᠤᠨ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠲᠦᠷᠭᠡᠪᠴᠢᠯᠡᠨ ᠪᠦᠳᠦᠭᠡᠨ ᠪᠠᠶᠢᠭᠤᠯᠤᠨ᠎ᠠ᠃ | ᠠᠮᠢᠳᠤᠷᠠᠯ ᠤᠨ ᠴᠢᠨᠠᠷᠲᠠᠶ ᠦᠶ᠋ᠯᠡᠴᠢᠯᠡᠭᠡᠨ ᠤ ᠦᠶ᠋ᠯᠡᠰ ᠢ ᠨᠠᠷᠢᠯᠢᠭᠵᠢᠭᠤᠯᠬᠤ᠂ ᠴᠢᠨᠠᠷ ᠰᠠᠶᠢᠲᠠᠶ ᠬᠥᠭᠵᠢᠭᠦᠯᠬᠦ ᠶᠢ | ᠠᠬᠢᠭᠤᠯᠵᠤ᠂ ᠪᠸᠢ ᠯᠢᠶᠠᠩ ᠭᠠᠵᠠᠷ ᠣᠷᠣᠨ ᠳᠤ ᠣᠳᠣᠨ ᠲᠠᠰ ᠤᠨ ᠪᠠᠭᠤᠳᠠᠯ᠂ ᠬᠤᠲᠠ ᠶᠢᠨ ᠶᠡᠷᠦᠩᠬᠡᠶᠢᠯᠡᠭᠰᠡᠨ | ᠴᠣᠭᠴᠠ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ᠂ ᠬᠤᠳᠠᠯᠳᠤᠭᠠᠨ ᠤ ᠶᠠᠪᠤᠳᠠᠯ ᠤᠨ ᠬᠠᠮ ᠦᠵᠡᠰᠬᠦᠯᠡᠩ᠂ | ᠣᠨᠴᠠᠯᠢᠭᠲᠤ ᠢᠳᠡᠭᠡᠨ ᠤᠮᠳᠠᠭᠠᠨ᠂ ᠰᠥᠨᠢ ᠶᠢᠨ ᠵᠢᠭᠤᠯᠴᠢᠯᠠᠯ ᠵᠤᠭ᠎ᠠ ᠴᠡᠩᠭᠡᠯ᠂ ᠰᠣᠶᠣᠯ ᠤᠨ ᠪᠦᠲᠦᠭᠡᠯᠴᠢ | ᠲᠥᠰᠦᠪᠯᠡᠯ ᠵᠡᠷᠭᠡ ᠲᠥᠷᠥᠯ ᠵᠦᠶ᠋ᠯ ᠢ ᠣᠷᠣᠭᠤᠯᠤᠨ ᠠᠪᠴᠢᠷᠠᠨ᠎ᠠ᠃ ︽ᠬᠠᠭᠤᠴᠢᠨ ᠪᠤᠭᠤᠲᠤ︾ ᠬᠤᠲᠠ ᠶᠢᠨ | ᠨᠡᠷ᠎ᠡ ᠶᠢᠨ ᠬᠠᠭᠤᠳᠠᠰᠤ ᠶᠢ ᠪᠤᠢ ᠪᠣᠯᠭᠠᠵᠤ᠂ ᠪᠤᠭᠤᠲᠤ ᠶᠢᠨ ᠹᠦ᠋ ᠰᠢᠶᠠᠩ ᠭᠤᠳᠤᠮᠵᠢ ᠶᠢᠨ ᠠᠵᠢᠯ ᠡᠬᠢᠯᠡᠭᠦᠯᠦᠨ | ᠡᠵᠡᠩᠨᠡᠬᠦ᠂ ᠴᠢᠶᠣᠤ ᠵᠢᠶᠠ ᠶᠢᠨ ᠵᠡᠭᠡᠯᠢ ᠶᠢᠨ ᠳᠡᠰ ᠳᠡᠪᠰᠢᠬᠦ ᠶᠢ ᠠᠬᠢᠭᠤᠯᠵᠤ᠂ ᠭᠠᠯ ᠳᠠᠭᠠᠭᠠᠮᠠᠭᠠᠢ | ᠦᠶ᠋ᠯᠡᠳᠪᠦᠷᠢ ᠶᠢᠨ ᠵᠠᠮ ᠤᠨ ᠣᠨᠴᠠᠯᠢᠭᠲᠤ ᠢᠳᠡᠭᠡᠨ ᠤᠮᠳᠠᠭᠠᠨ ᠤ ᠵᠡᠭᠡᠯᠢ ᠶᠢᠨ ᠨᠡᠷᠡᠲᠦ ᠲᠥᠷᠥᠯ ᠲᠡᠮᠳᠡᠭᠲᠦ ᠶᠢ ᠪᠤᠢ | ᠪᠣᠯᠭᠠᠵᠤ᠂ ᠵᠢᠩ ᠢᠦᠶ ᠡᠯᠵᠢᠭᠡ ᠡᠵᠢ ᠪᠦᠯᠦᠭᠯᠡᠯ ᠤᠨ ᠰᠣᠶᠣᠯ ᠵᠢᠭᠤᠯᠴᠢᠯᠠᠯ ᠠᠮᠠᠷᠠᠯᠲᠠ ᠶᠢᠨ ᠶᠡᠷᠦᠩᠬᠡᠶᠢᠯᠡᠭᠰᠡᠨ | ᠴᠣᠭᠴᠠ᠂ ᠱᠠᠨᠳᠦ᠋ᠩ ᠤᠨ ᠯᠦ ᠱᠠᠩ ᠪᠦᠯᠦᠭᠯᠡᠯ ᠤᠨ ᠡᠷᠡᠭᠦᠯᠵᠢᠯ ᠰᠤᠪᠢᠯᠠᠯᠲᠠ ᠶᠢᠨ ᠶᠡᠷᠦᠩᠬᠡᠶᠢᠯᠡᠭᠰᠡᠨ ᠴᠣᠭᠴᠠ᠂ | ᠪᠤᠭᠤᠲᠤ ᠶᠢᠨ ᠨᠣᠮ ᠤᠨ ᠬᠤᠲᠠ ᠶᠢᠨ ᠰᠣᠶᠣᠯ ᠤᠨ ᠶᠡᠷᠦᠩᠬᠡᠶᠢᠯᠡᠭᠰᠡᠨ ᠴᠣᠭᠴᠠ ᠵᠡᠷᠭᠡ ᠴᠢᠬᠤᠯᠠ ᠶᠡᠭᠡ ᠲᠥᠷᠥᠯ | ᠵᠦᠶ᠋ᠯ ᠢ ᠨᠠᠶᠢᠳᠠᠪᠤᠷᠢᠵᠢᠭᠤᠯᠵᠤ᠂ ᠰᠣᠶᠣᠯ ᠬᠤᠳᠠᠯᠳᠤᠭ᠎ᠠ ᠵᠢᠭᠤᠯᠴᠢᠯᠠᠯ ᠤᠨ ᠠᠵᠤ ᠦᠶ᠋ᠯᠡᠰ ᠠᠭᠤᠰᠤᠯᠴᠠᠭᠰᠠᠨ | ᠰᠢᠨ᠎ᠡ ᠥᠨᠳᠦᠷᠯᠢᠭ ᠢ ᠪᠤᠢ ᠪᠣᠯᠭᠠᠨ᠎ᠠ᠃ ᠬᠤᠳᠠᠯᠳᠤᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠪᠠᠶᠢᠷᠢᠯᠠᠭᠤᠯᠵᠤ᠂ ᠦ ᠶᠤᠸᠠᠢ ᠠᠭᠤᠳᠠᠮ ᠲᠠᠯᠠᠪᠠᠢ ᠶᠢ ᠠᠰᠢᠭᠯᠠᠯᠲᠠ ᠳᠤ ᠣᠷᠣᠭᠤᠯᠬᠤ ᠶᠢ | ᠲᠦᠷᠭᠡᠳᠬᠡᠨ ᠠᠬᠢᠭᠤᠯᠵᠤ᠂ ᠸᠢᠺᠲ᠋ᠣᠷᠢ ᠶᠢᠨ ᠰᠢᠨ᠎ᠡ ᠶᠢᠷᠲᠢᠨᠴᠦ᠂ ᠸᠢᠺᠲ᠋ᠣᠷᠢ ᠶᠢᠨ ᠮᠣᠯ ᠬᠤᠲᠠ ᠲᠠᠢ ᠬᠠᠮᠲᠤᠪᠠᠷ | ᠳᠤᠮᠳᠠ ᠳᠡᠭᠡᠰᠦ ᠲᠡᠰ ᠤᠨ ᠬᠤᠳᠠᠯᠳᠤᠭᠠᠨ ᠤ ᠲᠥᠪᠯᠡᠷᠡᠯ ᠤᠨ ᠣᠷᠣᠨ ᠢ ᠪᠠᠶᠢᠭᠤᠯᠤᠨ᠎ᠠ᠃ ᠳ᠋ᠦᠩ ᠪᠠᠢ᠂ ᠬᠤᠸᠠᠨ | ᠰᠢ᠂ ᠲᠠᠢ ᠫᠢᠩ ᠰᠧ᠂ ᠳ᠋ᠠ ᠬᠤᠩ ᠮᠧᠨ᠂ ᠵᠢᠶᠧ ᠶᠧ ᠴᠧᠩ ᠵᠡᠷᠭᠡ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ | ᠵᠠᠬ᠎ᠠ ᠳᠡᠯᠭᠡᠭᠦᠷ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠥᠷᠢᠶᠡᠲᠦ ᠬᠥᠭᠵᠢᠯᠲᠡ ᠪᠠ ᠪᠠᠶᠢᠷᠢ | ᠰᠣᠯᠪᠢᠴᠠᠨ ᠥᠷᠢᠰᠦᠯᠳᠦᠬᠦ ᠶᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠬᠠᠮᠢᠶᠠᠷᠤᠯᠲᠠ ᠶᠢᠨ | ᠵᠠᠭᠪᠤᠷ ᠲᠤ ᠰᠢᠨ᠎ᠡ ᠶᠢ ᠡᠭᠦᠳᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠣᠷᠭᠠᠨᠢᠭ | ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ ᠬᠡᠷᠡᠭᠯᠡᠭᠡᠨ ᠤ ᠲᠥᠪ ᠢ ᠪᠠᠶᠢᠭᠤᠯᠤᠨ᠎ᠠ᠃ | ᠲᠣᠭᠠᠴᠢᠯᠠᠭᠰᠠᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ 5 G ᠰᠦᠯᠵᠢᠶᠡᠨ ᠤ ᠰᠠᠭᠤᠷᠢ ᠥᠷᠲᠡᠭᠡ ᠶᠢ 300 | ᠪᠠᠶᠢᠭᠤᠯᠵᠤ᠂ ᠵᠦᠩ ᠺᠧ ᠣᠶᠤᠨᠴᠢ ᠪᠠᠴᠢᠮ ᠪᠠᠶᠢᠳᠠᠯ ᠢ ᠠᠷᠭᠠᠴᠠᠭᠠᠬᠤ ᠠᠵᠤ ᠦᠢᠯᠡᠰ ᠤᠨ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠣᠶᠤᠨᠴᠢ ᠭᠠᠯ ᠰᠡᠷᠭᠡᠶᠢᠯᠡᠯᠲᠡ ᠶᠢ ᠤᠷᠢᠳᠴᠢᠯᠠᠨ ᠰᠡᠷᠡᠮᠵᠢᠯᠡᠭᠦᠯᠬᠦ᠂ | ᠣᠶᠤᠨᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠡᠵᠡᠮᠳᠡᠯ ᠢ ᠨᠢᠭᠡ ᠴᠣᠭᠴᠠᠵᠢᠭᠤᠯᠤᠭᠰᠠᠨ ᠲᠠᠪᠴᠠᠩ ᠤᠨ | ᠬᠡᠷᠡᠭᠯᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠤᠨ᠎ᠠ᠃ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ | ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠳ᠋᠊ ᠦᠩᠾᠧ ᠲᠣᠭᠤᠷᠢᠭ ᠤᠨ ᠶᠡᠷᠦᠩᠬᠡᠶᠢᠯᠡᠭᠰᠡᠨ ᠪᠠᠷᠠᠭ᠎ᠠ ᠶᠢᠨ | ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠳᠠᠭᠠᠭᠤᠯᠤᠭᠴᠢ ᠠᠵᠤ ᠠᠬᠤᠶᠢᠯᠠᠯ ᠢ ᠬᠦᠴᠦᠯᠡᠨ ᠪᠤᠶᠢᠵᠢᠭᠤᠯᠤᠨ᠎ᠠ᠃ ᠳᠠᠬᠢᠯᠲᠠ ᠡᠬᠢ ᠪᠠᠶᠠᠯᠢᠭ ᠢ ᠠᠰᠢᠭᠯᠠᠬᠤ᠂ | ᠬᠥᠩᠭᠡᠨ ᠴᠠᠭᠠᠨ ᠤ ᠬᠠᠶᠢᠯᠤᠰᠢ ᠶᠢᠨ ᠰᠠᠭᠤᠷᠢᠨ ᠭᠠᠵᠠᠷ᠂ ᠲᠣᠨᠤᠭ ᠲᠥᠬᠦᠭᠡᠷᠦᠮᠵᠢ ᠦᠢᠯᠡᠳᠬᠦ᠂ ᠣᠳᠣ ᠦᠶ᠎ᠡ ᠶᠢᠨ | ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠢ ᠨᠢᠭᠡ ᠴᠣᠭᠴᠠᠵᠢᠭᠤᠯᠤᠭᠰᠠᠨ ᠨᠡᠶᠢᠲᠡ ᠶᠢᠨ ᠬᠤᠷᠠᠮᠳᠤᠯ ᠤᠨ | ᠬᠠᠪᠲᠠᠰᠤ ᠶᠢᠨ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠪᠠᠶᠢᠭᠤᠯᠬᠤ ᠶᠢ ᠲᠦᠯᠬᠢᠨ | ᠠᠬᠢᠭᠤᠯᠤᠨ᠎ᠠ᠃ | ︵ᠭᠤᠷᠪᠠ︶ ᠲᠠᠷᠢᠶᠠᠯᠠᠩ ᠤᠨ ᠨᠠᠷᠢᠯᠢᠭ ᠬᠢᠬᠦ ᠰᠢᠯᠢᠳᠡᠭ ᠬᠢᠬᠦ ᠣᠨᠴᠠ ᠬᠢᠬᠦ ᠶᠢ ᠠᠬᠢᠭᠤᠯᠤᠨ᠎ᠠ᠃ | ᠲᠠᠷᠢᠶᠠᠯᠠᠩ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠲᠡᠶᠢᠰᠢ ᠬᠤᠪᠢᠷᠠᠭᠤᠯᠬᠤ ᠶᠢ ᠪᠠᠷᠢᠮᠲᠠᠯᠠᠵᠤ᠂ 2 ᠲᠦᠮᠡᠨ ᠮᠦ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ 8 | ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ 2000 ᠮᠦ ᠬᠠᠭᠤᠴᠢᠨ ᠬᠦᠯᠡᠮᠵᠢ ᠶᠢ ᠳᠡᠰ | ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 6 ᠲᠦᠮᠡᠨ ᠮᠦ ᠳᠤ | ᠬᠦᠷᠭᠡᠵᠦ᠂ ᠤᠨᠠᠯᠲᠠ ᠶᠢ 42 ᠲᠦᠮᠡᠨ ᠲᠣᠨ ᠳᠤ ᠬᠦᠷᠭᠡᠨ᠎ᠡ᠃ ᠲᠥᠷᠥᠯ ᠵᠦᠶ᠋ᠯ ᠢ ᠰᠢᠯᠢᠳᠡᠭᠵᠢᠭᠦᠯᠦᠨ | ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠶᠢ ᠴᠣᠭᠴᠠᠯᠠᠬᠤ ᠶᠢ ᠳᠣᠪᠤᠶᠢᠯᠭᠠᠨ᠂ ᠨᠠᠷᠠᠲᠤ | ᠣᠨᠴᠠ ᠰᠢᠯᠢᠳᠡᠭ ᠢᠳᠡᠰᠢᠨ ᠨᠣᠭᠤᠭ᠎ᠠ ᠭᠤᠸ᠎ᠠ ᠵᠢᠮᠢᠰ ᠤᠨ ᠲᠥᠷᠥᠯ ᠵᠦᠶ᠋ᠯ ᠤᠨ ᠦᠶ᠋ᠯᠡᠳᠪᠦᠷᠢᠯᠡᠯ ᠤᠨ ᠬᠤᠪᠢ ᠶᠢᠨ | ᠵᠢᠩ ᠢ ᠨᠡᠮᠡᠭᠳᠡᠭᠦᠯᠵᠦ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ᠂ ᠲᠠᠸᠠᠷ ᠤᠨ ᠲᠡᠮᠳᠡᠭ ᠤᠨ | ᠭᠡᠷᠡᠴᠢᠯᠡᠯ ᠤᠨ ᠪᠦᠲᠦᠭᠡᠭᠳᠡᠬᠦᠨ ᠢ 3 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠬᠤᠲᠠ ᠶᠢᠨ ᠲᠠᠰ ᠠᠴᠠ | ᠳᠡᠭᠡᠭᠰᠢᠬᠢ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ 5 ᠪᠤᠶᠢᠵᠢᠭᠤᠯᠤᠨ᠎ᠠ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳᠰᠢᠭᠦᠯᠦᠨ ᠬᠤᠪᠢᠷᠠᠭᠤᠯᠬᠤ | ᠨᠣᠷᠮ᠎ᠠ ᠶᠢ 73 % ᠬᠦᠷᠲᠡᠯ᠎ᠡ ᠳᠡᠭᠡᠭᠰᠢᠯᠡᠭᠦᠯᠵᠦ᠂ ᠦᠢᠯᠡᠳᠬᠦᠨ ᠤ ᠥᠷᠲᠡᠭ ᠢ 24 ᠳ᠋᠊ ᠦᠩᠰᠢᠭᠤᠷ | ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠵᠡᠭᠦᠨ ᠬᠡᠰᠡᠭ ᠤᠨ ᠲᠠᠷᠢᠶᠠᠯᠠᠬᠤ ᠣᠷᠣᠨ ᠤ ᠬᠥᠳᠡᠭᠡ | ᠲᠣᠰᠬᠤᠨ ᠤ ᠳᠦᠷᠰᠦ ᠪᠠᠢᠳᠠᠯ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠰᠡᠯᠡᠭᠦᠴᠡᠯ ᠤᠨ ᠲᠠᠷᠢᠶᠠᠯᠠᠩ᠂ | ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠨᠡᠭᠡᠭᠡᠨ ᠬᠥᠭᠵᠢᠭᠦᠯᠬᠦ ᠶᠢ | ᠲᠦᠷᠭᠡᠳᠬᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠶᠡᠷᠦᠩᠬᠡᠶ ᠺᠣᠮᠫᠠᠨᠢ ᠶᠢᠨ ᠪᠤᠭᠤᠲᠤ ᠶᠢᠨ ᠠᠮᠤ | ᠪᠤᠳᠠᠭᠠᠨ ᠤ ᠬᠥᠮᠥᠷᠭᠡ ᠶᠢ ᠨᠡᠭᠦᠯᠭᠡᠬᠦ ᠲᠣᠭᠤᠷᠢᠨ ᠳᠤ᠂ ᠳᠤᠤᠷᠠᠳᠤ ᠤᠷᠤᠰᠬᠠᠯ ᠤᠨ ᠢᠳᠡᠭᠡᠨ ᠡᠳ᠋ᠰᠢᠭᠦᠯᠬᠦ᠂ | ᠪᠠᠷᠠᠭᠠᠨ ᠤ ᠭᠦᠶ᠋ᠯᠭᠡᠭᠡᠨ ᠤ ᠠᠵᠤ ᠦᠶ᠋ᠯᠡᠰ ᠢ ᠬᠥᠭᠵᠢᠭᠦᠯᠵᠦ᠂ ᠠᠮᠤ ᠪᠤᠳᠠᠭ᠎ᠠ ᠲᠣᠰᠣ ᠨᠥᠭᠡᠴᠡᠯᠡᠬᠦ ᠪᠠ ᠡᠳ᠋ᠰᠢᠭᠦᠯᠬᠦ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠪᠠᠷᠠᠭᠠᠨ ᠤ ᠭᠦᠶ᠋ᠯᠭᠡᠭᠡ ᠶᠢ | ᠳᠣᠭᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠣᠶᠣᠯ ᠤᠨ ᠵᠢᠭᠤᠯᠴᠢᠯᠠᠯ ᠢ ᠨᠢᠭᠡ | ᠴᠣᠭᠴᠠᠵᠢᠭᠤᠯᠤᠭᠰᠠᠨ ᠪᠤᠭᠤᠲᠤ ᠬᠤᠲᠠ ᠶᠢᠨ ᠠᠮᠤ ᠪᠤᠳᠠᠭ᠎ᠠ ᠡᠳ᠋ᠰᠢᠭᠦᠯᠬᠦ ᠠᠷᠠᠯᠵᠢᠶᠠᠨ ᠤ ᠪᠠᠷᠠᠭᠠᠨ ᠤ ᠭᠦᠶ᠋ᠯᠭᠡᠭᠡᠨ ᠤ | ᠬᠦᠷᠢᠶᠡᠯᠡᠩ ᠢ ᠪᠠᠶᠢᠭᠤᠯᠤᠨ᠎ᠠ᠃ | ᠬᠤᠶᠠᠷ᠂ ᠭᠠᠳᠠᠭᠠᠳᠤ ᠬᠡᠷᠡᠭᠴᠡᠭᠡ ᠶᠢ ᠲᠣᠭᠲᠠᠪᠤᠷᠢᠵᠢᠭᠤᠯᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠬᠤᠣᠰ ᠣᠷᠴᠢᠯ︾ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ | ︵ᠨᠢᠭᠡ︶ ᠣᠨᠣᠪᠴᠢᠲᠠᠶ ᠪᠠᠷ ᠬᠦᠴᠦᠯᠡᠵᠦ ᠪᠦᠲᠦᠮᠵᠢᠲᠡᠶ ᠪᠠᠯᠠ ᠣᠷᠣᠭᠤᠯᠤᠨ᠎ᠠ᠃ ᠳᠡᠭᠡᠳᠦ ᠬᠡᠮᠵᠢᠶ᠎ᠡ ᠪᠠᠷ | ᠠᠬᠢᠭᠤᠯᠬᠤ᠂ ᠵᠢᠷᠤᠭ ᠡᠯᠭᠦᠨ ᠪᠠᠶᠢᠯᠳᠤᠬᠤ ᠶᠢ ᠪᠠᠷᠢᠮᠲᠠᠯᠠᠵᠤ᠂ ᠰᠢᠶᠠᠨ ᠤ ᠱᠠᠲᠤᠨ ᠤ ᠤᠳᠤᠷᠢᠳᠬᠤ ᠺᠠᠳ᠋ᠷ ᠤᠨ | ᠭᠤᠤᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠶᠡᠭᠡ ᠲᠥᠷᠥᠯ ᠵᠦᠶ᠋ᠯ ᠢ ᠳᠠᠭᠠᠭᠠᠴᠢᠯᠠᠨ ᠬᠠᠷᠢᠯᠴᠠᠬᠤ | ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠯᠠ ᠣᠷᠣᠭᠤᠯᠤᠯᠲᠠ ᠪᠠ ᠪᠥᠲᠥᠭᠡᠨ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠵᠤ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠶᠢ ᠴᠢᠩᠭᠠᠳᠬᠠᠬᠤ᠂ ᠪᠦᠲᠦᠴᠡ ᠶᠢ | ᠲᠣᠬᠢᠷᠠᠭᠤᠯᠬᠤ᠂ ᠨᠥᠭᠡᠴᠡ ᠬᠦᠴᠦᠨ ᠢ ᠨᠡᠮᠡᠭᠳᠡᠭᠦᠯᠬᠦ ᠲᠣᠭᠤᠷᠢᠨ ᠳᠤ ᠪᠠᠯᠠ ᠣᠷᠣᠭᠤᠯᠤᠯᠲᠠ ᠶᠢᠨ ᠪᠦᠲᠦᠴᠡ ᠶᠢ | ᠬᠦᠴᠦᠯᠡᠨ ᠰᠢᠯᠢᠳᠡᠭᠵᠢᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ | ᠪᠥᠬᠦ ᠵᠢᠯ ᠳᠤ 85 ᠭᠤᠤᠯᠳᠠᠯᠭ᠎ᠠ ᠲᠠᠢ ᠲᠥᠷᠥᠯ ᠵᠦᠶ᠋ᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 115 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠲᠥᠷᠥᠯ ᠵᠦᠶ᠋ᠯ ᠢ ᠬᠠᠪᠰᠤᠷᠤᠨ | ᠭᠦᠶ᠋ᠴᠡᠳᠬᠡᠬᠦ ᠦᠶ᠋ᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠭᠠᠵᠠᠷ ᠰᠢᠷᠣᠶ᠂ ᠪᠠᠯᠠ ᠮᠥᠩᠭᠦ᠂ ᠮᠡᠷᠭᠡᠵᠢᠯ ᠵᠡᠷᠭᠡ | ᠬᠦᠴᠦᠨ ᠵᠦᠶ᠋ᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ | ᠭᠤᠤᠯᠳᠠᠯᠭ᠎ᠠ ᠲᠠᠢ ᠲᠥᠷᠥᠯ ᠵᠦᠶ᠋ᠯ ᠤᠨ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠪᠠᠷᠢᠯᠭ᠎ᠠ ᠳᠠᠭᠤᠰᠬᠠᠵᠤ᠂ | ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ | ᠤᠯᠤᠰ ᠠᠴᠠ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ︽ᠬᠤᠶᠠᠷ | ᠰᠢᠨ᠎ᠡ ᠨᠢᠭᠡ ᠬᠦᠨᠳᠦ︾ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠠᠵᠠ ᠲᠣᠬᠢᠶᠠᠯ ᠢ ᠵᠠᠪᠳᠤᠨ | ᠠᠳᠬᠤᠵᠤ᠂ ᠰᠠᠭᠤᠷᠢ ᠶᠢ ᠴᠢᠩᠭᠠᠳᠬᠠᠬᠤ᠂ ᠳᠤᠲᠠᠭᠤᠳᠠᠯ ᠢ ᠨᠥᠬᠦᠪᠥᠷᠢᠯᠡᠬᠦ᠂ ᠠᠯᠤᠰ ᠬᠡᠲᠦ ᠶᠢ ᠬᠠᠮᠢᠶᠠᠷᠬᠤ᠂ ᠶᠡᠭᠡ | ᠲᠠᠯ᠎ᠠ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠨᠢᠭᠡ ᠪᠦᠯᠦᠭ ᠲᠣᠮᠣ ᠲᠥᠷᠥᠯ ᠵᠦᠢᠯ | ᠰᠠᠶᠢᠨ ᠲᠥᠷᠥᠯ ᠵᠦᠢᠯ ᠢ ᠰᠦᠪᠡᠭᠴᠢᠯᠡᠬᠦ ᠪᠠ ᠨᠥᠭᠡᠴᠡᠯᠡᠨ᠎ᠡ᠃ | ︵ᠬᠤᠶᠠᠷ︶ ᠬᠡᠷᠡᠭᠯᠡᠭᠡ ᠶᠢᠨ ᠰᠠᠭᠤᠷᠢ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠎ᠠ᠃ ᠬᠡᠷᠡᠭᠴᠡᠭᠡᠨ ᠤ | ᠬᠠᠵᠠᠭᠤ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠬᠡᠷᠡᠭᠴᠡᠭᠡ ᠪᠠ ᠬᠠᠩᠭᠠᠯᠭ᠎ᠠ ᠬᠤᠶᠠᠷ | ᠲᠠᠯ᠎ᠠ ᠠᠴᠠ ᠬᠦᠴᠦᠯᠡᠵᠦ᠂ ᠬᠡᠷᠡᠭᠯᠡᠭᠡ ᠶᠢᠨ ᠳᠠᠬᠢᠨ ᠨᠥᠬᠦᠪᠥᠷᠢᠯᠡᠯᠲᠡ ᠶᠢ ᠲᠦᠷᠭᠡᠳᠬᠡᠵᠦ᠂ ᠰᠦᠯᠵᠢᠶᠡᠨ ᠳᠡᠭᠡᠷᠡᠬᠢ | ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠲᠦᠷᠭᠡᠪᠴᠢᠯᠡᠨ ᠠᠭᠤᠰᠤᠯᠴᠠᠬᠤ᠂ ᠰᠢᠨ᠎ᠡ ᠬᠡᠯᠪᠡᠷᠢ ᠶᠢᠨ ᠪᠠ | ᠤᠯᠠᠮᠵᠢᠯᠠᠯᠲᠤ ᠬᠡᠷᠡᠭᠯᠡᠭᠡ ᠶᠢᠨ ᠬᠠᠮᠵᠢᠯᠴᠠᠨ ᠬᠠᠮᠲᠤ ᠪᠠᠷ ᠳᠠᠪᠰᠢᠬᠤ ᠶᠢ ᠠᠬᠢᠭᠤᠯᠵᠤ᠂ ᠬᠡᠷᠡᠭᠯᠡᠭᠡ ᠶᠢᠨ ᠳᠠᠯᠳᠠ | ᠬᠦᠴᠦᠨ ᠢᠶᠠᠷ ᠠᠵᠤ ᠠᠬᠤᠶ ᠶᠢᠨ ᠨᠡᠮᠡᠭᠳᠡᠯ ᠢ ᠳᠠᠶᠢᠴᠢᠯᠠᠨ᠎ᠠ᠃ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ | ᠬᠡᠷᠡᠭᠯᠡᠭᠡᠨ ᠤ ᠬᠦᠰᠡᠯ ᠰᠠᠨᠠᠭ᠎ᠠ ᠶᠢ ᠨᠡᠮᠡᠭᠳᠡᠭᠦᠯᠬᠦ ᠡᠨᠡ ᠬᠤᠶᠠᠷ ᠵᠠᠩᠭᠢᠯᠠᠭ᠎ᠠ ᠶᠢ ᠴᠢᠩᠭ᠎ᠠ ᠠᠳᠬᠤᠵᠤ᠂ ᠰᠠᠭᠤᠭᠠᠯᠢ | ᠠᠷᠠᠳ ᠤᠨ ᠬᠡᠷᠡᠭᠯᠡᠭᠡᠨ ᠤ ᠤᠯᠠᠨ ᠡᠰᠢᠵᠢᠯᠲᠡ ᠪᠠ ᠪᠦᠲᠦᠴᠡ ᠶᠢᠨ ᠳᠡᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ | ᠬᠦᠴᠦᠲᠡᠢ ᠠᠷᠭ᠎ᠠ ᠬᠡᠮᠵᠢᠶ᠎ᠡ ᠠᠪᠴᠤ᠂ ᠲᠤᠭ᠎ᠠ ᠬᠡᠮᠵᠢᠶ᠎ᠡ ᠶᠢ ᠬᠠᠳᠠᠭᠠᠯᠠᠨ᠂ ᠳᠠᠯᠳᠠ ᠬᠦᠴᠦᠨ ᠢ ᠠᠭᠤᠳᠠᠯᠵᠤ᠂ | ᠬᠡᠷᠡᠭᠯᠡᠭᠡᠨ ᠤ ᠪᠤᠴᠠᠯᠲᠠ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ | ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠎ᠡ᠃ ᠬᠡᠷᠡᠭᠯᠡᠭᠡ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠣᠯᠠᠨ | ᠲᠦᠮᠡᠨ ᠤ ︽ᠵᠤᠭᠠᠴᠠᠨ ᠬᠤᠳᠠᠯᠳᠤᠨ ᠠᠪᠬᠤ ᠡᠮᠴᠢᠯᠡᠭᠡ ᠰᠣᠶᠣᠯ ᠰᠤᠷᠭᠠᠨ ᠬᠥᠮᠦᠵᠢᠯ ᠰᠣᠶᠣᠯ ᠲᠠᠮᠢᠷ ᠵᠤᠭ᠎ᠠ | ᠴᠡᠩᠭᠡᠯ︾ ᠵᠡᠷᠭᠡ ᠲᠠᠰᠤᠷᠠᠯᠲᠠ ᠥᠬᠡᠶ ᠥᠷᠭᠡᠳᠴᠦ ᠪᠠᠶᠢᠭ᠎ᠠ ᠬᠡᠷᠡᠭᠯᠡᠭᠡ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠲᠠ ᠬᠥᠳᠡᠭᠡ ᠶᠢᠨ ᠬᠡᠷᠡᠭᠯᠡᠭᠡ ᠶᠢ ᠳᠥᠭᠦᠮᠴᠢᠯᠡᠬᠦ᠂ ᠴᠢᠨᠠᠷᠵᠢᠭᠤᠯᠬᠤ ᠲᠦᠪᠰᠢᠨ ᠢ | ᠳᠡᠭᠡᠭᠰᠢᠯᠡᠭᠦᠯᠬᠦ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠵᠠᠬ᠎ᠠ | ᠳᠡᠯᠭᠡᠭᠦᠷ ᠢ ᠨᠠᠷᠢᠯᠢᠭ ᠬᠤᠪᠢᠶᠠᠬᠤ ᠶᠢ ᠥᠷᠭᠡᠳᠬᠡᠵᠦ᠂ ᠪᠣᠷᠣᠯᠠᠭᠤᠯᠭ᠎ᠠ ᠰᠠᠶᠢᠲᠠᠶ ᠦᠶ᠋ᠯᠡᠳᠬᠦᠨ ᠢ ᠴᠢᠷᠮᠠᠶᠢᠨ | ᠨᠡᠮᠡᠭᠳᠡᠭᠦᠯᠦᠨ᠎ᠡ᠃ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠣᠳᠣᠯᠬᠢᠯᠠᠵᠤ᠂ ᠨᠢᠭᠡ | ᠪᠦᠯᠦᠭ ︽ᠰᠦᠯᠵᠢᠶᠡᠴᠢᠨ︾ ᠬᠡᠷᠡᠭᠯᠡᠭᠡ ᠶᠢᠨ ᠨᠠᠷᠠᠲᠤ ᠲᠥᠷᠥᠯ ᠲᠡᠮᠳᠡᠭᠲᠦ ᠶᠢ ᠲᠦᠷᠭᠡᠳᠬᠡᠨ ᠣᠷᠣᠭᠤᠯᠤᠨ | ᠠᠪᠴᠢᠷᠠᠵᠤ᠂ ᠨᠢᠭᠡ ᠪᠦᠯᠦᠭ ᠰᠢᠨ᠎ᠡ ᠬᠡᠷᠡᠭᠯᠡᠭᠡ ᠶᠢᠨ ᠣᠨᠣᠯᠵᠢᠬᠤᠨ ᠳᠤ ᠨᠡᠶᠢᠴᠡᠭᠰᠡᠨ᠂ ᠵᠠᠯᠠᠭᠤᠴᠤᠳ ᠤᠨ | ᠬᠤᠳᠠᠯᠳᠤᠭᠠᠨ ᠤ ᠲᠣᠭᠤᠷᠢᠭ ᠪᠠ ᠬᠤᠳᠠᠯᠳᠤᠭᠠᠨ ᠤ ᠵᠡᠭᠡᠯᠢ ᠶᠢ ᠲᠡᠳᠡᠨ ᠠᠪᠴᠢᠷᠠᠬᠤ ᠶᠢ ᠨᠢᠮᠪᠠᠶ ᠴᠣᠭᠴᠠᠯᠠᠨ᠎ᠠ᠃ | ᠨᠢᠭᠡ ᠪᠦᠯᠦᠭ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ ᠳᠡᠯᠭᠡᠨ ᠪᠣᠷᠣᠯᠠᠭᠤᠯᠬᠤ ᠦᠵᠡᠰᠬᠦᠯᠡᠩ ᠢ | ᠪᠤᠶᠢᠵᠢᠭᠤᠯᠵᠤ᠂ ᠳᠡᠯᠭᠡᠨ ᠪᠣᠷᠣᠯᠠᠭᠤᠯᠬᠤ ᠪᠠᠷ ᠪᠣᠷᠣᠯᠠᠭᠤᠯᠭ᠎ᠠ ᠶᠢ ᠠᠬᠢᠭᠤᠯᠵᠤ᠂ ᠬᠡᠷᠡᠭᠯᠡᠭᠡ ᠶᠢ ᠥᠷᠭᠡᠳᠬᠡᠨ᠎ᠡ᠃ | ᠰᠢᠨ᠎ᠡ ᠬᠡᠯᠪᠡᠷᠢ ᠶᠢᠨ ᠬᠡᠷᠡᠭᠯᠡᠭᠡ ᠶᠢ ᠶᠡᠬᠡᠪᠡᠷ ᠬᠥᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠦᠯᠵᠢᠶᠡᠨ ᠳᠡᠭᠡᠷᠡᠬᠢ ᠰᠤᠷᠭᠠᠨ | ᠬᠥᠮᠦᠵᠢᠯ᠂ ᠢᠨᠲ᠋ᠧᠷ ᠰᠦᠯᠵᠢᠶ᠎ᠡ ᠶᠢᠨ ᠡᠷᠡᠭᠦᠯ ᠡᠩᠬᠡ᠂ ᠰᠦᠯᠵᠢᠶᠡᠨ ᠳᠡᠭᠡᠷᠡᠬᠢ ᠰᠣᠶᠣᠯ ᠴᠡᠩᠭᠡᠯ ᠵᠡᠷᠭᠡ | ᠬᠡᠷᠡᠭᠯᠡᠭᠡ ᠶᠢᠨ ᠵᠠᠭᠪᠤᠷ ᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠥᠲᠥᠯᠥᠨ ᠵᠢᠯᠣᠭᠤᠳᠴᠤ᠂ ︽ᠡᠭᠦᠯᠡ ᠪᠠᠷ ᠵᠡᠭᠡᠯᠢ ᠲᠣᠭᠤᠷᠢᠬᠤ︾ | ︽ᠡᠭᠦᠯᠡ ᠪᠠᠷ ᠪᠠᠷᠠᠭ᠎ᠠ ᠬᠤᠳᠠᠯᠳᠤᠨ ᠠᠪᠬᠤ︾ ᠵᠡᠷᠭᠡ ᠬᠡᠷᠡᠭᠯᠡᠭᠡ ᠶᠢᠨ ᠰᠢᠨ᠎ᠡ ᠪᠠᠶᠢᠳᠠᠯ ᠢ ᠲᠦᠭᠡᠮᠡᠯᠵᠢᠭᠦᠯᠦᠨ | ᠬᠡᠷᠡᠭᠯᠡᠬᠦ ᠶᠢ ᠲᠦᠷᠭᠡᠳᠬᠡᠨ᠂ ᠨᠢᠭᠡ ᠪᠦᠯᠦᠭ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠠᠭᠤᠰᠤᠯᠴᠠᠭᠰᠠᠨ ᠰᠢᠨ᠎ᠡ ᠬᠡᠯᠪᠡᠷᠢ ᠶᠢᠨ ᠬᠡᠷᠡᠭᠯᠡᠭᠡᠨ ᠢ ᠣᠶᠢᠯᠠᠭᠠᠬᠤ ᠲᠥᠪ ᠢ ᠪᠠᠶᠢᠭᠤᠯᠵᠤ᠂ ᠤᠯᠠᠮᠵᠢᠯᠠᠯᠲᠤ | ᠬᠡᠷᠡᠭᠯᠡᠭᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠨᠢᠭᠡ ᠪᠦᠯᠦᠭ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠲᠤᠰ ᠭᠠᠵᠠᠷ ᠤᠨ | ᠣᠨᠴᠠᠯᠢᠭ ᠲᠠᠢ᠂ ᠬᠥᠮᠦᠰ ᠤᠨ ᠬᠦᠷᠢᠶᠡᠯᠡᠯ ᠢ ᠣᠯᠤᠭᠰᠠᠨ ᠲᠤᠰᠬᠠᠶ ᠮᠡᠷᠭᠡᠵᠢᠯ ᠤᠨ ᠴᠢᠨᠠᠷᠲᠠᠶ ᠰᠦᠯᠵᠢᠶᠡᠨ ᠤ | ᠬᠡᠷᠡᠭᠯᠡᠭᠡᠨ ᠤ ᠲᠠᠪᠴᠠᠩ ᠢ ᠪᠠᠶᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ | ᠠᠭᠤᠳᠠᠯᠤᠨ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠲᠦᠷᠭᠡᠨ ᠬᠦᠷᠭᠡᠬᠦ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ᠣᠯᠠᠨ ᠵᠦᠶ᠋ᠯ ᠤᠨ ᠠᠷᠭ᠎ᠠ ᠮᠠᠶ᠋ᠢᠭ ᠢ ᠠᠪᠴᠤ᠂ ᠬᠥᠳᠡᠭᠡ ᠲᠣᠰᠬᠤᠨ ᠳᠤ | ᠰᠠᠭᠤᠷᠢᠯᠠᠭᠰᠠᠨ᠂ ᠲᠠᠷᠢᠶᠠᠴᠢᠳ ᠤᠨ ᠠᠮᠢᠳᠤᠷᠠᠯ ᠤᠨ ᠬᠡᠷᠡᠭᠯᠡᠭᠡᠨ ᠤ ᠦᠶ᠋ᠯᠡᠴᠢᠯᠡᠭᠡᠨ ᠤ ᠲᠤᠤᠷ ᠴᠢᠬ ᠲᠤ | ᠣᠶᠢᠷᠠᠲᠤᠭᠤᠯᠤᠭᠰᠠᠨ᠂ ᠲᠣᠭᠤᠷᠢᠭ ᠪᠠᠯᠭᠠᠰᠤ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠶ᠋ᠯᠭᠡᠭᠡᠨ ᠤ | ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠬᠦᠯᠵᠦ᠂ ᠲᠦᠷᠭᠡᠨ ᠬᠦᠷᠭᠡᠬᠦ ᠶᠢᠨ ᠲᠥᠪᠯᠡᠷᠡᠭᠦᠯᠦᠨ | ᠳᠣᠭᠢᠷᠠᠭᠤᠯᠤᠨ ᠬᠦᠷᠭᠡᠬᠦ ᠶᠢ ᠲᠣᠰᠬᠤᠨ ᠳᠤ ᠣᠷᠣᠭᠤᠯᠬᠤ ᠶᠢ ᠠᠬᠢᠭᠤᠯᠤᠨ᠂ ᠠᠵᠤ ᠦᠶ᠋ᠯᠡᠳᠪᠦᠷᠢ ᠶᠢᠨ | ᠦᠶ᠋ᠯᠡᠳᠬᠦᠨ ᠢ ᠬᠥᠳᠡᠭᠡ ᠲᠣᠰᠬᠤᠨ ᠳᠤ ᠪᠠᠭᠤᠯᠭᠠᠬᠤ᠂ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠬᠤᠲᠠ ᠳᠤ ᠣᠷᠣᠭᠤᠯᠬᠤ ᠪᠦᠲᠦᠮᠵᠢᠲᠡᠶ ᠠᠷᠭ᠎ᠠ ᠵᠠᠮ ᠢ ᠰᠢᠯᠤᠭᠤᠳᠬᠠᠨ᠎ᠠ᠃ | ︵ᠭᠤᠷᠪᠠ︶ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠠᠯᠠ ᠶᠢ ᠲᠣᠭᠲᠠᠪᠤᠷᠢᠵᠢᠭᠤᠯᠵᠤ | ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ | ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠵᠤ᠂ ᠵᠠᠰᠠᠮᠠᠯ | ᠵᠠᠮ ᠤᠨ ᠪᠠᠷᠠᠭ᠎ᠠ ᠶᠢᠨ ᠭᠦᠢᠯᠭᠡᠭᠡ᠂ ᠳᠤᠮᠳᠠᠳᠤ ᠤᠯᠤᠰ ᠠᠴᠠ ᠬᠥᠩᠭᠡᠨ ᠴᠠᠭᠠᠨ ᠤ ᠪᠠᠷᠠᠭ᠎ᠠ ᠶᠢᠨ ᠭᠦᠢᠯᠭᠡᠭᠡ ᠵᠡᠷᠭᠡ | ᠬᠥᠲᠥᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠠᠮᠵᠢᠨ᠎ᠠ︔ ᠳ᠋ᠦᠩ ᠾᠧ ᠨᠢᠰᠬᠡᠯ ᠤᠨ | ᠪᠠᠭᠤᠳᠠᠯ ᠤᠨ ᠥᠪᠡᠷᠲᠡᠭᠡᠨ ᠵᠠᠰᠠᠬᠤ ᠣᠷᠣᠨ ᠤ ︽ᠳᠡᠳ᠋ ᠬᠦᠢᠰᠦ︾ ᠨᠢᠰᠬᠡᠯ ᠤᠨ ᠪᠠᠭᠤᠳᠠᠯ ᠪᠠ ᠣᠯᠠᠨ | ᠤᠯᠤᠰ ᠠᠴᠠ ᠠᠭᠠᠷ ᠤᠨ ᠠᠶᠠᠯᠠᠯ ᠤᠨ ᠪᠣᠭᠤᠮᠲᠠ ᠶᠢ ᠪᠦᠲᠦᠭᠡᠨ ᠪᠠᠶᠢᠭᠤᠯᠬᠤ ᠲᠣᠭᠤᠷᠢᠨ ᠳᠤ᠂ ᠨᠢᠰᠬᠡᠯ ᠤᠨ | ᠪᠠᠭᠤᠳᠠᠯ᠂ ᠳᠡᠭᠡᠰᠦ ᠬᠤᠷᠳᠤ ᠶᠢᠨ ᠲᠡᠮᠦᠷ ᠵᠠᠮ᠂ ᠵᠠᠰᠠᠮᠠᠯ ᠵᠠᠮ ᠢ ᠨᠢᠭᠡ ᠴᠣᠭᠴᠠᠵᠢᠭᠤᠯᠤᠭᠰᠠᠨ ᠣᠯᠠᠨ | ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠠᠶᠢᠭᠤᠯᠵᠤ᠂ ᠳᠣᠲᠣᠭᠠᠳᠤ ᠭᠠᠳᠠᠭᠠᠳᠤ ᠳᠤ ᠨᠡᠭᠡᠭᠡᠯᠲᠡ | ᠬᠢᠬᠦ ᠰᠢᠨ᠎ᠡ ᠲᠠᠪᠴᠠᠩ ᠢ ᠪᠠᠶᠢᠭᠤᠯᠤᠨ᠎ᠠ᠃ ᠭᠠᠳᠠᠭᠠᠳᠤ ᠪᠡᠯᠡ ᠶᠢ ᠲᠠᠲᠠᠨ ᠣᠷᠣᠭᠤᠯᠬᠤ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠭᠠᠳᠠᠭᠠᠳᠤ ᠪᠡᠯᠡ ᠶᠢ ᠠᠰᠢᠭᠯᠠᠬᠤ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠭᠠᠳᠠᠭᠠᠳᠤ ᠪᠡᠯᠡ᠂ ᠭᠠᠳᠠᠭᠠᠳᠤ ᠠᠵᠤ ᠠᠬᠤᠶ᠂ ᠭᠠᠳᠠᠭᠠᠳᠤ ᠠᠷᠠᠯᠵᠢᠶ᠎ᠠ ᠶᠢ ᠵᠣᠬᠢᠴᠠᠯᠳᠤᠭᠤᠯᠤᠨ ᠬᠥᠭᠵᠢᠭᠦᠯᠬᠦ ᠶᠢ | ᠲᠦᠯᠬᠢᠨ ᠠᠬᠢᠭᠤᠯᠵᠤ᠂ ᠤᠯᠤᠰ ᠤᠨ ᠳᠣᠲᠣᠭᠠᠳᠤ ᠣᠷᠣᠨ ᠤ ᠭᠠᠳᠠᠨᠠᠬᠢ ᠶᠢᠨ ᠪᠡᠯᠡ ᠮᠥᠩᠭᠦ ᠶᠢ ᠣᠷᠣᠭᠤᠯᠵᠤ | ᠢᠷᠡᠨ 10 % ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠳᠡᠯᠡᠬᠡᠢ ᠶᠢᠨ 500 ᠬᠦᠴᠦᠷᠬᠡᠭ᠂ ᠳᠤᠮᠳᠠᠳᠤ | ᠤᠯᠤᠰ ᠠᠴᠠ 500 ᠬᠦᠴᠦᠷᠬᠡᠭ᠂ ᠠᠵᠢᠯ ᠲᠥᠷᠥᠯ ᠤᠨ ᠲᠣᠯᠣᠭᠠᠶᠢᠯᠠᠭᠴᠢ ᠠᠵᠤ ᠦᠢᠯᠡᠰ ᠤᠨ ᠬᠡᠯᠬᠢᠶᠡᠵᠢᠯ ᠤᠨ | ᠲᠣᠭᠤᠷᠢᠨ ᠳᠤ ︽ᠵᠡᠭᠦᠨᠰᠢ ᠪᠠᠷᠠᠭᠤᠨᠰᠢ᠂ ᠳᠡᠭᠡᠭᠰᠢ ᠳᠣᠷᠣᠭᠰᠢ︾ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ | ᠤᠷᠢᠬᠤ ᠶᠢ ᠥᠷᠨᠢᠭᠦᠯᠵᠦ᠂ ᠲᠣᠮᠣ ᠠᠵᠤ ᠠᠬᠤᠶᠢᠯᠠᠯ ︽ᠰᠦᠨᠳᠡᠷᠯᠡᠨ ᠵᠣᠭᠰᠣᠬᠤ︾᠂ ᠵᠢᠵᠢᠭ ᠠᠵᠤ ᠠᠬᠤᠶᠢᠯᠠᠯ ︽ | ᠲᠩᠷᠢ ᠭᠠᠵᠠᠷ ᠢ ᠪᠦᠷᠬᠦᠭᠰᠡᠨ︾ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠵᠦ᠂ ᠵᠢᠯ ᠤᠨ ᠳᠣᠲᠣᠷ᠎ᠠ 10 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 10 ᠠᠴᠠ ᠳᠡᠭᠡᠭᠰᠢ᠂ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ 15 ᠠᠴᠠ ᠳᠡᠭᠡᠭᠰᠢ ᠲᠡᠳᠡᠨ ᠣᠷᠣᠭᠤᠯᠵᠤ᠂ 300 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠡᠯᠡ ᠣᠷᠣᠭᠤᠯᠤᠯᠲᠠ ᠳᠤ ᠭᠡᠷ᠎ᠡ ᠲᠣᠭᠲᠠᠨ᠎ᠠ᠃ ᠠᠷᠠᠯᠵᠢᠶᠠᠴᠢᠨ ᠤᠷᠢᠵᠤ ᠠᠵᠤ ᠠᠬᠤᠶᠢᠯᠠᠯ᠂ ᠲᠥᠷᠥᠯ | ᠵᠦᠢᠯ ᠤᠨ ᠵᠠᠯᠭᠠᠮᠵᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠮᠲᠤᠷᠠᠯᠴᠠᠭᠠᠨ ᠤ ᠲᠥᠷᠥᠯ ᠵᠦᠢᠯ ᠡᠷᠲᠡᠬᠡᠨ | ᠭᠡᠷ᠎ᠡ ᠲᠣᠭᠲᠠᠨ ᠨᠠᠶᠢᠳᠠᠪᠤᠷᠢᠵᠢᠭᠳᠠᠬᠤ ᠶᠢ ᠠᠬᠢᠭᠤᠯᠤᠨ᠎ᠠ᠃ | ᠭᠤᠷᠪᠠ᠂ ᠭᠠᠵᠠᠷ ᠣᠷᠣᠨ ᠤ ᠶᠡᠷᠦᠩᠬᠡᠶᠢᠯᠡᠭᠰᠡᠨ ᠳᠠᠭᠠᠭᠠᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ︵ᠨᠢᠭᠡ︶ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠶ᠋ᠯᠡᠳᠦᠯ ᠢ ᠳᠣᠪᠤᠶᠢᠯᠭᠠᠨ᠎ᠠ᠃ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠪᠸᠢ ᠯᠢᠶᠠᠩ ᠤᠨ ᠲᠤᠩ ᠺᠦᠩ ᠲᠣᠭᠤᠷᠢᠭ᠂ | ᠡᠮᠦᠨᠡᠲᠦ ᠬᠡᠰᠡᠭ ᠤᠨ ᠭᠠᠵᠠᠷ ᠣᠷᠣᠨ ᠤ ᠡᠵᠡᠮᠰᠢᠯ ᠲᠦᠷᠢᠮ ᠢ ᠵᠠᠰᠠᠨ ᠨᠠᠶᠢᠷᠠᠭᠤᠯᠬᠤ ᠠᠵᠢᠯ ᠢ ᠲᠦᠷᠭᠡᠳᠬᠡᠨ | ᠠᠬᠢᠭᠤᠯᠵᠤ ᠬᠢᠨᠠᠨ ᠵᠥᠪᠰᠢᠶᠡᠷᠡᠭᠦᠯᠪᠡ᠃ ᠴᠢᠬᠤᠯᠠ ᠴᠢᠳᠠᠮᠵᠢᠲᠤ ᠣᠷᠣᠨ ᠤ ᠬᠡᠰᠡᠭ᠂ ᠭᠤᠣᠯᠳᠠᠯᠭ᠎ᠠ ᠲᠠᠢ ᠬᠡᠰᠡᠭ | ᠲᠣᠭᠤᠷᠢᠭ ᠤᠨ ᠨᠡᠭᠡᠭᠡᠨ ᠬᠥᠭᠵᠢᠭᠦᠯᠦᠯᠲᠡ ᠶᠢᠨ ᠪᠠᠶᠢᠷᠢᠯᠠᠭᠤᠯᠤᠯᠲᠠ ᠶᠢ ᠰᠠᠶᠢᠲᠤᠷ ᠠᠳᠬᠤᠵᠤ᠂ ᠡᠮᠦᠨᠡᠲᠦ | ᠬᠡᠰᠡᠭ ᠤᠨ ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠵᠤ᠂ ᠪᠸᠢ ᠯᠢᠶᠠᠩ ᠤᠨ ᠲᠤᠩ ᠺᠦᠩ ᠲᠣᠭᠤᠷᠢᠭ ᠤᠨ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠤᠲᠠ ᠶᠢᠨ ᠬᠥᠭᠵᠢᠯᠲᠡ᠂ | ᠲᠥᠯᠥᠪᠵᠢᠭᠦᠯᠭᠡ ᠶᠢ ᠤᠷᠢᠳ ᠢᠶᠠᠷ ᠬᠢᠬᠦ ᠵᠠᠷᠴᠢᠮ ᠢ ᠪᠠᠷᠢᠮᠲᠠᠯᠠᠵᠤ᠂ ᠬᠤᠲᠠ ᠶᠢᠨ ᠲᠥᠯᠥᠪᠵᠢᠭᠦᠯᠭᠡ ᠪᠥᠲᠥᠭᠡᠨ | ᠪᠠᠶᠢᠭᠤᠯᠤᠯᠲᠠ ᠬᠢᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠣᠷᠭᠠᠨᠢᠭ ᠢᠶᠠᠷ | ᠵᠣᠯᠭᠠᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ | ( ᠬᠤᠶᠠᠷ ) ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠢ | ᠢᠳᠡᠪᠬᠢᠲᠡᠢ ᠪᠠᠶᠢᠭᠤᠯᠵᠤ᠂ 17 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠲᠡᠰ ᠳᠡᠪᠰᠢᠭᠦᠯᠵᠦ᠂ | ᠥᠭᠡᠷᠡᠴᠢᠯᠡᠨ ᠵᠠᠰᠠᠬᠤ ᠲᠠᠯᠠᠪᠠᠢ ᠶᠢ 20 ᠲᠦᠮᠡᠨ ᠲᠡᠭᠰᠢ ᠳᠥᠷᠪᠡᠯᠵᠢᠨ ᠮᠧᠳ᠋ᠷ ᠲᠤ ᠬᠦᠷᠭᠡᠵᠦ᠂ ᠠᠳᠠᠯ ᠠᠬᠤᠢ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ ᠲᠣᠭᠤᠷᠢᠭ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ︽300 ᠮᠧᠲᠷ ᠲᠤ ᠨᠣᠭᠤᠭᠠᠨ ᠥᠩᠭᠡ ᠶᠢ ᠣᠯᠵᠤ ᠬᠠᠷᠠᠨ᠂ 500 ᠮᠧᠲᠷ ᠲᠤ | ᠴᠡᠴᠡᠷᠯᠢᠭ ᠢ ᠣᠯᠵᠤ ᠬᠠᠷᠠᠬᠤ︾ ᠪᠣᠬᠢᠷᠲᠤᠯ ᠥᠬᠡᠶ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠬᠠᠷᠮᠠᠨ ᠴᠡᠴᠡᠷᠯᠢᠭ︾ | ᠂ ᠵᠡᠭᠡᠯᠢ ᠶᠢᠨ ᠦᠵᠡᠮᠵᠢ ᠶᠢᠨ ᠨᠣᠭᠤᠭᠠᠨ ᠭᠠᠵᠠᠷ᠂ ᠲᠦᠷ ᠴᠠᠭ ᠤᠨ ᠲᠡᠷᠭᠡᠨ ᠵᠣᠭᠰᠣᠭᠠᠯ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠲᠠᠰᠤᠭ ᠢ ᠵᠦᠶ ᠵᠣᠬᠢᠰᠲᠠᠶ ᠪᠠᠶᠢᠷᠢᠰᠢᠭᠤᠯᠤᠨ ᠪᠠᠶᠢᠭᠤᠯᠵᠤ᠂ ᠡᠮᠴᠢᠯᠡᠭᠡ᠂ ᠨᠠᠰᠤᠵᠢᠯ᠂ | ᠰᠣᠶᠣᠯ᠂ ᠪᠡᠶ᠎ᠡ ᠶᠢᠨ ᠲᠠᠮᠢᠷ᠂ ᠪᠠᠷᠠᠭ᠎ᠠ ᠬᠤᠳᠠᠯᠳᠤᠨ ᠠᠪᠬᠤ ᠵᠡᠷᠭᠡ ᠣᠯᠠᠨ ᠨᠡᠶᠢᠲᠡ ᠶᠢᠨ ᠦᠶ᠋ᠯᠡᠴᠢᠯᠡᠭᠡᠨ ᠤ | ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠷᠲᠤᠷᠢᠭ ᠵᠠᠮ᠂ ᠬᠤᠲᠠ ᠲᠣᠭᠤᠷᠢᠭᠰᠠᠨ ᠵᠠᠮ ᠵᠡᠷᠭᠡ 8 ᠵᠤᠷᠪᠤᠰ | ᠵᠠᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠦᠨ᠎ᠡ᠃ 20 ᠰᠠᠭᠤᠷᠢ ᠨᠡᠶᠢᠲᠡ ᠶᠢᠨ ᠵᠣᠷᠯᠣᠩ ᠢ | ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ᠃ ᠡᠮᠦᠨᠡᠲᠦ ᠬᠡᠰᠡᠭ ᠤᠨ ᠭᠠᠵᠠᠷ ᠣᠷᠣᠨ ᠤ ᠭᠤᠣᠯ | ᠣᠷᠣᠨ ᠤ ᠲᠥᠪᠯᠡᠷᠡᠨ ᠵᠠᠯᠭᠠᠯᠳᠤᠵᠤ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠰᠠᠶᠢᠲᠤᠷ ᠠᠳᠬᠤᠵᠤ᠂ ᠰᠠᠭᠤᠷᠢ | ᠪᠡᠯᠡᠳᠬᠡᠮᠵᠢ ᠶᠢᠨ ᠢᠵᠢ ᠪᠦᠷᠢᠳᠦᠭᠦᠯᠬᠦ ᠠᠵᠢᠯ ᠢ ᠵᠡᠷᠭᠡ ᠳᠤᠨᠢ ᠥᠨᠳᠥᠷ ᠬᠢᠷᠢ ᠬᠡᠮᠵᠢᠶ᠎ᠡ ᠪᠠᠷ ᠰᠠᠶᠢᠲᠤᠷ ᠬᠢᠨ᠎ᠡ᠃ | ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠤ ᠡᠮᠬᠢ | ᠳᠢᠭᠯᠢᠮ ᠤᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠬᠤᠲᠠ ᠶᠢᠨ ︽ᠵᠢᠷᠭᠤᠭᠠᠨ | ᠳᠤᠷ᠎ᠠ ᠪᠠᠷ ᠢᠶᠠᠨ ᠪᠠᠶᠢᠬᠤ︾ ᠵᠠᠰᠠᠯᠲᠠ ᠶᠢ ᠬᠦᠴᠦᠲᠡᠶ ᠠᠬᠢᠭᠤᠯᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ | ᠲᠦᠷᠢᠮ︾ ᠢ ᠭᠦᠨᠵᠡᠭᠡᠶᠢᠷᠡᠭᠦᠯᠵᠦ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠶᠢ ᠨᠠᠷᠢᠯᠢᠭᠵᠢᠭᠤᠯᠵᠤ᠂ | ᠵᠡᠭᠡᠯᠢ ᠳᠠᠭᠠᠤ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ᠎ᠡ᠃ ᠵᠠᠮ ᠴᠡᠪᠡᠷᠯᠡᠬᠦ ᠨᠠᠷᠢᠯᠢᠭᠵᠢᠭᠤᠯᠬᠤ | ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠮᠠᠰᠢᠨ ᠢᠶᠠᠷ ᠰᠢᠷᠪᠢᠬᠦ ᠠᠵᠢᠯ ᠤᠨ ᠬᠠᠮᠤᠷᠬᠤ ᠬᠡᠪᠴᠢᠶ᠎ᠡ ᠶᠢ 80 % | ᠬᠦᠷᠲᠡᠯ᠎ᠡ ᠳᠡᠭᠡᠭᠰᠢᠯᠡᠭᠦᠯᠦᠨ᠎ᠡ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ | ᠲᠠᠯ᠎ᠠ ᠪᠠᠷ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠶᠤᠯᠭᠦᠢ ᠤᠤᠭᠤᠬᠤ | ᠤᠰᠤ᠂ ᠬᠤᠭ ᠨᠣᠪᠰᠢ ᠶᠢ ᠴᠡᠪᠡᠷᠯᠡᠬᠦ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ | ᠰᠠᠶᠢᠲᠤᠷ ᠬᠢᠵᠦ᠂ ᠵᠡᠭᠦᠨ ᠬᠡᠰᠡᠭ ᠤᠨ ᠭᠠᠵᠠᠷ ᠣᠷᠣᠨ ᠤ ᠤᠰᠤ ᠬᠠᠩᠭᠠᠬᠤ ᠤᠰᠤ ᠵᠠᠯᠠᠬᠤ ᠥᠭᠡᠷᠡᠴᠢᠯᠡᠯᠲᠡ ᠶᠢ | ᠡᠬᠢᠯᠡᠭᠦᠯᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠯᠡᠵᠦ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠶᠢ ᠲᠤᠰᠬᠠᠶᠢᠵᠢᠭᠤᠯᠬᠤ | ᠂ ᠠᠵᠤ ᠦᠢᠯᠡᠰᠵᠢᠭᠦᠯᠬᠦ ᠴᠢᠭᠯᠡᠯ ᠲᠡᠶᠢᠰᠢ ᠬᠥᠭᠵᠢᠭᠦᠯᠵᠦ᠂ ᠬᠥᠳᠡᠭᠡ ᠲᠣᠰᠬᠤᠨ ᠤ ᠢᠵᠢ ᠪᠦᠷᠢᠳᠦᠬᠦᠯᠬᠦ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠂ 1000 ᠡᠷᠦᠬᠡ ᠶᠢᠨ ᠬᠡᠷᠡᠭᠯᠡᠬᠦ ᠠᠷᠢᠭᠤᠨ ᠴᠡᠪᠡᠷ ᠵᠣᠷᠯᠣᠩ ᠢ | ᠥᠭᠡᠷᠡᠴᠢᠯᠡᠨ ᠵᠠᠰᠠᠬᠤ ᠶᠢ ᠪᠡᠶᠡᠯᠡᠭᠦᠯᠦᠨ᠎ᠡ᠃ ᠵᠠᠮ᠂ ᠴᠠᠬᠢᠯᠭᠠᠨ᠂ ᠬᠡᠢ᠂ ᠰᠦᠯᠵᠢᠶ᠎ᠡ᠂ ᠤᠰᠤ ᠬᠠᠩᠭᠠᠬᠤ ᠪᠠ | ᠭᠠᠳᠠᠭᠰᠢᠯᠠᠭᠤᠯᠬᠤ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠤ ᠰᠠᠭᠤᠷᠢ ᠪᠡᠯᠡᠳᠬᠡᠮᠵᠢ ᠶᠢᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠰᠤᠷᠭᠠᠨ ᠬᠥᠮᠦᠵᠢᠯ᠂ ᠡᠮᠴᠢᠯᠡᠭᠡ ᠵᠡᠷᠭᠡ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯᠯᠠᠵᠤ ᠠᠮᠢᠳᠤᠷᠠᠬᠤ ᠳᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠤᠶ ᠪᠣᠯᠭᠠᠨ᠎ᠠ᠃ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ | ᠪᠦᠲᠦᠮᠵᠢ ᠶᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ | ᠲᠤᠯᠭᠠᠭᠤᠷᠢᠯᠠᠯ ᠢ ᠴᠢᠩᠭᠠᠳᠬᠠᠵᠤ᠂ ᠬᠥᠳᠡᠭᠡ ᠲᠣᠰᠬᠤᠨ ᠤ ᠪᠡᠯᠡᠳᠬᠡᠯ ᠺᠠᠳ᠋ᠷ ᠪᠣᠯᠤᠨ ᠨᠤᠲᠤᠭ ᠤᠨ ᠴᠢᠳᠠᠪᠤᠷᠢᠲᠠᠨ ᠢ | ᠬᠥᠮᠦᠵᠢᠭᠦᠯᠬᠦ ︽ᠬᠤᠤᠰ ᠵᠠᠭᠤᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠲᠠᠷᠢᠶᠠᠴᠢᠳ ᠢ 1000 | ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠤᠨ᠎ᠠ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠬᠡᠪ ᠰᠤᠷᠲᠠᠯ ᠢ ᠪᠣᠶ ᠪᠣᠯᠭᠠᠬᠤ | ᠬᠡᠷᠡᠭᠲᠡᠶ᠃ | ︵ᠳᠥᠷᠪᠡ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠡᠷᠡᠰ | ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ | ᠰᠠᠶᠢᠲᠤᠷ ᠬᠢᠵᠦ᠂ ᠪᠠᠯᠠ ᠮᠥᠩᠭᠦ ᠡᠳ᠋ ᠬᠥᠷᠥᠩᠭᠡ ᠶᠢᠨ ᠲᠥᠷᠥᠯ ᠵᠦᠶ᠋ᠯ ᠤᠨ ᠬᠠᠮᠢᠶᠠᠷᠤᠯᠲᠠ ᠶᠢ ᠴᠢᠩᠭᠠᠷᠠᠭᠤᠯᠤᠨ᠂ | ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠬᠦᠬᠦ ᠦᠶ᠋ᠯᠡᠳᠬᠦᠨ ᠤ | ︽ᠲᠤᠤᠷ ᠰᠦᠯᠵᠢᠶᠡᠨ ᠳᠤ ᠭᠠᠷᠴᠤ ᠴᠠᠬᠢᠯᠭᠠᠨ ᠳᠤ ᠴᠣᠬᠢᠭᠳᠠᠬᠤ︾ ᠶᠢ ᠰᠦᠪᠡᠭᠴᠢᠯᠡᠨ ᠳᠡᠯᠭᠡᠷᠡᠭᠦᠯᠵᠦ᠂ | ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ︽ᠰᠢᠯᠵᠢᠯᠲᠡ ᠶᠢᠨ ᠬᠤᠭᠤᠴᠠᠭ᠎ᠠ︾ ᠳᠤ ᠪᠠᠯᠠ ᠮᠥᠩᠭᠦ᠂ ᠠᠵᠢᠯᠲᠠᠨ ᠵᠡᠷᠭᠡ ᠬᠠᠪᠰᠤᠷᠤᠨ | ᠲᠡᠳᠬᠦᠬᠦ ᠬᠦᠴᠦᠨ ᠤ ᠣᠷᠣᠭᠤᠯᠤᠯᠲᠠ ᠶᠢ ᠪᠠᠲᠤᠯᠠᠨ᠎ᠠ᠃ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢᠨ | ᠲᠦᠭᠰᠢᠭᠦᠷᠢ ᠶᠢ ᠲᠥᠰᠦᠭᠡᠯᠡᠬᠦ ᠪᠠ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡ ᠶᠢ | ᠲᠠᠶᠠᠭᠳᠠᠬᠤ ᠥᠬᠡᠶ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠣᠷᠣᠯᠭ᠎ᠠ ᠶᠢᠨ ᠬᠤᠪᠢᠷᠠᠯᠲᠠ ᠪᠠ ︽ | ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢ ᠪᠠᠬᠢᠵᠢᠭᠦᠯᠦᠭᠰᠡᠨ ᠪᠠᠶᠢᠳᠠᠯ ᠢ ᠦᠷᠭᠦᠯᠵᠢᠯᠡᠨ ᠮᠥᠷᠳᠡᠵᠦ᠂ | ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨ ᠬᠦ ᠪᠠᠲᠤᠯᠠᠨ᠎ᠠ᠃ | ᠳᠥᠷᠪᠡ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠲᠠᠭᠤᠳᠠᠯ ᠢ ᠬᠦᠴᠦ ᠪᠠᠨ | ᠲᠥᠪᠯᠡᠷᠡᠭᠦᠯᠦᠨ ᠰᠢᠪᠲᠤᠯᠤᠨ᠎ᠠ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠳᠣᠪᠤᠶᠢᠯᠭᠠᠨ᠂ ᠠᠵᠤ ᠠᠬᠤᠶᠢᠯᠠᠯ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠪᠡᠯᠡ | ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠳᠠᠮᠵᠢᠵᠤ᠂ ᠳᠡᠭᠡᠰᠦ ᠰᠢᠨ᠎ᠡ ᠮᠡᠷᠭᠡᠵᠢᠯ ᠤᠨ ᠠᠵᠤ ᠠᠬᠤᠶᠢᠯᠠᠯ | 2᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ 2 ᠢ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠨ᠎ᠠ᠃ ᠰᠤᠷᠭᠠᠭᠤᠯᠢ ᠪᠠ ᠠᠵᠤ ᠠᠬᠤᠶᠢᠯᠠᠯ᠂ ᠰᠤᠷᠭᠠᠭᠤᠯᠢ ᠪᠠ ᠣᠷᠣᠨ ᠨᠤᠲᠤᠭ ᠤᠨ ᠠᠭᠤᠰᠤᠯᠴᠠᠯ ᠢ | ᠴᠢᠩᠭᠠᠳᠬᠠᠵᠤ᠂ ᠳᠤᠮᠳᠠᠳᠤ ᠤᠯᠤᠰ ᠤᠨ ᠬᠥᠩᠭᠡᠨ ᠴᠠᠭᠠᠨ ᠤ ᠰᠤᠳᠤᠯᠤᠨ ᠨᠡᠭᠡᠭᠡᠬᠦ ᠪᠠᠶᠢᠭᠤᠯᠤᠮᠵᠢ᠂ ᠪᠡᠭᠡᠵᠢᠩ ᠤᠨ | ᠠᠭᠠᠷ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠠᠵᠤ ᠦᠶ᠋ᠯᠡᠳᠪᠦᠷᠢ ᠶᠢᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ | ᠰᠤᠷᠭᠠᠭᠤᠯᠢ ᠶᠢᠨ ᠪᠠᠶᠢᠭᠤᠯᠤᠮᠵᠢ ᠯᠤᠭ᠎ᠠ ᠭᠦᠨᠵᠡᠭᠡᠶ ᠵᠣᠯᠭᠠᠭᠤᠯᠵᠤ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ | ᠳᠡᠭᠡᠳᠦ ᠴᠡᠪᠡᠷ ᠬᠥᠩᠭᠡᠨ ᠴᠠᠭᠠᠨ᠂ ᠳᠡᠭᠡᠳᠦ ᠴᠡᠪᠡᠷ ᠢᠰᠦᠯᠳᠦᠭᠰᠡᠨ ᠬᠥᠩᠭᠡᠨ ᠴᠠᠭᠠᠨ᠂ ᠬᠤᠪᠣᠷ ᠰᠢᠷᠣᠶ ᠶᠢᠨ | ᠬᠠᠶᠢᠯᠤᠰᠢ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠥᠩᠭᠡᠨ ᠴᠠᠭᠠᠨ ᠤ ᠰᠢᠨ᠎ᠡ ᠮᠠᠲ᠋ᠧᠷᠢᠶᠠᠯ ᠢ ᠰᠤᠳᠤᠯᠤᠨ | ᠨᠡᠭᠡᠭᠡᠬᠦ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ | ᠠᠬᠢᠭᠤᠯᠤᠨ᠎ᠠ᠃ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠲᠦᠢᠯ ᠤᠨ ᠣᠨᠣᠪᠴᠢᠲᠠᠶ ᠪᠠᠷ ᠵᠣᠯᠭᠠᠭᠤᠯᠬᠤ | ᠲᠣᠭᠲᠠᠴᠠ ᠶᠢ ᠪᠦᠷᠢᠨᠰᠢᠬᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠩ ᠣᠯᠠᠨ ᠲᠡᠷᠢᠭᠦᠨ ᠤ | ᠴᠢᠳᠠᠪᠤᠷᠢᠲᠠᠨ᠂ ᠳᠤᠮᠳᠠ ᠳᠡᠭᠡᠳᠦ ᠲᠠᠰ ᠤᠨ ᠴᠢᠳᠠᠪᠤᠷᠢᠲᠠᠨ ᠪᠠ ᠮᠡᠷᠭᠡᠵᠢᠯ ᠴᠢᠳᠠᠪᠤᠷᠢ ᠶᠢᠨ ᠬᠡᠯᠪᠡᠷᠢ ᠶᠢᠨ | ᠬᠡᠷᠡᠭᠯᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ᠴᠢᠳᠠᠪᠤᠷᠢᠲᠠᠨ ᠤ ᠣᠷᠣᠨ ᠰᠠᠭᠤᠴᠠ᠂ ᠡᠷᠦᠬᠡ ᠠᠮᠠ ᠣᠷᠣᠭᠤᠯᠬᠤ᠂ ᠰᠤᠷᠭᠠᠨ ᠬᠥᠮᠦᠵᠢᠯ᠂ | ᠡᠮᠴᠢᠯᠡᠭᠡ ᠵᠡᠷᠭᠡ ᠲᠠᠯ᠎ᠠ ᠪᠠᠷ ᠬᠢ ᠪᠤᠭᠤᠲᠤ ᠬᠤᠲᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠴᠢᠳᠠᠪᠤᠷᠢᠲᠠᠨ ᠢ ᠣᠷᠣᠭᠤᠯᠤᠨ | ᠠᠪᠴᠢᠷᠠᠵᠤ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠳᠤ ᠲᠦᠷᠢᠮ ᠤᠨ ᠪᠠᠲᠤᠯᠠᠭ᠎ᠠ ᠬᠠᠩᠭᠠᠨ᠎ᠠ᠃ ︽ᠠᠵᠤ ᠠᠬᠤᠶᠢᠯᠠᠯ ᠪᠣᠯᠭᠠᠨ ᠬᠤᠪᠢᠷᠠᠭᠤᠯᠵᠤ᠂ ᠵᠢᠵᠢᠭ | ᠠᠵᠤ ᠠᠬᠤᠶᠢᠯᠠᠯ ᠪᠣᠯᠭᠠᠨ ᠳᠡᠭᠡᠭᠰᠢᠯᠡᠭᠦᠯᠬᠦ︾ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠵᠤ ᠬᠥᠭᠵᠢᠭᠦᠯᠬᠦ ᠳᠤ ᠲᠦᠢᠯ ᠤᠨ | ᠣᠨᠣᠪᠴᠢᠲᠠᠶ ᠦᠶ᠋ᠯᠡᠴᠢᠯᠡᠭᠡ ᠶᠢ ᠬᠠᠩᠭᠠᠵᠤ᠂ ᠪᠥᠬᠦ ᠵᠢᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠨᠡᠮᠡᠭᠳᠡᠯ ᠤᠨ ᠬᠤᠷᠳᠤᠴᠠ ᠶᠢ 5 % ᠳᠤ ᠬᠦᠷᠦᠭᠦᠯᠬᠦ ᠪᠠᠷ ᠴᠢᠷᠮᠠᠶᠢᠨ᠂ ︽ᠳᠥᠷᠪᠡᠨ ᠳᠡᠭᠡᠳᠦ︾ ᠠᠵᠤ | ᠠᠬᠤᠶᠢᠯᠠᠯ ᠢ 100 ᠠᠴᠠ ᠳᠡᠭᠡᠭᠰᠢ ᠪᠤᠶᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠡᠷᠡᠭᠯᠡᠯᠲᠡ ᠪᠠ ᠬᠠᠮᠠᠭᠠᠯᠠᠯᠲᠠ ᠶᠢ ᠴᠢᠩᠭᠠᠳᠬᠠᠨ᠎ᠠ᠃ | ︵ᠬᠤᠶᠠᠷ︶ ᠬᠤᠳᠠᠯᠳᠤᠭ᠎ᠠ ᠡᠵᠡᠩᠨᠡᠬᠦ ᠲᠡᠷᠢᠭᠦᠨ ᠵᠡᠷᠭᠡ ᠶᠢᠨ ᠣᠷᠴᠢᠨ ᠨᠥᠬᠦᠴᠡᠯ ᠢ ᠪᠣᠶ ᠪᠣᠯᠭᠠᠨ᠎ᠠ᠃ | ᠪᠤᠭᠤᠲᠤ ᠬᠤᠲᠠ ᠶᠢᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠭᠦᠳᠬᠦ 4 ᠶᠡᠭᠡ ᠲᠥᠷᠥᠯ ᠤᠨ | 26 ᠵᠦᠶ᠋ᠯ ᠤᠨ ᠠᠷᠭ᠎ᠠ ᠬᠡᠮᠵᠢᠶ᠎ᠡ ᠪᠠᠷ ᠪᠠᠷᠢᠮᠵᠢᠶᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠦᠶ᠋ᠯᠡᠴᠢᠯᠡᠭᠡᠨ ᠤ | ᠳᠤᠲᠠᠭᠤᠳᠠᠯ ᠢ ᠲᠦᠷᠭᠡᠨ ᠨᠥᠬᠦᠪᠥᠷᠢᠯᠡᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠰᠢᠨ᠎ᠡ ᠪᠠᠷ | ᠪᠠᠶᠢᠭᠤᠯᠬᠤ ᠳᠠᠭᠠᠨ ᠥᠨᠳᠥᠷ ᠪᠠᠷᠢᠮᠵᠢᠶ᠎ᠠ ᠲᠠᠢ᠂ ᠥᠨᠳᠥᠷ ᠦᠷ᠎ᠡ ᠪᠦᠲᠦᠮᠵᠢ ᠲᠠᠢ ᠪᠠᠷ ᠠᠵᠢᠯᠯᠠᠭᠤᠯᠬᠤ ᠶᠢ | ᠠᠬᠢᠭᠤᠯᠵᠤ᠂ ᠵᠠᠰᠠᠭ ᠤᠨ ᠣᠷᠳᠣᠨ ᠤ ᠲᠣᠭᠠᠴᠢᠯᠠᠬᠤ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠤᠳᠠᠭ᠎ᠠ ᠳᠤ ᠰᠠᠶᠢᠲᠤᠷ ᠡᠷᠬᠢᠯᠡᠬᠦ︾ ᠶᠢ ᠭᠦᠨᠵᠡᠭᠡᠶᠢᠷᠡᠭᠦᠯᠵᠦ᠂ | ᠬᠢᠨᠠᠨ ᠵᠥᠪᠰᠢᠶᠡᠷᠡᠬᠦ ᠶᠢ ᠬᠠᠮᠤᠭ ᠪᠠᠭ᠎ᠠ᠂ ᠦᠢᠯᠡᠴᠢᠯᠡᠭᠡ ᠶᠢ ᠬᠠᠮᠤᠭ ᠰᠠᠶᠢᠨ᠂ ᠬᠤᠷᠳᠤᠴᠠ ᠶᠢ ᠬᠠᠮᠤᠭ ᠲᠦᠷᠭᠡᠨ | ᠪᠣᠯᠭᠠᠬᠤ ᠪᠠᠷ ᠴᠢᠷᠮᠠᠶᠢᠨ᠎ᠠ᠃ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠡᠷᠢᠬᠦ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ︽ᠠᠰᠠᠷᠠᠭᠴᠢ ᠮᠠᠶ᠋ᠢᠭ︾ ᠤᠨ ᠦᠶ᠋ᠯᠡᠴᠢᠯᠡᠭᠡ ᠬᠠᠩᠭᠠᠨ᠎ᠠ᠃ | ᠲᠥᠪ ᠭᠤᠤᠯᠴᠢ ᠢᠯᠡ ᠲᠣᠳᠣ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠭᠰᠠᠨ ᠵᠥᠪᠰᠢᠶᠡᠷᠡᠯ ᠤᠨ ᠵᠦᠶ᠋ᠯᠡᠰ ᠤᠨ ᠨᠠᠷᠢᠨ ᠬᠠᠭᠤᠳᠠᠰᠤ᠂ ᠵᠠᠰᠠᠭ ᠤᠨ ᠣᠷᠳᠣᠨ ᠤ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠭᠡᠷᠡᠴᠢᠯᠡᠬᠦ ᠵᠦᠶ᠋ᠯᠡᠰ ᠤᠨ ᠨᠠᠷᠢᠨ ᠬᠠᠭᠤᠳᠠᠰᠤ ᠶᠢᠨ ᠲᠦᠷᠢᠮ ᠢ | ᠨᠠᠶᠢᠳᠠᠪᠤᠷᠢᠵᠢᠭᠤᠯᠤᠨ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ | ᠂ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠤᠨ ᠢᠲᠡᠭᠡᠮᠵᠢ᠂ ᠬᠤᠪᠢ | ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ︽ᠤᠯᠠᠭᠠᠨ ᠪᠠ | ᠬᠠᠷ᠎ᠠ ᠲᠠᠩᠰᠠ︾ ᠶᠢᠨ ᠲᠦᠷᠢᠮ ᠢ ᠬᠡᠷᠡᠭᠵᠢᠭᠦᠯᠦᠨ᠂ ᠢᠲᠡᠭᠡᠮᠵᠢ ᠠᠯᠳᠠᠭᠰᠠᠨ ᠠᠵᠢᠯᠯᠠᠭ᠎ᠠ ᠶᠢ ᠮᠠᠭᠠᠳᠯᠠᠨ | ᠲᠣᠭᠲᠠᠭᠠᠬᠤ᠂ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢ ᠰᠡᠷᠭᠦᠭᠡᠬᠦ ᠵᠡᠷᠭᠡ | ᠲᠣᠭᠲᠠᠴᠠ ᠶᠢ ᠪᠦᠷᠢᠨᠰᠢᠭᠦᠯᠦᠨ᠎ᠡ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠴᠢᠩᠭᠠᠳᠬᠠᠨ᠂ | ᠤᠯᠤᠰ ᠠᠴᠠ ᠥᠮᠴᠢᠯᠡᠯᠲᠡ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ | ᠲᠥᠰᠦᠯ ᠢ ᠨᠠᠢᠳᠠᠪᠤᠷᠢᠵᠢᠭᠤᠯᠬᠤ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠦᠷᠭᠡᠳᠬᠡᠨ | ᠲᠡᠭᠦᠯᠳᠡᠷᠵᠢᠭᠦᠯᠵᠦ᠂ ᠪᠸᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠺᠣᠮᠫᠠᠨᠢ ᠶᠢᠨ | AA ᠢᠲᠡᠭᠡᠮᠵᠢ ᠶᠢᠨ ᠭᠤᠤᠯ ᠴᠣᠭᠴᠠ ᠶᠢᠨ ᠳᠡᠰ ᠲᠣᠭᠲᠠᠭᠠᠬᠤ ᠪᠠᠷ ᠳᠠᠮᠵᠢᠨ᠂ ᠤᠯᠤᠰ ᠠᠴᠠ ᠥᠮᠴᠢᠯᠡᠯᠲᠡ ᠠᠵᠤ | ᠠᠬᠤᠶᠢᠯᠠᠯ ᠤᠨ ᠪᠠᠯᠠ ᠲᠣᠬᠢᠷᠠᠭᠤᠯᠬᠤ ᠴᠢᠳᠠᠪᠤᠷᠢ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠴᠢᠩᠭᠠᠷᠠᠭᠤᠯᠬᠤ ᠶᠢ ᠳᠠᠮᠵᠢᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠳᠠᠲᠤ ᠴᠣᠭᠴᠠᠵᠢᠨ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠬᠢᠭᠡᠳ | ᠤᠯᠤᠰ ᠤᠨ ᠥᠮᠴᠢᠯᠡᠯᠲᠦ ᠬᠥᠷᠥᠩᠭᠡ᠂ ᠨᠡᠶᠢᠭᠡᠮ ᠤᠨ ᠬᠥᠷᠥᠩᠭᠡ ᠶᠢᠨ ᠭᠦᠨᠵᠡᠭᠡᠶ ᠬᠤᠷᠰᠢᠯᠴᠠᠬᠤ ᠶᠢ ᠢᠳᠡᠪᠬᠢᠲᠡᠶ | ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ | | ︵ᠭᠤᠷᠪᠠ︶ ᠮᠥᠩᠭᠦᠨ ᠭᠦᠢᠯᠭᠡᠭᠡᠨ ᠤ ᠣᠳᠣᠬᠢᠴᠢᠯᠠᠭᠰᠠᠨ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠦᠨ᠎ᠡ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠡᠵᠡᠮᠳᠡᠨ᠂ ᠤᠯᠤᠰ ᠤᠨ | ᠲᠥᠷᠥ ᠶᠢᠨ ᠪᠣᠳᠣᠯᠭ᠎ᠠ ᠶᠢᠨ ᠣᠷᠣᠭᠤᠯᠤᠯᠲᠠ ᠶᠢᠨ ᠬᠠᠨᠳᠤᠰᠢ ᠳᠤ ᠨᠡᠶᠢᠴᠡᠭᠰᠡᠨ ᠴᠢᠨᠠᠷ ᠰᠠᠶᠢᠲᠠᠶ ᠨᠢᠭᠡ ᠪᠦᠯᠦᠭ | ᠲᠥᠷᠥᠯ ᠵᠦᠶ᠋ᠯ ᠢ ᠤᠬᠠᠭᠠᠯᠠᠨ ᠲᠥᠰᠦᠪᠯᠡᠵᠦ ᠨᠥᠭᠡᠴᠡᠯᠡᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠵᠦᠶ᠋ᠯ ᠤᠨ ᠵᠢᠭᠡᠯᠡᠯᠭᠡ ᠶᠢᠨ ᠲᠡᠮᠳᠡᠭᠲᠦ᠂ ᠲᠥᠰᠦᠪ ᠤᠨ ᠳᠣᠲᠣᠷᠠᠬᠢ ᠪᠠᠯᠠ ᠮᠥᠩᠭᠦ᠂ ᠲᠤᠰᠬᠠᠶ ᠵᠦᠶ᠋ᠯ ᠤᠨ | ᠨᠥᠬᠦᠪᠥᠷᠢ ᠵᠡᠷᠭᠡ ᠳᠡᠭᠡᠳᠦ ᠱᠠᠲᠤᠨ ᠤ ᠡᠯ᠎ᠡ ᠲᠥᠷᠥᠯ ᠤᠨ ᠪᠠᠯᠠ ᠮᠥᠩᠭᠦ ᠶᠢᠨ ᠳᠡᠮᠵᠢᠯᠭᠡ ᠶᠢ ᠪᠥᠬᠦ | ᠬᠦᠴᠦᠨ ᠢᠶᠠᠷ ᠢᠶᠠᠨ ᠣᠯᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠠᠵᠤ ᠦᠶ᠋ᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠨ᠎ᠠ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ | ᠳᠡᠮᠵᠢᠨ᠎ᠡ᠃ ᠵᠠᠰᠠᠭ ᠪᠠᠩᠬᠢ ᠠᠵᠤ ᠠᠬᠤᠶᠢᠯᠠᠯ ᠢ ᠪᠠᠶᠢᠩᠭᠤᠵᠢᠭᠤᠯᠤᠨ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠵᠦ | ᠂ ︽ᠳᠠᠭᠠᠳᠬᠠᠯ ᠤᠨ ᠮᠥᠩᠭᠦ ᠶᠢ ᠲᠤᠰᠠᠯᠠᠬᠤ ᠵᠢᠭᠡᠯᠡᠯᠭᠡ︾ ᠶᠢᠨ ᠮᠥᠩᠭᠦᠨ ᠭᠦᠶ᠋ᠯᠭᠡᠭᠡᠨ ᠤ ᠳᠡᠮᠵᠢᠯᠭᠡ ᠶᠢᠨ | ᠦᠶ᠋ᠯᠡᠳᠦᠯ ᠢ ᠰᠠᠶᠢᠲᠤᠷ ᠪᠠᠳᠠᠷᠠᠭᠤᠯᠤᠨ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ ᠬᠥᠲᠥᠯᠥᠨ | ᠵᠢᠯᠣᠭᠤᠳᠬᠤ ᠪᠠ ᠵᠣᠬᠢᠴᠠᠭᠤᠯᠵᠤ ᠪᠠᠶᠢᠭᠠᠳ ᠠᠵᠤ ᠠᠬᠤᠶᠢᠯᠠ ᠳᠤ ᠳᠡᠭᠡᠰᠦ ᠬᠡᠮᠵᠢᠶᠡᠨ ᠤ ᠲᠣᠬᠢᠷᠠᠭᠤᠯᠬᠤ ᠴᠢᠨᠠᠷᠲᠠᠶ | ᠮᠥᠩᠭᠦᠨ ᠭᠦᠶ᠋ᠯᠭᠡᠭᠡᠨ ᠤ ᠨᠡᠷᠡᠳᠬᠦᠨ ᠪᠠ ᠦᠶ᠋ᠯᠡᠴᠢᠯᠡᠭᠡ ᠬᠠᠩᠭᠠᠵᠤ᠂ ᠳ᠋ᠦᠩ ᠾᠧ ᠲᠣᠭᠤᠷᠢᠭ ᠤᠨ ᠢᠲᠡᠭᠡᠮᠵᠢᠲᠦ | ᠮᠥᠩᠭᠦᠨ ᠭᠦᠶ᠋ᠯᠭᠡᠭᠡᠨ ᠤ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ | ᠠᠵᠢᠯᠯᠠᠭᠤᠯᠬᠤ ᠶᠢ ᠪᠡᠶᠡᠯᠡᠭᠦᠯᠦᠨ᠎ᠡ᠃ ᠪᠦᠲᠦᠮᠵᠢᠲᠡᠶ ᠰᠡᠷᠭᠡᠶᠢᠯᠡᠯᠲᠡ᠃ | ᠲᠠᠪᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠨᠢᠭᠡ︶ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠣᠷᠴᠢᠨ ᠲᠣᠭᠤᠷᠢᠨ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠣᠨ ᠤ ᠡᠭᠦᠷᠭᠡ ᠶᠢ ᠪᠡᠶᠡᠯᠡᠭᠦᠯᠦᠨ᠎ᠡ᠃ ᠬᠦᠬᠡ ᠣᠭᠲᠠᠷᠭᠤᠢ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠡᠬᠢ ᠡᠭᠦᠰᠦᠯ ᠠᠴᠠ ᠨᠢ ᠡᠷᠢᠬᠦ ᠬᠠᠮᠢᠶᠠᠷᠤᠯᠲᠠ ᠶᠢ ᠴᠢᠩᠭᠠᠳᠬᠠᠵᠤ᠂ | ᠲᠣᠭᠤᠰᠣ ᠳᠡᠭᠳᠡᠬᠦ᠂ ᠲᠡᠷᠭᠡ ᠬᠥᠰᠬᠡ ᠶᠢ ᠵᠠᠰᠠᠬᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ | ᠭᠦᠨᠵᠡᠭᠡᠶᠢᠷᠡᠭᠦᠯᠵᠦ᠂ ᠪᠤᠭᠤᠲᠤ ᠶᠢᠨ ᠬᠦᠩᠭᠡᠨ ᠴᠠᠭᠠᠨ᠂ ᠬᠤᠸᠠ ᠶᠦᠨ ᠵᠡᠷᠭᠡ ᠡᠨᠧᠷᠭᠢ ᠶᠢᠨ ᠬᠤᠷᠣᠭᠳᠠᠯ ᠶᠡᠬᠡᠲᠡᠢ | ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠᠨ ᠲᠦᠷᠭᠡᠳᠬᠡᠬᠦ ᠶᠢ ᠠᠬᠢᠭᠤᠯᠵᠤ᠂ ᠰᠢᠲᠠᠭᠠᠯᠭ᠎ᠠ ᠶᠢ | ᠴᠠᠭᠠᠵᠠᠯᠠᠬᠤ ᠣᠷᠣᠨ ᠤ ᠲᠠᠷᠠᠬᠠᠢ ᠨᠡᠭᠦᠷᠡᠰᠦᠨ ᠤ ᠰᠢᠲᠠᠭᠠᠯᠭ᠎ᠠ ᠶᠢᠨ ᠵᠠᠰᠠᠯᠲᠠ ᠶᠢᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠪᠦᠬᠦ ᠵᠢᠯ ᠤᠨ ᠠᠭᠠᠷ ᠤᠨ ᠴᠢᠨᠠᠷ ᠰᠠᠶᠢᠲᠠᠢ ᠡᠳᠦᠷ ᠤᠨ ᠲᠤᠭ᠎ᠠ ᠶᠢ 80 % ᠠᠴᠠ | ᠳᠡᠭᠡᠭᠰᠢ ᠳᠤ ᠬᠦᠷᠭᠡᠨ᠎ᠡ᠃ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷ ᠤᠰᠤ ᠶᠢ | ᠴᠡᠪᠡᠷᠰᠢᠭᠦᠯᠬᠦ ᠦᠶ᠋ᠯᠡᠳᠪᠦᠷᠢ ᠶᠢᠨ ᠳᠣᠲᠣᠷᠠᠬᠢ ᠤᠰᠤ ᠶᠢ ︽ᠭᠠᠳᠠᠭᠰᠢᠯᠠᠭᠤᠯᠬᠤ ᠥᠬᠡᠶ︾ ᠶᠢ ᠠᠬᠢᠭᠤᠯᠵᠤ᠂ | ᠤᠰᠤ ᠲᠠᠢ ᠬᠤᠯᠪᠣᠭᠳᠠᠭᠰᠠᠨ ᠠᠵᠤ ᠠᠬᠤᠶᠢᠯᠠᠯ᠂ ᠪᠣᠬᠢᠷ ᠤᠰᠤ ᠶᠢ ᠰᠢᠶ᠋ᠳᠪᠦᠷᠢᠯᠡᠬᠦ ᠦᠶ᠋ᠯᠡᠳᠪᠦᠷᠢ᠂ ᠨᠢᠭᠡᠳᠦᠭᠡᠷ | ᠬᠤᠶᠠᠳᠤᠭᠠᠷ ᠳᠡᠰ ᠤᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠲᠥᠪᠯᠡᠷᠡᠩᠭᠦᠶ | ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠳᠳᠤᠭ ᠤᠨ ᠣᠷᠴᠢᠨ ᠲᠣᠭᠤᠷᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠪᠣᠷᠣᠭᠠᠨ ᠤ ᠤᠰᠤ ᠪᠣᠬᠢᠷ ᠤᠰᠤ ᠶᠢ ᠰᠠᠯᠭᠠᠬᠤ | ᠰᠢᠰᠲ᠋ᠧᠮ ᠤᠨ ᠪᠥᠲᠥᠭᠡᠨ ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ᠂ ᠳᠤᠮᠳᠠᠬᠢ ᠤᠰᠤ ᠶᠢ ᠠᠰᠢᠭᠯᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠬᠢᠷ ᠦᠮᠡᠬᠡᠶ ᠤᠰᠤ ᠶᠢ ᠵᠠᠰᠠᠭᠰᠠᠨ ᠦᠷ᠎ᠡ ᠪᠦᠲᠦᠮᠵᠢ ᠶᠢ | ᠪᠠᠬᠢᠵᠢᠭᠦᠯᠦᠨ᠎ᠡ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠯ᠎ᠡ ᠲᠦᠷᠦᠯ ᠤᠨ | ᠬᠥᠷᠥᠰᠥ ᠰᠢᠷᠣᠢ ᠶᠢᠨ ᠪᠣᠬᠢᠷᠲᠤᠯ ᠤᠨ ᠡᠬᠢ ᠶᠢ ᠴᠢᠩᠭ᠎ᠠ ᠬᠢᠨᠠᠨ ᠬᠠᠮᠢᠶᠠᠷᠴᠤ᠂ ᠬᠦᠨᠳᠦ ᠲᠡᠮᠦᠷᠯᠢᠭ ᠤᠨ ᠪᠣᠬᠢᠷᠲᠤᠯ ᠢ | ᠬᠠᠮᠢᠶᠠᠷᠤᠨ ᠡᠵᠡᠮᠳᠡᠬᠦ ᠪᠠ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠨ᠎ᠠ᠃ | ︵ᠬᠤᠶᠠᠷ︶ ᠴᠢᠨᠠᠷ ᠰᠠᠶᠢᠲᠠᠶ ᠠᠮᠢ ᠠᠬᠤᠶ ᠶᠢᠨ ᠣᠷᠣᠨ ᠵᠠᠶ ᠶᠢ ᠪᠣᠶ ᠪᠣᠯᠭᠠᠨ᠎ᠠ᠃ ᠬᠠᠮᠠᠭᠠᠯᠠᠬᠤ ᠶᠢ | ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠳᠤᠨ ᠭᠤᠣᠯ ᠤᠨ | ᠬᠤᠶᠢᠲᠤ ᠡᠷᠭᠢ ᠳᠠᠭᠠᠤ᠂ ᠲᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠳᠠᠭᠠᠤ ᠶᠢᠨ ︽ᠬᠤᠶᠠᠷ ᠠᠮᠢ ᠠᠬᠤᠢ ᠶᠢᠨ | ᠬᠤᠩᠬᠢᠯ︾ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠤᠭᠤ ᠭᠠᠵᠠᠷ ᠢ | ᠬᠠᠮᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠬᠢᠨᠠᠨ ᠬᠡᠮᠵᠢᠬᠦ ᠪᠠ ᠬᠠᠳᠤᠨ ᠭᠤᠣᠯ ᠤᠨ ᠡᠷᠭᠢ | ᠳᠠᠭᠠᠤ ᠶᠢᠨ ᠬᠠᠮᠠᠭᠠᠯᠠᠯᠲᠠ ᠵᠡᠷᠭᠡ ᠠᠵᠢᠯ ᠢ ᠰᠠᠶᠢᠲᠤᠷ ᠬᠢᠵᠦ᠂ ᠪᠤᠭᠤᠲᠤ ᠶᠢᠨ ᠬᠠᠳᠤᠨ ᠭᠤᠣᠯ ᠤᠨ ᠤᠯᠤᠰ ᠤᠨ | ᠨᠤᠭᠤ ᠭᠠᠵᠠᠷ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ︔ | ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠤᠢ ᠶᠢ ᠬᠠᠮᠠᠭᠠᠯᠠᠬᠤ ᠪᠠ ᠠᠭᠤᠷᠬᠠᠢ ᠶᠢᠨ | ᠣᠷᠴᠢᠨ ᠠᠬᠤᠢ ᠶᠢ ᠰᠡᠷᠭᠦᠭᠡᠨ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ | ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ | ᠪᠣᠬᠢᠷᠲᠤᠯ ᠤᠨ ᠡᠬᠢ ᠳᠤ ᠪᠥᠬᠦ ᠶᠠᠪᠤᠴᠠ ᠶᠢᠨ ᠬᠠᠮᠢᠶᠠᠷᠤᠯᠲᠠ ᠪᠠ ᠣᠯᠠᠨ ᠪᠣᠬᠢᠷᠲᠤᠯᠳᠤ ᠪᠣᠳᠠᠰ ᠢ ᠬᠠᠮᠵᠢᠯᠴᠠᠨ | ᠡᠵᠡᠮᠳᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠦᠨᠡᠮᠯᠡᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠳᠬᠡᠯ ᠲᠣᠷᠭᠠᠭᠤᠯᠢ ᠶᠢ | ᠴᠢᠩᠭᠠᠷᠠᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠰᠠᠮᠠᠭᠤᠨ︾ ᠢ | ᠪᠠᠶᠢᠩᠭᠤᠵᠢᠭᠤᠯᠬᠤ ᠶᠢ ᠪᠠᠲᠤᠯᠠᠵᠤ᠂ ᠡᠮᠦᠨᠡᠲᠦ ᠲᠠᠩᠭᠢᠰ ᠤᠨ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ ᠪᠠ | ᠤᠰᠤᠨ ᠴᠣᠭᠴᠠ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠪᠦᠬᠦ ᠣᠷᠣᠨ ᠤ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ ᠶᠢ ᠠᠬᠢᠭᠤᠯᠤᠨ᠎ᠠ | ᠃ | ︵ᠭᠤᠷᠪᠠ︶ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ | ᠠᠬᠢᠭᠤᠯᠤᠨ᠎ᠠ᠃ ᠨᠡᠭᠦᠷᠡᠰᠦᠲᠥ᠋ᠷᠥᠭᠴᠢ ᠣᠷᠭᠢᠯ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠢᠴᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠨ᠎ᠠ᠃ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ | ᠬᠤᠣᠰ ᠡᠵᠡᠮᠳᠡᠯ︾ ᠢ ᠴᠢᠩᠭᠠᠳᠬᠠᠵᠤ᠂ ᠳᠣᠣᠷ᠎ᠠ ᠳᠡᠰ ᠤᠨ ᠳᠣᠣᠷ᠎ᠠ ᠪᠦᠲᠦᠮᠵᠢᠲᠦ ᠦᠢᠯᠡᠳᠪᠦᠷᠢᠯᠡᠬᠦ | ᠴᠢᠳᠠᠪᠤᠷᠢ ᠶᠢᠨ ᠡᠮᠬᠢ ᠵᠢᠷᠤᠮ ᠲᠠᠢ ᠪᠠᠷ ᠤᠬᠤᠷᠢᠨ ᠭᠠᠷᠬᠤ ᠶᠢ ᠬᠦᠲᠦᠯᠦᠨ ᠵᠢᠯᠣᠭᠤᠳᠤᠨ᠎ᠠ᠃ ᠪᠣᠬᠢᠷᠲᠤᠯ ᠦᠭᠡᠢ | ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠡᠷᠡᠲᠦ ᠡᠨᠧᠷᠭᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠠᠵᠤ | ᠠᠬᠤᠶᠢᠯᠠᠯ ᠤᠨ ᠪᠣᠬᠢᠷᠲᠤᠯ ᠦᠭᠡᠢ ᠦᠢᠯᠡᠳᠬᠦᠨ ᠢ ᠨᠡᠭᠡᠭᠡᠨ ᠬᠥᠭᠵᠢᠭᠦᠯᠬᠦ᠂ ᠪᠣᠬᠢᠷᠲᠤᠯ ᠦᠭᠡᠢ ᠦᠢᠯᠡᠳᠪᠦᠷᠢ ᠶᠢ | ᠡᠭᠦᠳᠦᠨ ᠪᠠᠶᠢᠭᠤᠯᠬᠤ ᠶᠢ ᠳᠠᠮᠵᠢᠨ᠎ᠠ᠃ ᠤᠯᠤᠰ ᠠᠴᠠ ︽ᠬᠤᠲᠠ ᠶᠢᠨ ᠠᠭᠤᠷᠬᠠᠢ ᠶᠢᠨ ᠭᠠᠷᠤᠯᠲᠠ︾ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠲᠥᠷᠥᠯ ᠵᠦᠢᠯ ᠢ ᠶᠡᠬᠡᠪᠡᠷ | ᠬᠥᠭᠵᠢᠭᠦᠯᠬᠦ ᠪᠠ ᠣᠷᠣᠭᠤᠯᠤᠨ ᠠᠪᠴᠢᠷᠠᠵᠤ᠂ ᠶᠦᠩ ᠳ᠋ᠦ᠋ ᠴᠠᠭᠠᠰᠤᠨ ᠦᠢᠯᠡᠰ ᠤᠨ 15 ᠲᠦᠮᠡᠨ ᠲᠣᠨ ᠤ | ᠬᠠᠶᠠᠭᠳᠠᠮᠠᠯ ᠴᠠᠭᠠᠰᠤ ᠬᠤᠷᠢᠶᠠᠨ ᠠᠪᠬᠤ ᠵᠢᠴᠢ ᠣᠷᠴᠢᠨ ᠲᠣᠭᠤᠷᠢᠨ ᠤ ᠬᠠᠮᠠᠭᠠᠯᠠᠯᠲᠠ᠂ ᠠᠨᠾᠦ᠋ᠢ ᠶᠢᠨ ᠶᠠᠩ ᠯᠦ᠂ | ᠵᠢᠶᠠᠨ ᠴᠤᠤ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠠᠬᠢᠨ ᠠᠰᠢᠭᠯᠠᠬᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ ᠤᠨ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠠᠬᠢᠭᠤᠯᠵᠤ᠂ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ᠂ | ᠵᠤᠤᠬᠠᠨ ᠤ ᠰᠢᠭᠠᠷᠤ ᠵᠡᠷᠭᠡ ᠠᠵᠤ ᠦᠶ᠋ᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠪᠠᠷᠢᠯᠭ᠎ᠠ ᠶᠢᠨ | ᠬᠤᠭ ᠨᠣᠪᠰᠢ᠂ ᠪᠣᠬᠢᠷ ᠰᠢᠪᠠᠷ ᠵᠡᠷᠭᠡ ᠬᠤᠲᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠ᠂ ᠰᠢᠨ᠎ᠡ | ᠬᠡᠯᠪᠡᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠵᠦ᠂ ︽ | ᠬᠠᠶᠠᠭᠳᠠᠮᠠᠯ ᠪᠣᠳᠠᠰ ᠦᠭᠡᠢ ᠬᠤᠲᠠ︾ ᠶᠢ᠃ | ᠵᠢᠷᠭᠤᠭ᠎ᠠ᠂ ᠨᠡᠶᠢᠭᠡᠮ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ︵ᠨᠢᠭᠡ︶ ᠠᠵᠢᠯ ᠣᠯᠭᠤᠯᠲᠠ ᠶᠢ ᠪᠦᠬᠦ ᠬᠦᠴᠦᠨ ᠢᠶᠠᠷ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ | ᠪᠠᠲᠤᠯᠠᠨ᠎ᠠ᠃ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠤᠳᠤᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ ᠡᠷᠡᠰ | ᠰᠠᠬᠢᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ᠂ ᠬᠥᠯᠥᠰᠥᠨ ᠲᠠᠷᠢᠶᠠᠴᠢᠨ᠂ ᠴᠡᠷᠢᠭ ᠠᠴᠠ | ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ᠂ ᠪᠠᠴᠢᠮ ᠪᠠᠶᠢᠳᠠᠯ ᠢ | ᠠᠷᠭᠠᠴᠠᠭᠠᠬᠤ ᠴᠢᠨᠠᠷᠲᠠᠢ ᠠᠵᠢᠯ ᠤᠨ ᠪᠠᠶᠢᠷᠢ ᠶᠢ ᠲᠥᠪᠬᠢᠨᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠠᠵᠢᠯ ᠲᠠᠢ ᠬᠥᠮᠦᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠪᠦᠬᠦᠨ ᠢ ᠦᠭᠡᠶᠢᠰᠬᠡᠬᠦ ᠶᠢ | ᠦᠨᠡᠨ ᠬᠦ ᠪᠠᠲᠤᠯᠠᠵᠤ᠂ ᠪᠦᠬᠦ ᠵᠢᠯ ᠳᠤ ᠬᠤᠲᠠ ᠪᠠᠯᠭᠠᠰᠤᠨ ᠤ ᠰᠢᠨ᠎ᠡ ᠪᠠᠷ 1 ᠲᠦᠮᠡᠨ ᠬᠥᠮᠦᠨ ᠳᠤ ᠠᠵᠢᠯ | ᠣᠯᠭᠤᠬᠤ ᠪᠠᠷ ᠴᠢᠷᠮᠠᠶᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3 . | 9 % ᠶᠢᠨ ᠳᠣᠲᠣᠷ᠎ᠠ ᠬᠢᠵᠠᠭᠠᠷᠯᠠᠨ᠎ᠠ᠃ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ | ᠪᠠᠷᠢᠮᠲᠠᠯᠠᠵᠤ᠂ ᠬᠤᠲᠠ ᠶᠢᠨ ᠳᠡᠰ ᠠᠴᠠ ᠳᠡᠭᠡᠭᠰᠢᠬᠢ ᠦᠢᠯᠡᠰ ᠪᠣᠰᠬᠠᠬᠤ ᠬᠦᠷᠢᠶᠡᠯᠡᠩ 3 ᠶᠢ ᠰᠢᠨ᠎ᠡ ᠪᠠᠷ | ᠪᠠᠶᠢᠭᠤᠯᠤᠨ᠎ᠠ᠃ ︽ᠣᠶᠤᠨᠴᠢ ᠠᠵᠢᠯ ᠣᠯᠭᠤᠯᠲᠠ ᠶᠢᠨ ᠡᠭᠦᠯᠡᠨ ᠲᠠᠪᠴᠠᠩ︾ ᠤᠨ ᠪᠠᠶᠢᠭᠤᠯᠤᠯᠲᠠ ᠶᠢ | ᠲᠦᠷᠭᠡᠳᠬᠡᠵᠦ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠶᠢᠴᠢᠯᠠᠬᠤ︾ ᠠᠵᠢᠯ ᠣᠯᠭᠤᠯᠲᠠ ᠶᠢᠨ | ᠰᠢᠭᠤᠳ ᠨᠡᠪᠲᠡᠷᠡᠬᠦ ᠲᠡᠷᠭᠡ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠯᠲᠠ ᠶᠢᠨ ᠬᠡᠷᠡᠭᠴᠡᠭᠡ | ᠱᠠᠭᠠᠷᠳᠠᠯᠭ᠎ᠠ ᠪᠠ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠲᠦᠢᠯ ᠤᠨ ᠣᠨᠣᠪᠴᠢᠲᠠᠶ ᠪᠠᠷ ᠵᠣᠬᠢᠴᠠᠭᠤᠯᠬᠤ ᠶᠢ | ᠪᠡᠶᠡᠯᠡᠭᠦᠯᠦᠨ᠎ᠡ᠃ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ | ᠱᠠᠪᠢ ᠶᠢᠨ ᠳᠦᠷᠢᠮᠲᠦ ᠠᠵᠤ ᠠᠬᠤᠶᠢᠯᠠᠯ ᠤᠨ ᠠᠵᠢᠯᠴᠢᠨ ᠬᠡᠷᠡᠭᠯᠡᠵᠦ ᠬᠥᠮᠦᠵᠢᠭᠦᠯᠬᠦ ᠲᠣᠭᠲᠠᠴᠠ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠠᠵᠢᠯᠴᠢᠨ ᠡᠯᠰᠡᠬᠦ ᠪᠦᠲᠦᠴᠡ ᠶᠢᠨ ᠴᠢᠨᠠᠷᠲᠠᠢ ᠵᠥᠷᠢᠴᠡᠯ ᠢ | ᠪᠦᠲᠦᠮᠵᠢᠲᠡᠢ ᠰᠢᠢᠳᠪᠦᠷᠢᠯᠡᠨ᠎ᠡ᠃ ᠪᠤᠭᠤᠲᠤ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠬᠥᠷᠥᠩᠭᠡ ᠶᠢᠨ ᠠᠵᠤ | ᠦᠢᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠳᠡᠰ ᠳᠡᠪᠰᠢᠬᠦ ᠶᠢ ᠲᠦᠷᠭᠡᠳᠬᠡᠵᠦ᠂ ᠠᠵᠢᠯ ᠣᠯᠭᠤᠬᠤ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠬᠥᠳᠡᠯᠮᠦᠷᠢᠯᠡᠭᠴᠢᠳ ᠤᠨ ᠠᠵᠢᠯ ᠣᠯᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠥᠳᠡᠯᠮᠦᠷᠢᠴᠢᠳ ᠤᠨ | ᠲᠠᠪᠴᠠᠩ ᠤᠨ ᠠᠵᠢᠯ ᠣᠯᠭᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠰᠥᠨᠢ ᠶᠢᠨ ᠠᠵᠤ ᠠᠬᠤᠢ︾᠂ | ︽ᠵᠡᠭᠡᠯᠢ ᠶᠢᠨ ᠠᠵᠤ ᠠᠬᠤᠢ︾᠂ ︽ᠰᠦᠯᠵᠢᠶᠡᠨ ᠤ ᠤᠯᠠᠭᠠᠨ ᠠᠵᠤ ᠠᠬᠤᠢ︾ ᠵᠡᠷᠭᠡ ᠤᠯᠠᠨ ᠠᠷᠭ᠎ᠠ ᠵᠠᠮ ᠢᠶᠠᠷ | ᠠᠵᠢᠯ ᠣᠯᠭᠤᠬᠤ ᠬᠡᠯᠪᠡᠷᠢ ᠶᠢ ᠳᠡᠮᠵᠢᠵᠦ᠂ ᠠᠵᠢᠯ ᠣᠯᠭᠤᠬᠤ ᠦᠢᠯᠡᠰ ᠪᠤᠰᠬᠠᠬᠤ ᠰᠢᠨ᠎ᠡ ᠨᠡᠮᠡᠭᠳᠡᠯ ᠤᠨ ᠴᠡᠭ ᠢ | ᠢᠳᠡᠪᠬᠢᠲᠡᠢ ᠪᠤᠢ ᠪᠣᠯᠭᠠᠨ᠎ᠠ᠃ | ︵ᠬᠤᠶᠠᠷ︶ ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ᠠᠵᠢᠯ ᠮᠡᠷᠭᠡᠵᠢᠯ ᠤᠨ ᠤᠨ | ᠮᠥᠩᠭᠦ ᠶᠢᠨ ᠳᠦᠷᠢᠮ ᠢ ᠨᠠᠢᠳᠠᠪᠤᠷᠢᠵᠢᠭᠤᠯᠬᠤ᠂ ᠨᠡᠶᠢᠭᠡᠮ ᠤᠨ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠢᠭ᠎ᠠ ᠬᠥᠮᠦᠰ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ | ᠬᠤᠶᠠᠷ ᠢ ᠬᠦᠷᠢᠶᠡᠯᠡᠬᠦ︾ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠴᠡᠷᠢᠭ ᠤᠨ ᠠᠯᠪᠠᠨ ᠠᠴᠠ ᠪᠠᠭᠤᠭᠰᠠᠳ᠂ ᠠᠰᠠᠷᠠᠨ | ᠬᠠᠷᠠᠭᠠᠯᠵᠠᠬᠤ ᠡᠲᠡᠭᠡᠳ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠤᠨ | ᠠᠯᠪᠠᠨ ᠠᠴᠠ ᠪᠠᠭᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠭᠠᠵᠠᠷ ᠬᠠᠭᠠᠰ ᠲᠥᠪᠬᠢᠨᠡᠭᠦᠯᠬᠦ | ᠣᠷᠣᠨ ᠰᠠᠭᠤᠴᠠ ᠵᠢᠴᠢ ᠢᠵᠢ ᠪᠦᠷᠢᠳᠦᠬᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ | ᠵᠦᠢᠯᠡᠰ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠣᠷᠣᠯᠭ᠎ᠠ ᠪᠠᠭᠠᠲᠠᠢ ᠭᠡᠷ | ᠪᠦᠯᠢ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠨᠢᠭᠦᠯᠡᠰᠦᠩᠭᠦᠢ ᠦᠢᠯᠡᠰ᠂ ᠨᠡᠶᠢᠭᠡᠮ ᠤᠨ ᠠᠰᠠᠷᠠᠮᠵᠢ᠂ ᠵᠡᠮᠳᠡᠭᠴᠦᠳ ᠵᠡᠷᠭᠡ ᠦᠢᠯᠡᠰ ᠢ ᠶᠡᠬᠡᠪᠡᠷ ᠬᠥᠭᠵᠢᠭᠦᠯᠦᠨ᠎ᠡ᠃ | ︵ᠭᠤᠷᠪᠠ︶ ᠴᠢᠨᠠᠷ ᠰᠠᠶᠢᠲᠠᠶ ᠣᠯᠠᠨ ᠨᠡᠶᠢᠲᠡ ᠶᠢᠨ ᠦᠶ᠋ᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ | ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ︽ᠬᠡᠦᠬᠡᠳ ᠤᠨ ᠴᠡᠴᠡᠷᠯᠢᠭ ᠲᠤ | ᠨᠡᠶᠢᠳᠡᠮ ᠠᠰᠢᠭ ᠬᠦᠷᠲᠡᠭᠡᠬᠦ᠂ ᠪᠠᠭ᠎ᠠ ᠰᠤᠷᠭᠠᠭᠤᠯᠢ ᠶᠢ ᠥᠷᠭᠡᠳᠬᠡᠨ ᠰᠢᠯᠢᠳᠡᠭᠵᠢᠭᠦᠯᠬᠦ᠂ ᠳᠤᠮᠳᠠᠳᠤ ᠰᠤᠷᠭᠠᠭᠤᠯᠢ ᠶᠢ | ᠲᠠᠰ ᠳᠡᠪᠰᠢᠭᠦᠯᠬᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠰᠤ ᠴᠢᠨᠠᠷ ᠢ ᠳᠡᠭᠡᠭᠰᠢᠯᠡᠭᠦᠯᠬᠦ︾ | ᠠᠵᠢᠯᠯᠠᠭᠠᠨ ᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠨᠠᠷ ᠢ | ᠪᠣᠯᠪᠠᠰᠤᠷᠠᠭᠤᠯᠬᠤ ᠪᠠ ᠰᠣᠯᠢᠯᠴᠠᠬᠤ ᠠᠵᠢᠯ ᠢ ᠴᠢᠩᠭᠠᠳᠬᠠᠨ᠂ ᠴᠡᠴᠡᠷᠯᠢᠭ ᠵᠠᠮ ᠤᠨ ᠪᠠᠭ᠎ᠠ ᠰᠤᠷᠭᠠᠭᠤᠯᠢ ᠶᠢᠨ ᠵᠢᠩ | ᠫᠢᠩ ᠰᠤᠷᠭᠠᠭᠤᠯᠢ ᠶᠢᠨ ᠲᠣᠭᠤᠷᠢᠭ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠨᠣᠭᠤᠭᠠᠨ ᠬᠥᠷᠥᠰᠥᠲᠦ | ᠨᠣᠭᠤᠭᠠᠨ ᠬᠥᠷᠥᠰᠥᠲᠦ ᠰᠤᠷᠭᠠᠭᠤᠯᠢ ᠶᠢᠨ ᠲᠣᠭᠤᠷᠢᠭ᠂ ᠬᠤᠲᠣᠩ ᠦᠨᠳᠦᠰᠦᠲᠡᠨ ᠤ ᠪᠠᠭ᠎ᠠ ᠰᠤᠷᠭᠠᠭᠤᠯᠢ᠂ | ᠰᠡᠷᠭᠦᠭᠡᠭᠰᠡᠨ ᠬᠡᠦᠬᠡᠳ ᠤᠨ ᠴᠡᠴᠡᠷᠯᠢᠭ ᠪᠣᠯᠤᠨ ᠪᠠᠷᠠᠭᠤᠨ ᠣᠪᠣᠭ᠎ᠠ ᠬᠡᠦᠬᠡᠳ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠰᠡᠷᠭᠦᠭᠡᠨ ᠮᠠᠨᠳᠤᠭᠤᠯᠬᠤ ᠰᠤᠷᠭᠠᠨ ᠬᠥᠮᠦᠵᠢᠯ ᠤᠨ ᠪᠦᠯᠦᠭᠯᠡᠯ ᠢ ᠦᠷᠭᠦᠯᠵᠢᠯᠡᠨ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ | ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠬᠦ ᠱᠤᠭᠤᠮ ᠢ ᠪᠠᠲᠤ | ᠴᠣᠭᠴᠠᠯᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠬᠥᠮᠦᠰ᠂ ᠬᠦᠶ᠋ᠲᠡᠨ ᠬᠡᠯᠬᠢᠶᠡᠲᠦ ᠢᠳᠡᠭᠡᠨ ᠵᠢᠴᠢ ᠣᠷᠴᠢᠨ | ᠲᠣᠭᠤᠷᠢᠨ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠪᠡᠶᠡᠯᠡᠭᠦᠯᠵᠦ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠡᠶ | ᠥᠷᠨᠢᠭᠦᠯᠵᠦ᠂ ᠡᠷᠡᠭᠦᠯ ᠡᠩᠬᠡ ᠵᠡᠭᠦᠨ ᠭᠤᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠮᠴᠢᠯᠡᠭᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠢᠲᠠᠳ ᠧᠦ᠋ᠷᠣᠫᠠ ᠡᠮᠨᠡᠯᠭᠡ ᠶᠢ | ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠦᠷᠭᠦᠯᠵᠢᠯᠡᠨ | ᠠᠬᠢᠭᠤᠯᠵᠤ᠂ ᠬᠤᠲᠠ ᠶᠢᠨ ᠡᠮᠴᠢᠯᠡᠭᠡᠨ ᠤ ᠪᠦᠯᠦᠭᠯᠡᠯ ᠳᠤ ᠲᠦᠰᠢᠭᠯᠡᠨ ᠬᠤᠲᠠ᠂ ᠲᠣᠭᠤᠷᠢᠭ ᠤᠨ ᠡᠮᠴᠢᠯᠡᠭᠡᠨ ᠤ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠮᠴᠢᠯᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ | ᠬᠥᠮᠦᠵᠢᠭᠦᠯᠬᠦ ᠶᠢ ᠴᠢᠩᠭᠠᠷᠠᠭᠤᠯᠤᠨ᠂ ᠣᠨᠴᠠᠯᠢᠭᠲᠤ ᠬᠢᠲᠠᠳ ᠡᠮᠨᠡᠯᠭᠡ ᠪᠠ ᠳᠠᠪᠠᠭᠤᠯᠢᠭ ᠲᠤᠰᠬᠠᠶ ᠰᠠᠯᠠᠭ᠎ᠠ ᠶᠢ ᠪᠤᠢ | ᠪᠣᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠡᠮᠨᠡᠬᠦ | ᠪᠠ ᠠᠰᠠᠷᠠᠬᠤ ᠶᠢ ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠨᠡᠶᠢᠭᠡᠮ ᠤᠨ ᠬᠦᠴᠦᠨ ᠤ ᠦᠢᠯᠡᠳᠦᠯ ᠢ ᠰᠠᠶᠢᠲᠤᠷ | ᠪᠠᠳᠠᠷᠠᠭᠤᠯᠤᠨ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠵᠦ᠂ ᠨᠠᠰᠤᠲᠠᠨ | ᠪᠠ ᠨᠢᠯᠬ᠎ᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠨ᠎ᠡ᠃ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ | ᠰᠣᠶᠣᠯ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠦᠨᠳᠦᠰᠦᠲᠡᠨ ᠤ ᠵᠠᠩ | ᠦᠶ᠋ᠯᠡ ᠶᠢᠨ ᠰᠣᠶᠣᠯ ᠢ ᠭᠦᠨᠵᠡᠭᠡᠶ ᠠᠭᠤᠳᠠᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠵᠠᠯᠭᠠᠮᠵᠢᠯᠠᠵᠤ ᠬᠥᠭᠵᠢᠭᠦᠯᠬᠦ ᠶᠢ ᠠᠬᠢᠭᠤᠯᠤᠨ᠂ ᠰᠣᠶᠣᠯ ᠤᠨ ᠡᠬᠢ ᠪᠠᠶᠠᠯᠢᠭ ᠬᠢᠭᠡᠳ ᠵᠢᠭᠤᠯᠴᠢᠯᠠᠯ ᠤᠨ ᠦᠶ᠋ᠯᠡᠰ ᠤᠨ | ᠬᠡᠯᠪᠡᠷᠢ ᠪᠠᠶᠢᠳᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ︽ᠬᠠᠭᠤᠴᠢᠨ ᠪᠤᠭᠤᠲᠤ︾ ᠰᠣᠶᠣᠯ ᠤᠨ ᠲᠥᠷᠥᠯ | ᠲᠡᠮᠳᠡᠭ ᠢ ᠠᠯᠳᠠᠷᠰᠢᠭᠤᠯᠤᠨ᠎ᠠ᠃ | ︵ᠲᠦᠷᠪᠡ︶ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠨᠡᠶᠢᠭᠡᠮ ᠤᠨ | ᠲᠣᠭᠲᠠᠭᠤᠨ ᠤ ᠲᠠᠯ᠎ᠠ ᠪᠠᠷ ᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠠᠶᠤᠯ ᠲᠦᠭᠰᠢᠭᠦᠷᠢ ᠶᠢᠨ ᠲᠠᠯᠳᠠ ᠭᠡᠮ ᠢ ᠢᠯᠭᠠᠨ ᠲᠠᠨᠢᠬᠤ ᠪᠠ ᠰᠢᠢᠳᠪᠦᠷᠢᠲᠦ ᠪᠤᠳᠤᠯᠭ᠎ᠠ ᠶᠢᠨ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠴᠢᠩᠭᠠᠳᠬᠠᠨ᠎ᠠ᠃ ᠠᠶᠤᠯ ᠦᠭᠡᠶ ᠦᠢᠯᠡᠳᠪᠦᠷᠢᠯᠡᠯ ᠤᠨ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠠᠶᠤᠯ ᠦᠭᠡᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠦᠨᠳᠦ ᠣᠨᠴᠠ ᠶᠡᠭᠡ | ᠠᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠣᠰᠤᠭ᠎ᠠ | ᠴᠣᠭᠴᠠᠲᠤ ᠮᠡᠳᠡᠭᠡ ᠵᠠᠩᠬᠢᠵᠢᠭᠰᠠᠨ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ | ᠪᠦᠷᠢᠨᠰᠢᠬᠦᠯᠵᠦ᠂ ︽ᠡᠭᠦᠯᠡᠨ ᠨᠢᠳᠦᠨ ᠤ ᠬᠠᠮᠠᠭᠠᠯᠠᠭᠴᠢ︾ ᠶᠢᠨ ᠣᠶᠤᠨᠴᠢ ᠬᠢᠨᠠᠨ ᠡᠵᠡᠮᠳᠡᠬᠦ ᠰᠢᠰᠲ᠋ᠧᠮ ᠢ | ᠪᠠᠶᠢᠷᠢᠯᠠᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠦᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠣᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠬᠤ ᠬᠡᠮᠵᠢᠶ᠎ᠡ ᠪᠠ ᠠᠮᠤᠷ ᠲᠦᠪᠰᠢᠨ ᠪᠠᠶᠢᠬᠤ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢ ᠢᠯᠡ ᠪᠠᠷ ᠬᠦᠯᠢᠶᠡᠨ ᠠᠪᠬᠤ ᠳᠦᠷᠢᠮ ᠢ ᠪᠠᠷᠢᠮᠲᠠᠯᠠᠵᠤ᠂ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠨ᠎ᠠ᠃ ᠨᠠᠮ ᠤᠨ ᠦᠨᠳᠦᠰᠦᠲᠡᠨ᠂ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ︽ᠭᠤᠷᠪᠠᠨ ᠰᠠᠯᠵᠤ ᠪᠣᠯᠤᠰᠢ ᠥᠬᠡᠶ︾ ᠦᠵᠡᠯ ᠰᠠᠨᠠᠭ᠎ᠠ ᠶᠢ ᠪᠠᠲᠤ ᠪᠠᠬᠢ | ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠥᠬᠦ | ᠲᠠᠯ᠎ᠠ ᠪᠠᠷ ᠪᠠᠲᠤ ᠪᠠᠬᠢ ᠴᠣᠭᠴᠠᠯᠠᠨ᠎ᠠ᠃ |