ᠳ᠋ᠦᠩ ᠾᠧ ᠲᠣᠭᠤᠷᠢᠭ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠭᠤᠤᠯ ᠲᠤᠭ᠎ᠠ ᠪᠠᠷᠢᠮᠲᠠ ᠶᠢᠨ ᠲᠠᠶᠢᠯᠤᠮᠵᠢ᠃
ᠨᠡᠶᠢᠲᠡᠯᠡᠭᠰᠡᠨ ᠴᠠᠭ᠄
2021/10/19
     ᠳ᠋ᠦᠩ ᠾᠧ ᠲᠣᠭᠤᠷᠢᠭ ᠤᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠪᠤᠭᠤᠲᠤ ᠬᠤᠲᠠ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠵᠢᠯᠣᠭᠤᠳᠤᠯᠭ᠎ᠠ ᠳᠤᠤᠷ᠎ᠠ᠂ ᠲᠣᠭᠤᠷᠢᠭ ᠤᠨ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠡᠷᠡᠭᠲᠡᠶ᠂ ᠨᠢᠭᠲᠠ ᠬᠠᠮᠵᠢᠯᠴᠠᠭᠰᠠᠨ ᠤ ᠳᠠᠷᠠᠭ᠎ᠠ᠂ ᠨᠡᠶᠢᠳᠡᠮ ᠪᠠᠶᠢᠴᠠᠭᠠᠭᠴᠢ ᠶᠢᠨ ᠰᠢᠷᠭᠠᠭᠤ ᠠᠵᠢᠯᠯᠠᠬᠤ ᠪᠠᠷ ᠳᠠᠮᠵᠢᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠩᠭᠡᠷᠡᠭᠰᠡᠨ ᠣᠷᠣᠨ ᠤ ᠬᠤᠪᠢᠶᠠᠷᠢᠯᠠᠯ᠂ ᠡᠷᠦᠬᠡ ᠠᠮᠠ ᠶᠢᠨ ᠴᠡᠭᠴᠡᠯᠡᠯᠲᠡ᠂ ᠪᠠᠶᠢᠳᠠᠯ ᠢ ᠪᠠᠶᠢᠴᠠᠭᠠᠨ ᠣᠶᠢᠯᠠᠭᠠᠬᠤ᠂ ᠬᠥᠮᠦᠨ ᠡᠷᠦᠬᠡ ᠶᠢᠨ ᠳᠠᠩᠰᠠᠯᠠᠯᠲᠠ᠂ ᠲᠦᠷᠭᠡᠨ ᠬᠤᠷᠢᠶᠠᠩᠭᠤᠶᠢᠯᠠᠬᠤ᠂ ᠳ᠋ᠠᠶᠢᠲ᠋ᠠ ᠰᠢᠶ᠋ᠳᠪᠦᠷᠢᠯᠡᠬᠦ ᠵᠡᠷᠭᠡ ᠠᠵᠢᠯ ᠤᠨ ᠭᠤᠭᠴᠤᠭ᠎ᠠ᠂ ᠨᠡᠯᠢᠶᠡᠳ ᠴᠢᠨᠠᠷ ᠰᠠᠶᠢᠲᠠᠶ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠣᠯᠪᠠ᠂ ᠮᠠᠨ ᠤ ᠣᠷᠣᠨ ᠤ ᠬᠥᠮᠦᠨ ᠠᠮᠠ ᠶᠢᠨ ᠶᠡᠷᠦᠩᠬᠡᠶ ᠬᠡᠮᠵᠢᠶ᠎ᠡ ᠶᠢ ᠦᠨᠡᠨ ᠪᠣᠳᠠᠲᠠᠶ ᠪᠠᠷ ᠲᠤᠰᠬᠠᠵᠠᠶ᠂ ᠪᠦᠲᠦᠴᠡ᠂ ᠰᠣᠶᠣᠯ ᠤᠨ ᠬᠡᠪ ᠴᠢᠨᠠᠷ ᠵᠢᠴᠢ ᠬᠤᠪᠢᠷᠠᠯᠲᠠ ᠶᠢᠨ ᠪᠠᠶ᠋ᠳᠠᠯ᠃      ᠡᠳᠦᠭᠡ ᠳᠣᠯᠣᠳᠤᠭᠠᠷ ᠤᠳᠠᠭ᠎ᠠ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠭᠤᠣᠯ ᠪᠣᠯᠬᠤ ᠲᠤᠭ᠎ᠠ ᠪᠠᠷᠢᠮᠲᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄᠃      ᠨᠢᠭᠡ᠂ ᠪᠠᠶᠢᠩᠭᠤ ᠰᠠᠭᠤᠭ᠎ᠠ ᠬᠥᠮᠦᠨ ᠠᠮᠠ ᠶᠢᠨ ᠶᠡᠷᠦᠩᠬᠡᠶ ᠬᠡᠮᠵᠢᠶ᠎ᠡ ᠪᠠᠭᠠᠰᠴᠤ᠂ ᠬᠦᠶ᠋ᠰᠦ ᠶᠢᠨ ᠢᠯᠭᠠᠯ ᠤᠨ ᠬᠠᠷᠢᠴᠠᠯ ᠲᠡᠩᠴᠡᠭᠦᠷᠢᠲᠡᠶ ᠪᠣᠯᠬᠤ ᠬᠠᠨᠳᠤᠰᠢ ᠲᠠᠢ ᠪᠣᠯᠪᠠ᠃      2020 ᠣᠨ ᠤ 11 ᠳ᠋ᠦᠭᠡᠷ ᠰᠠᠷ᠎ᠠ ᠶᠢᠨ 1 ᠤ ᠡᠳᠦᠷ ᠤᠨ ᠲᠡᠭ ᠴᠠᠭ ᠲᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠳᠠᠩᠰᠠᠯᠠᠭᠤᠯᠤᠭᠰᠠᠨ ᠮᠠᠨ ᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 484218 ᠪᠠᠶᠢᠵᠤ᠂ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ 512045 ᠬᠥᠮᠦᠨ ᠲᠠᠢ ᠬᠠᠷᠢᠴᠠᠭᠤᠯᠪᠠᠯ᠂ 27827 ᠬᠥᠮᠦᠨ ᠪᠠᠭᠠᠰᠴᠤ᠂ 5 . 43 % ᠪᠠᠷ ᠪᠠᠭᠠᠰᠴᠤ᠂ ᠵᠢᠯ ᠤᠨ ᠳᠤᠮᠳᠠᠴᠢ ᠬᠠᠰᠤᠭᠳᠠᠭᠰᠠᠨ ᠨᠣᠷᠮ᠎ᠠ ᠨᠢ 0 . 56 % ᠪᠣᠯᠤᠨ᠎ᠠ᠃ ᠠᠷᠪᠠᠨ ᠵᠢᠯ ᠳᠤ᠂ ᠳ᠋ᠦᠩ ᠾᠧ ᠲᠣᠭᠤᠷᠢᠭ ᠤᠨ ᠬᠥᠮᠦᠨ ᠠᠮᠠ ᠶᠢᠨ ᠶᠡᠷᠦᠩᠬᠡᠶ ᠬᠡᠮᠵᠢᠶ᠎ᠡ ᠪᠠᠭᠠᠰᠬᠤ ᠬᠠᠨᠳᠤᠰᠢ ᠲᠠᠢ᠃      ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠡᠷᠡᠭᠲᠡᠶ ᠬᠥᠮᠦᠨ ᠠᠮᠠ 242557 ᠪᠠᠶᠢᠵᠤ᠂ 50 . 10 % ᠶᠢ ᠡᠵᠡᠯᠡᠨ᠎ᠡ︔ ᠡᠮᠡᠭᠲᠡᠶ ᠬᠥᠮᠦᠨ ᠠᠮᠠ 241661 ᠪᠠᠶᠢᠵᠤ᠂ 49 . 90 % ᠶᠢ ᠡᠵᠡᠯᠡᠪᠡ︔ ᠡᠷᠡᠭᠲᠡᠶ ᠡᠮᠡᠭᠲᠡᠶ ᠶᠢᠨ ᠬᠦᠶ᠋ᠰᠦ ᠶᠢᠨ ᠢᠯᠭᠠᠯ ᠤᠨ ᠬᠠᠷᠢᠴᠠᠯ ᠨᠢ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠶ᠎ᠡ ᠶᠢᠨ 102 . 48 ᠪᠠᠶᠢᠭᠰᠠᠨ ᠠᠴᠠ ᠪᠠᠨ ᠪᠠᠭᠤᠷᠠᠭᠠᠳ 100 . 37 ᠪᠣᠯᠵᠣ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠶ᠋ᠰᠦ ᠶᠢᠨ ᠢᠯᠭᠠᠯ ᠤᠨ ᠬᠠᠷᠢᠴᠠᠯ ᠨᠠᠩ ᠲᠡᠩᠴᠡᠭᠦᠷᠢᠲᠡᠶ ᠪᠣᠯᠪᠠ᠃      ᠬᠤᠶᠠᠷ᠂ ᠭᠡᠷ ᠪᠦᠯᠢ ᠶᠢᠨ ᠡᠷᠦᠬᠡ ᠶᠢᠨ ᠲᠤᠭ᠎ᠠ ᠨᠡᠮᠡᠭᠳᠡᠵᠦ᠂ ᠡᠷᠦᠬᠡ ᠶᠢᠨ ᠬᠡᠪᠴᠢᠶ᠎ᠡ ᠤᠯᠠᠮ ᠨᠢᠭᠡ ᠠᠯᠬᠤᠮ ᠪᠠᠭᠠᠰᠪᠠ᠃      ᠪᠦᠬᠦ ᠣᠷᠣᠨ ᠳᠤ ᠨᠡᠶᠢᠲᠡ 199814 ᠭᠡᠷ ᠪᠦᠯᠢ᠂ 452751 ᠭᠡᠷ ᠪᠦᠯᠢ᠂ ᠳᠤᠮᠳᠠᠴᠢ ᠪᠠᠷ ᠭᠡᠷ ᠪᠦᠯᠢ ᠪᠦᠷᠢ ᠶᠢᠨ ᠬᠥᠮᠦᠨ ᠠᠮᠠ 2 . 27 ᠪᠠᠶᠢᠵᠤ᠂ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠶ᠎ᠡ ᠶᠢᠨ 2 . 64 ᠬᠥᠮᠦᠨ ᠠᠴᠠ 0 . 37 ᠬᠥᠮᠦᠨ ᠬᠠᠰᠤᠭᠳᠠᠵᠠᠶ᠃ ᠭᠡᠷ ᠪᠦᠯᠢ ᠶᠢᠨ ᠡᠷᠦᠬᠡ ᠶᠢᠨ ᠬᠡᠪᠴᠢᠶ᠎ᠡ ᠪᠠᠭᠠᠰᠬᠤ ᠬᠠᠨᠳᠤᠰᠢ ᠲᠠᠢ ᠪᠣᠯᠤᠭᠰᠠᠨ ᠨᠢ ᠭᠤᠣᠯᠳᠠᠭᠤ ᠦᠷᠡᠵᠢᠯ ᠤᠨ ᠬᠢᠷᠢ ᠬᠡᠮᠵᠢᠶ᠎ᠡ ᠨᠢ ᠤᠯᠠᠮ ᠨᠢᠭᠡ ᠠᠯᠬᠤᠮ ᠪᠠᠭᠤᠷᠠᠭᠰᠠᠨ᠂ ᠣᠷᠣᠨ ᠰᠠᠭᠤᠴᠠ ᠶᠢᠨ ᠨᠥᠬᠦᠴᠡᠯ ᠨᠢ ᠰᠠᠶᠢᠵᠢᠷᠠᠭᠰᠠᠨ᠂ ᠵᠠᠯᠠᠭᠤ ᠬᠥᠮᠦᠨ ᠤᠷᠤᠭᠯᠠᠭᠰᠠᠨ ᠤ ᠳᠠᠷᠠᠭ᠎ᠠ ᠪᠡᠶ᠎ᠡ ᠪᠠᠨ ᠳᠠᠭᠠᠭᠠᠵᠤ ᠰᠠᠭᠤᠭᠰᠠᠨ ᠵᠡᠷᠭᠡ ᠰᠢᠯᠲᠠᠭᠠᠨ ᠠᠴᠠ ᠪᠣᠯᠵᠠᠶ᠃      ᠭᠤᠷᠪᠠ᠂ ᠬᠥᠮᠦᠨ ᠠᠮᠠ ᠶᠢᠨ ᠰᠢᠯᠵᠢᠯᠲᠡ ᠨᠡᠩ ᠬᠥᠭᠵᠢᠶᠡᠨ ᠲᠠᠢ ᠪᠣᠯᠪᠠ᠃      ᠪᠦᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠨᠡᠭᠦᠳᠡᠯ ᠬᠥᠮᠦᠨ ᠠᠮᠠ 137102 ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠯᠤᠰᠯᠠᠨ ᠣᠷᠣᠵᠤ ᠢᠷᠡᠭᠰᠡᠨ ᠬᠥᠮᠦᠨ ᠠᠮᠠ 47452 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠡᠭᠦᠳᠡᠯ ᠬᠥᠮᠦᠨ ᠠᠮᠠ 89650 ᠪᠣᠯᠤᠨ᠎ᠠ᠃ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠶᠠᠪᠤᠭᠤᠯ ᠬᠥᠮᠦᠨ ᠠᠮᠠ 32568 ᠨᠡᠮᠡᠭᠳᠡᠵᠦ᠂ 31 . 16 % ᠨᠡᠮᠡᠭᠳᠡᠵᠡᠶ᠃ ᠮᠠᠨ ᠤ ᠣᠷᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢᠨ ᠡᠷᠴᠢᠮ ᠤᠨ ᠨᠡᠮᠡᠭᠳᠡᠬᠦ ᠶᠢ ᠳᠠᠭᠠᠯᠳᠤᠨ᠂ ᠮᠠᠨ ᠤ ᠣᠷᠣᠨ ᠳᠤ ᠨᠡᠭᠦᠳᠡᠯ ᠬᠥᠮᠦᠨ ᠠᠮᠠ ᠣᠯᠠᠰᠢᠷᠠᠵᠤ᠂ ᠮᠠᠨ ᠤ ᠣᠷᠣᠨ ᠤ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃      ᠳᠥᠷᠪᠡ᠂ ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠬᠤᠪᠢ ᠶᠢᠨ ᠵᠢᠩ ᠪᠠᠭᠤᠷᠠᠵᠤ᠂ ᠨᠠᠰᠤᠲᠠᠶᠢᠴᠤᠳ ᠤᠨ ᠬᠥᠮᠦᠨ ᠠᠮᠠ ᠶᠢᠨ ᠬᠤᠪᠢ ᠶᠢᠨ ᠵᠢᠩ ᠳᠡᠭᠡᠭᠰᠢᠯᠡᠪᠡ᠃      ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ 1559 ᠨᠠᠰᠤᠨ ᠤ ᠬᠥᠮᠦᠨ ᠠᠮᠠ 318318 ᠪᠠᠶᠢᠵᠤ᠂ 65 . 74 % ᠶᠢ ᠡᠵᠡᠯᠡᠪᠡ︔ 60 ᠨᠠᠰᠤ ᠵᠢᠴᠢ 60 ᠨᠠᠰᠤᠨ ᠠᠴᠠ ᠳᠡᠭᠡᠭᠰᠢᠬᠢ ᠬᠥᠮᠦᠨ ᠠᠮᠠ 108277 ᠪᠠᠶᠢᠵᠤ᠂ 22 . 36 % ᠶᠢ ᠡᠵᠡᠯᠡᠨ᠎ᠡ︔ ᠡᠭᠦᠨ ᠳᠤ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ 70893 ᠪᠠᠶᠢᠵᠤ᠂ 14 . 64 % ᠶᠢ ᠡᠵᠡᠯᠡᠨ᠎ᠡ᠃ 2010 ᠣᠨ ᠤ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ 15 - 59 ᠨᠠᠰᠤᠨ ᠤ ᠬᠥᠮᠦᠨ ᠠᠮᠠ 61761 ᠪᠠᠭᠠᠰᠴᠤ᠂ ᠡᠵᠡᠯᠡᠬᠦ ᠬᠠᠷᠢᠴᠠᠯ ᠨᠢ 8 . 49 ᠵᠠᠭᠤᠨ ᠤ ᠨᠢᠭᠡᠴᠢ ᠪᠠᠭᠤᠷᠠᠪᠠ︔ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ 37757 ᠬᠥᠮᠦᠨ ᠨᠡᠮᠡᠭᠳᠡᠵᠦ᠂ ᠡᠵᠡᠯᠡᠬᠦ ᠬᠠᠷᠢᠴᠠᠯ ᠨᠢ 8 . 59 ᠵᠠᠭᠤᠨ ᠤ ᠨᠢᠭᠡᠴᠢ ᠳᠡᠭᠡᠭᠰᠢᠯᠡᠪᠡ︔ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ 20615 ᠬᠥᠮᠦᠨ ᠨᠡᠮᠡᠭᠳᠡᠵᠦ᠂ ᠡᠵᠡᠯᠡᠬᠦ ᠬᠠᠷᠢᠴᠠᠯ ᠨᠢ 4 . 82 ᠵᠠᠭᠤᠨ ᠤ ᠨᠢᠭᠡᠴᠢ ᠳᠡᠭᠡᠭᠰᠢᠯᠡᠪᠡ᠃ ᠬᠥᠮᠦᠨ ᠠᠮᠠ ᠶᠢᠨ ᠨᠡᠭᠦᠯᠲᠡ᠂ ᠬᠤᠲᠠ ᠶᠢᠨ ᠬᠥᠭᠵᠢᠯᠲᠡ ᠶᠢᠨ ᠬᠤᠷᠳᠤᠴᠠ ᠤᠳᠠᠭᠠᠨ ᠵᠡᠷᠭᠡ ᠰᠢᠯᠲᠠᠭᠠᠨ ᠠᠴᠠ ᠪᠣᠯᠵᠤ ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠬᠠᠷᠢᠴᠠᠯ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1