ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠭᠠᠵᠠᠷ ᠤᠨ ᠭᠠᠮᠰᠢᠭ ᠢ ᠰᠡᠷᠭᠡᠶᠢᠯᠡᠨ | ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳ᠋ᠦᠩ ᠾᠧ ᠲᠣᠭᠤᠷᠢᠭ ᠤᠨ 2021 ᠣᠨ ᠤ ᠭᠠᠵᠠᠷ ᠤᠨ ᠭᠠᠮᠰᠢᠭ ᠢ ᠰᠡᠷᠭᠡᠶᠢᠯᠡᠨ | ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠠᠵᠠᠷ ᠤᠨ ᠭᠠᠮᠰᠢᠭ ᠠᠴᠠ ᠪᠣᠯᠬᠤ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠵᠠᠶᠢᠯᠠᠭᠤᠯᠬᠤ ᠪᠠ ᠪᠠᠭᠠᠰᠬᠠᠬᠤ ᠶᠢᠨ ᠲᠤᠰᠠᠳᠠ᠃ ︽ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ | ᠳᠦᠷᠢᠮ︾᠂ ︽ᠪᠤᠭᠤᠲᠤ ᠬᠤᠲᠠ ᠶᠢᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ︾᠂ ︽ | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠭᠡᠨᠡᠳᠲᠡ ᠡᠭᠦᠰᠬᠦ ᠭᠠᠵᠠᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠲᠥᠰᠦᠯ︾ ᠢ ᠦᠨᠳᠦᠰᠦᠯᠡᠨ᠂ ᠳ᠋ᠦᠩ ᠾᠧ ᠲᠣᠭᠤᠷᠢᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠲᠤᠰ ᠲᠥᠰᠦᠯ ᠢ ᠲᠣᠭᠲᠠᠭᠠᠪᠠ᠃ | ᠨᠢᠭᠡ᠂ 2021 ᠣᠨ ᠤ ᠭᠠᠵᠠᠷ ᠤᠨ ᠭᠠᠮᠰᠢᠭ ᠤᠨ ᠬᠠᠨᠳᠤᠰᠢ ᠶᠢᠨ ᠵᠢᠱᠢᠯᠲᠡ᠃ | 2021 ᠣᠨ ᠤ ᠠᠭᠤᠷ ᠠᠮᠢᠰᠬᠤᠯ ᠤᠨ ᠬᠠᠨᠳᠤᠰᠢ ᠶᠢᠨ ᠵᠢᠱᠢᠯᠲᠡ ᠪᠠ ᠣᠷᠴᠢᠯ ᠤᠷᠤᠰᠬᠠᠯ ᠤᠨ ᠪᠠᠶᠢᠳᠠᠯ ᠤᠨ | ᠵᠠᠳᠠᠯᠤᠯᠲᠠ ᠶᠢ ᠦᠨᠳᠦᠰᠦᠯᠡᠪᠡᠯ᠄ ᠵᠢᠱᠢᠯᠲᠡ ᠪᠠᠷ ᠬᠠᠪᠤᠷ ᠤᠨ ᠤᠯᠠᠷᠢᠯ ︵35 ᠰᠠᠷ᠎ᠠ︶ ᠤᠨ ᠲᠤᠨᠳᠠᠰᠤ ᠪᠠᠭ᠋ᠠᠨ | ᠠᠷᠪᠢᠨ ᠪᠠᠶᠢᠵᠤ᠂ ᠠᠭᠠᠷ ᠤᠨ ᠳᠤᠯᠠᠭᠠᠨ ᠪᠠᠭ᠋ᠠᠨ ᠥᠨᠳᠥᠷ ᠰᠢᠭ ᠪᠠᠶᠢᠨ᠎ᠠ᠃ ᠡᠭᠦᠨ ᠳᠤ ᠪᠥᠬᠦ ᠬᠤᠲᠠ ᠶᠢᠨ | ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 12 | °C ᠥᠨᠳᠥᠷ ᠪᠠᠶᠢᠳᠠᠭ︔ ᠪᠦᠬᠦ ᠬᠤᠲᠠ ᠶᠢᠨ ᠤᠯᠠᠷᠢᠯ ᠤᠨ ᠶᠡᠷᠦᠩᠬᠡᠶ ᠲᠤᠨᠳᠠᠰᠤᠨ ᠤ ᠬᠡᠮᠵᠢᠶ᠎ᠡ ᠨᠢ ᠶᠡᠷᠦ ᠶᠢᠨ | ᠵᠢᠯ ᠤᠨ ᠠᠳᠠᠯᠢ ᠬᠤᠭᠤᠴᠠᠭᠠᠨ ᠤ ᠬᠢ ᠠᠴᠠ 0 . 2 ᠬᠤᠪᠢ ᠢᠯᠡᠭᠦᠦ ᠰᠢᠭ ᠪᠠᠶᠢᠵᠤ᠂ ᠱᠠᠲᠤ ᠦᠶ᠎ᠡ ᠶᠢᠨ | ᠴᠢᠨᠠᠷᠲᠠᠶ ᠬᠠᠪᠤᠷ ᠤᠨ ᠤᠯᠠᠷᠢᠯ ᠤᠨ ᠭᠠᠩ ᠬᠠᠭᠰᠠᠷᠠᠭᠠᠨ ᠲᠠᠢ ᠪᠠᠶᠢᠨ᠎ᠠ᠃ ᠵᠢᠱᠢᠯᠲᠡ ᠪᠠᠷ ᠵᠣᠨ ᠤ ᠤᠯᠠᠷᠢᠯ ︵68 | ᠰᠠᠷ᠎ᠠ︶ ᠤᠨ ᠡᠮᠦᠨ᠎ᠡ ᠠᠭᠤᠯᠠᠨ ᠤ ᠲᠤᠨᠳᠠᠰᠤ ᠵᠢᠭᠠᠬᠠᠨ ᠠᠷᠪᠢᠨ᠂ ᠠᠭᠤᠯᠠᠨ ᠠᠷᠤ ᠶᠢᠨ ᠲᠤᠨᠳᠠᠰᠤ ᠵᠢᠭᠠᠬᠠᠨ ᠪᠠᠭ᠎ᠠ | ᠂ ᠠᠭᠠᠷ ᠤᠨ ᠳᠤᠯᠠᠭᠠᠨ ᠵᠢᠭᠠᠬᠠᠨ ᠥᠨᠳᠥᠷ ᠪᠠᠶᠢᠳᠠᠭ︔ ᠲᠤᠨᠳᠠᠰᠤᠨ ᠤ ᠴᠠᠭ ᠵᠠᠶ ᠶᠢᠨ ᠲᠠᠷᠬᠠᠯᠲᠠ ᠵᠢᠭᠳᠡ ᠪᠤᠰᠤ᠃ | ᠡᠭᠦᠨ ᠳᠤ ᠪᠥᠬᠦ ᠬᠤᠲᠠ ᠶᠢᠨ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ | ᠬᠤᠭᠤᠴᠠᠭᠠᠨ ᠤ ᠬᠢ ᠠᠴᠠ 0 . 1 °C ᠥᠨᠳᠥᠷ ᠪᠠᠶᠢᠳᠠᠭ︔ ᠠᠭᠤᠯᠠᠨ ᠡᠮᠦᠨᠡᠬᠢ ᠤᠯᠠᠷᠢᠯ ᠤᠨ ᠶᠡᠷᠦᠩᠬᠡᠶ | ᠲᠤᠨᠳᠠᠰᠤᠨ ᠤ ᠬᠡᠮᠵᠢᠶ᠎ᠡ ᠨᠢ ᠶᠡᠷᠦ ᠶᠢᠨ ᠵᠢᠯ ᠤᠨ ᠠᠳᠠᠯᠢ ᠬᠤᠭᠤᠴᠠᠭᠠᠨ ᠤ ᠬᠢ ᠠᠴᠠ 02 ᠬᠤᠪᠢ ᠢᠯᠡᠭᠦᠦ ᠪᠠᠶᠢᠵᠤ | ᠂ ᠠᠭᠤᠯᠠᠨ ᠤᠮᠠᠷ᠎ᠠ ᠨᠢ 02 ᠬᠤᠪᠢ ᠳᠤᠲᠠᠭᠤ ᠪᠠᠶᠢᠳᠠᠭ᠃ 7 ᠰᠠᠷ᠎ᠠ ᠳᠤ ᠣᠷᠣᠭᠰᠠᠨ ᠤ ᠳᠠᠷᠠᠭ᠎ᠠ ᠲᠤᠨᠳᠠᠰᠤ | ᠡᠬᠢᠯᠡᠨ ᠠᠭᠠᠵᠢᠮ ᠢᠶᠠᠷ ᠨᠡᠮᠡᠭᠳᠡᠵᠦ᠂ ᠬᠡᠰᠡᠭ ᠭᠠᠵᠠᠷ ᠠᠮᠠᠷᠬᠠᠨ ᠦᠶᠡᠷ ᠤᠰᠤᠲᠤᠯ ᠤᠨ ᠭᠠᠮᠰᠢᠭ ᠡᠭᠦᠰᠦᠨ᠎ᠡ᠃ | ᠬᠤᠶᠠᠷ᠂ ᠭᠠᠵᠠᠷ ᠤᠨ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ᠃ | ᠳ᠋ᠦᠩ ᠾᠧ ᠲᠣᠭᠤᠷᠢᠭ ᠤᠨ ᠭᠠᠵᠠᠷ ᠤᠨ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ ᠪᠣᠯ | ᠦᠶᠡᠷ ᠤᠨ ᠬᠤᠭᠤᠴᠠᠭ᠎ᠠ ᠪᠣᠯᠤᠨ᠎ᠠ᠂ ᠲᠤᠬᠠᠶᠢᠯᠠᠪᠠᠯ 5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ | ᠡᠳᠦᠷ ᠪᠣᠯᠲᠠᠯ᠎ᠠ᠃ ᠡᠯ᠎ᠡ ᠪᠠᠯᠭᠠᠰᠤ᠂ ᠵᠡᠭᠡᠯᠢ ᠭᠤᠳᠤᠮᠵᠢ᠂ ᠲᠣᠰᠬᠤᠨ ᠤ ᠠᠷᠠᠳ ᠤᠨ ᠵᠥᠪᠯᠡᠯ ᠵᠡᠷᠭᠡ ᠬᠠᠮᠢᠶ᠎ᠠ | ᠪᠦᠬᠦᠢ ᠨᠢᠭᠡᠴᠡ ᠨᠦᠭᠦᠳ ᠡᠯ᠎ᠡ ᠲᠠᠯ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ | ᠭᠤᠣᠯᠳᠠᠯᠭ᠎ᠠ ᠲᠠᠢ ᠰᠡᠷᠭᠡᠶᠢᠯᠡᠬᠦ ᠠᠵᠢᠯ ᠤᠨ ᠪᠠᠶᠢᠳᠠᠯ ᠳᠤ ᠴᠠᠭ ᠲᠤᠬᠠᠶ ᠳᠤᠨᠢ ᠣᠷᠣᠵᠤ᠂ ᠦᠶᠡᠷ ᠤᠨ | ᠬᠤᠭᠤᠴᠠᠭᠠᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠳᠦᠷᠢᠮ ᠢ ᠬᠢᠨᠠᠮᠠᠭᠠᠶ | ᠨᠠᠶᠢᠳᠠᠪᠤᠷᠢᠵᠢᠭᠤᠯᠤᠨ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠵᠤ | ᠂ ᠭᠠᠵᠠᠷ ᠤᠨ ᠭᠠᠮᠰᠢᠭ ᠠᠴᠠ ᠪᠣᠯᠬᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ | ᠭᠤᠷᠪᠠ᠂ ᠳ᠋᠊ ᠦᠩ ᠾᠧ ᠲᠣᠭᠤᠷᠢᠭ ᠲᠤ ᠣᠷᠣᠰᠢᠵᠤ ᠪᠠᠶᠢᠭ᠎ᠠ ᠭᠤᠣᠯ ᠪᠣᠯᠬᠤ ᠭᠠᠵᠠᠷ ᠤᠨ ᠭᠠᠮᠰᠢᠭ ᠤᠨ | ᠲᠥᠷᠥᠯ ᠬᠡᠯᠪᠡᠷᠢ ᠬᠢᠭᠡᠳ ᠭᠤᠣᠯᠳᠠᠯᠭ᠎ᠠ ᠲᠠᠢ ᠰᠡᠷᠭᠡᠶᠢᠯᠡᠬᠦ ᠬᠡᠪᠴᠢᠶ᠎ᠡ᠃ | ︵ᠨᠢᠭᠡ︶ ᠵᠡᠭᠦᠨ ᠭᠤᠤᠯ ᠤᠨ ᠣᠷᠣᠨ ᠤ ᠭᠤᠤᠯ ᠪᠣᠯᠬᠤ ᠭᠠᠵᠠᠷ ᠤᠨ ᠭᠠᠮᠰᠢᠭ ᠤᠨ ᠲᠥᠷᠥᠯ ᠵᠦᠶ᠋ᠯ ᠳᠤ᠄ | ᠨᠤᠷᠠᠬᠤ᠂ ᠪᠡᠯ ᠶᠡᠭᠦᠷᠡᠬᠦ ᠪᠠ ᠭᠠᠵᠠᠷ ᠴᠥᠮᠥᠷᠡᠬᠦ᠃ | ︵ᠬᠤᠶᠠᠷ︶ ᠳ᠋ᠦᠩ ᠾᠧ ᠲᠣᠭᠤᠷᠢᠭ ᠤᠨ ᠭᠠᠵᠠᠷ ᠤᠨ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠬᠦᠷᠢᠶ᠎ᠡ | ᠬᠡᠪᠴᠢᠶ᠎ᠡ᠃ ᠭᠠᠵᠠᠷ ᠰᠢᠨᠵᠢᠯᠡᠭᠡᠨ ᠤ ᠭᠠᠶ ᠭᠠᠮᠰᠢᠭ ᠢ ᠡᠭᠦᠰᠭᠡᠬᠦ ᠭᠤᠤᠯ ᠡᠯᠧᠮᠧᠨ᠋ᠲ ᠪᠣᠯ ᠠᠭᠠᠷ ᠮᠠᠨᠳᠠᠯ ᠤᠨ | ᠲᠤᠨᠳᠠᠰᠤ ᠪᠣᠯᠤᠨ᠎ᠠ᠂ ᠡᠶᠢᠮᠦ ᠠᠴᠠ ᠪᠣᠷᠣᠭᠠᠨ ᠤ ᠤᠯᠠᠷᠢᠯ ᠨᠢ ᠪᠠᠰᠠ ᠭᠡᠨᠡᠳᠲᠡ ᠶᠢᠨ ᠴᠢᠨᠠᠷᠲᠠᠶ ᠭᠠᠵᠠᠷ | ᠰᠢᠨᠵᠢᠯᠡᠭᠡᠨ ᠤ ᠭᠠᠶ ᠭᠠᠮᠰᠢᠭ ᠢ ᠤᠷᠢᠳᠴᠢᠯᠠᠨ ᠰᠡᠷᠭᠡᠶᠢᠯᠡᠬᠦ ᠴᠢᠬᠤᠯᠠ ᠬᠤᠭᠤᠴᠠᠭ᠎ᠠ ᠪᠣᠯᠤᠨ᠎ᠠ᠃ ᠭᠠᠵᠠᠷ | ᠰᠢᠨᠵᠢᠯᠡᠭᠡᠨ ᠤ ᠭᠠᠶ ᠭᠠᠮᠰᠢᠭ ᠢ ᠪᠣᠶ ᠪᠣᠯᠭᠠᠬᠤ ᠭᠤᠤᠯ ᠬᠦᠴᠦᠨ ᠵᠦᠶ᠋ᠯ ᠢ ᠦᠨᠳᠦᠰᠦᠯᠡᠨ᠂ ᠳ᠋ᠦᠩ ᠾᠧ | ᠲᠣᠭᠤᠷᠢᠭ ᠤᠨ ᠣᠷᠳᠣ ᠬᠤᠭᠤᠴᠠᠭᠠᠨ ᠤ ᠴᠠᠭ ᠠᠭᠤᠷ ᠤᠨ ᠣᠨᠴᠠᠯᠢᠭ ᠲᠠᠢ ᠤᠶᠠᠯᠳᠤᠭᠤᠯᠵᠤ᠂ ᠶᠡᠷᠦᠩᠬᠡᠶᠢᠯᠡᠨ | ᠵᠠᠳᠠᠯᠬᠤ ᠪᠠᠷ ᠳᠡᠮᠵᠢᠨ᠂ ᠪᠥᠬᠦ ᠣᠷᠣᠨ ᠤ 2021 ᠣᠨ ᠤ ᠭᠤᠤᠯᠳᠠᠯᠭ᠎ᠠ ᠲᠠᠢ ᠰᠡᠷᠭᠡᠶᠢᠯᠡᠬᠦ ᠬᠦᠷᠢᠶ᠎ᠡ ᠬᠡᠪᠴᠢᠶ᠎ᠡ ᠨᠢ | ᠳᠤᠤᠷᠠᠬᠢ ᠮᠡᠲᠦ᠄᠃ | 1 ᠲᠤᠨᠤᠮᠠᠯ ᠲᠠᠯ᠎ᠠ ᠭᠠᠵᠠᠷ ᠤᠨ ᠬᠠᠳᠤᠨ ᠭᠤᠣᠯ ᠤᠨ ᠡᠷᠭᠢ ᠳᠠᠭᠠᠤ ᠭᠠᠵᠠᠷ ᠣᠷᠣᠨ᠂ ᠲᠤᠬᠠᠶᠢᠯᠠᠪᠠᠯ᠄ | ᠵᠡᠭᠦᠨ ᠭᠤᠣᠯ ᠤᠨ ᠣᠷᠣᠨ ᠤ ᠬᠠᠳᠤᠨ ᠭᠤᠣᠯ ᠤᠨ ᠡᠷᠭᠢ ᠳᠠᠭᠠᠤ ᠭᠠᠵᠠᠷ ᠵᠢᠴᠢ ᠤᠢᠢᠷ᠎ᠠ ᠬᠠᠪᠢ ᠢᠢᠨ ᠪᠦᠳᠦᠭᠡᠨ | ᠪᠠᠶᠢᠭᠤᠯᠤᠯᠲᠠ ᠢᠢᠨ ᠲᠦᠷᠦᠯ ᠵᠦᠢᠯ ᠤᠨ ᠪᠠᠷᠢᠯᠭ᠎ᠠ ᠪᠠᠷᠢᠬᠤ ᠣᠷᠣᠨ ᠨᠢ ᠨᠤᠷᠠᠵᠤ ᠶᠡᠭᠦᠷᠡᠬᠦ ᠲᠤ ᠬᠢᠯᠪᠠᠷ ᠡᠭᠦᠰᠬᠦ | ᠣᠷᠣᠨ ᠲᠤ ᠬᠠᠷᠢᠶᠠᠯᠠᠭᠳᠠᠵᠤ᠂ ᠡᠷᠭᠢ ᠳᠠᠭᠠᠤ ᠠᠮᠠᠷᠬᠠᠨ ᠴᠥᠮᠥᠷᠡᠨᠡ᠃ | 2 . ᠳᠠᠯᠠᠨ ᠬᠠᠷ᠎ᠠ ᠠᠭᠤᠯᠠ ᠶᠢᠨ ᠡᠮᠦᠨᠡᠬᠢ ᠲᠠᠯ᠎ᠠ ᠭᠠᠵᠠᠷ ᠪᠣᠯ ᠨᠤᠷᠠᠬᠤ ᠳᠤ ᠬᠢᠯᠪᠠᠷ ᠭᠠᠵᠠᠷ ᠪᠠᠶᠢᠵᠤ᠂ | ᠳ᠋ᠦᠩ ᠾᠧ ᠲᠣᠭᠤᠷᠢᠭ ᠤᠨ ᠬᠤᠶᠢᠲᠤ ᠬᠡᠰᠡᠭ ᠤᠨ ᠠᠭᠤᠯᠠᠷᠬᠠᠭ ᠣᠷᠣᠨ ᠬᠢᠭᠡᠳ ᠲᠠᠯ᠎ᠠ ᠭᠠᠵᠠᠷ ᠤᠨ | ᠤᠶᠠᠯᠳᠤᠭᠰᠠᠨ ᠭᠠᠵᠠᠷ ᠬᠡᠰᠡᠭ ᠪᠣᠯᠤᠨ᠎ᠠ᠂ ᠠᠭᠤᠷᠬᠠᠶ ᠮᠠᠯᠲᠠᠬᠤ ᠪᠠ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ ᠠᠴᠠ ᠪᠣᠯᠵᠣ᠂ ᠴᠢᠯᠠᠭᠤᠯᠢᠭ ᠤᠨ ᠠᠩᠬᠠᠨ ᠤ ᠬᠤᠪᠢᠷᠠᠭᠠᠭᠳᠠᠯ ᠤᠨ ᠬᠦᠴᠦᠯᠡᠴᠡ ᠶᠢᠨ ᠲᠠᠯᠠᠪᠠᠶ ᠶᠢ | ᠥᠭᠡᠷᠡᠴᠢᠯᠡᠵᠦ᠂ ᠴᠢᠯᠠᠭᠤᠯᠢᠭ ᠤᠨ ᠪᠦᠬᠦᠯᠢ ᠴᠣᠭᠴᠠᠲᠤ ᠴᠢᠨᠠᠷ ᠪᠠ ᠲᠣᠭᠲᠠᠪᠤᠷᠢᠲᠤ ᠴᠢᠨᠠᠷ ᠨᠢ ᠪᠠᠭᠤᠷᠠᠵᠤ᠂ | ᠨᠤᠷᠠᠯᠲᠠ ᠡᠭᠦᠰᠬᠦ ᠪᠣᠯᠤᠮᠵᠢ ᠨᠢ ᠶᠡᠬᠡᠰᠪᠡ᠃ | 3 . ᠳ᠋ᠠᠨᠯᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠡᠭᠦᠨ ᠭᠤᠤᠯ ᠤᠨ ᠬᠡᠰᠡᠭ ᠲᠤ ᠵᠠᠰᠠᠮᠠᠯ ᠵᠠᠮ ᠢ ᠳᠠᠯᠠᠨ | ᠬᠠᠷ᠎ᠠ ᠠᠭᠤᠯᠠ ᠶᠢ ᠳᠠᠭᠠᠵᠤ ᠵᠠᠰᠠᠭᠰᠠᠨ ᠠᠴᠠ᠂ ᠠᠭᠤᠯᠠᠨ ᠬᠠᠵᠠᠭᠤ ᠳᠠᠬᠢ ᠭᠤᠤ ᠳᠣᠲᠣᠷ᠎ᠠ ᠨᠢ ᠮᠠᠰᠢ ᠣᠯᠠᠨ | ᠬᠠᠭᠠᠵᠤ ᠵᠣᠭᠰᠣᠭᠠᠭᠰᠠᠨ ᠴᠢᠯᠠᠭᠤᠨ ᠬᠡᠮᠬᠡᠷᠬᠡᠶ ᠲᠠᠯᠠᠪᠤᠷ ᠲᠠᠢ ᠪᠣᠯᠬᠤᠷ᠂ ᠠᠭᠤᠯᠠ ᠨᠤᠷᠠᠬᠤ ᠪᠠ ᠪᠠᠯ ᠶᠡᠭᠦᠷᠡᠵᠦ | ᠠᠭᠤᠯᠠᠨ ᠦᠶᠡᠷ ᠪᠠᠭᠤᠬᠤ ᠵᠠᠮ ᠢ ᠬᠠᠷᠰᠢᠯᠠᠬᠤ ᠶᠢ ᠠᠩᠬᠠᠷᠬᠤ ᠬᠡᠷᠡᠭᠲᠡᠶ᠃ | 4 . ᠳ᠋ᠦᠩ ᠾᠧ ᠲᠣᠭᠤᠷᠢᠭ ᠤᠨ ᠬᠤᠭᠤᠯᠠᠶ ᠭᠤᠤ᠂ ᠭᠧ ᠰᠢᠶᠧ ᠭᠠᠶ ᠭᠸᠦ ᠨᠢᠭᠡᠨᠲᠡ ᠳᠠᠯᠠᠨ ᠬᠠᠷ᠎ᠠ | ᠠᠭᠤᠯᠠ ᠶᠢᠨ ᠡᠮᠦᠨ᠎ᠡ ᠪᠠᠯ ᠤᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠱᠠᠲᠤ ᠦᠶ᠎ᠡ ᠶᠢᠨ ᠴᠢᠨᠠᠷᠲᠠᠶ | ᠵᠠᠰᠠᠬᠤ ᠡᠭᠦᠷᠭᠡ ᠪᠠᠨ ᠪᠡᠶᠡᠯᠡᠭᠦᠯᠵᠦ᠂ ᠪᠣᠷᠣᠭᠠᠨ ᠤ ᠤᠯᠠᠷᠢᠯ ᠳᠤ ᠦᠶᠡᠷ ᠰᠠᠭᠠᠳ ᠦᠭᠡᠶ ᠨᠡᠪᠲᠡᠷᠡᠭᠰᠡᠨ ᠠᠴᠠ ᠪᠣᠯᠵᠤ | ᠨᠢᠭᠡᠨᠲᠡ ᠪᠡᠶᠡᠯᠡᠭᠦᠯᠦᠭᠰᠡᠨ ᠵᠠᠰᠠᠯᠲᠠ ᠶᠢᠨ ᠦᠷ᠎ᠡ ᠪᠦᠲᠦᠭᠡᠯ ᠳᠤ ᠡᠪᠳᠡᠯᠡᠭᠡ ᠤᠴᠠᠷᠠᠭᠤᠯᠬᠤ ᠠᠴᠠ ᠵᠠᠶᠢᠯᠠᠰᠬᠢᠬᠦ | ᠴᠢᠬᠤᠯᠠᠲᠠᠶ ᠪᠠᠶᠢᠨ᠎ᠠ᠃ | 5 . ᠳ᠋ᠦᠩ ᠾᠧ ᠲᠣᠭᠤᠷᠢᠭ ᠤᠨ ᠬᠤᠭᠤᠯᠠᠶ ᠭᠤᠤ᠂ ᠱᠠᠨ ᠾᠧ ᠶᠤᠸᠠᠨ ᠭᠸᠦ᠂ ᠰᠢᠤᠸᠠᠢ ᠬᠠᠢ ᠭᠸᠦ᠂ | ᠷᠠᠰᠢᠶᠠᠨ ᠭᠤᠤ᠂ ᠤᠳᠠᠨ ᠭᠤᠤ᠂ ᠶᠠᠩ ᠭᠧ ᠯᠧᠩ ᠵᠡᠷᠭᠡ ᠣᠷᠣᠨ ᠪᠦᠰᠡ ᠶᠢᠨ ᠠᠭᠤᠷᠬᠠᠶ ᠶᠢ ᠬᠠᠭᠠᠵᠤ | ᠵᠣᠭᠰᠣᠭᠠᠬᠤ ᠮᠠᠯᠲᠠᠬᠤ ᠲᠠᠯᠠᠪᠠᠢ ᠳᠤ᠂ ᠨᠡᠭᠡᠭᠡᠨ ᠮᠠᠯᠲᠠᠵᠤ ᠦᠶ᠋ᠯᠡᠳᠪᠦᠷᠢᠯᠡᠬᠦ ᠦᠶᠡᠰ ᠴᠢᠯᠠᠭᠤᠯᠢᠭ ᠤᠨ ᠤᠤᠯ ᠤᠨ | ᠬᠤᠪᠢᠷᠠᠭᠠᠭᠳᠠᠯ ᠤᠨ ᠬᠦᠴᠦᠯᠡᠴᠡ ᠶᠢᠨ ᠲᠠᠯᠠᠪᠠᠢ ᠶᠢᠨ ᠲᠠᠷᠬᠠᠯᠲᠠ ᠶᠢ ᠬᠤᠪᠢᠷᠠᠭᠤᠯᠤᠭᠰᠠᠨ ᠠᠴᠠ ᠪᠣᠯᠵᠤ᠂ | ᠴᠢᠯᠠᠭᠤᠯᠢᠭ ᠤᠨ ᠪᠦᠬᠦᠯᠢ ᠴᠣᠭᠴᠠᠲᠤ ᠴᠢᠨᠠᠷ ᠢ ᠪᠤᠢ ᠪᠣᠯᠭᠠᠪᠠ᠃ | 6 . ᠳ᠋ᠦᠩ ᠾᠧ ᠲᠣᠭᠤᠷᠢᠭ ᠤᠨ ᠶᠤᠸᠠᠨ ᠬᠤᠤ ᠯᠠᠶ ᠭᠸᠦ ᠲᠡᠮᠦᠷ ᠤᠨ ᠠᠭᠤᠷᠬᠠᠶ᠂ ᠪᠣᠷᠣᠭᠠᠨ ᠤ | ᠤᠯᠠᠷᠢᠯ ᠳᠤ ᠪᠣᠷᠣᠭᠠᠨ ᠤ ᠤᠰᠤ ᠴᠥᠮᠥᠷᠡᠭᠰᠡᠨ ᠨᠦᠬᠡᠨ ᠳᠤ ᠣᠷᠣᠪᠠᠯ ᠳᠠᠬᠢᠨᠲᠠ ᠴᠥᠮᠥᠷᠡᠵᠦ᠂ ᠡᠷᠭᠢᠨ | ᠲᠣᠭᠤᠷᠢᠨ ᠤ ᠴᠢᠮᠡᠭᠡ ᠬᠤᠯᠪᠣᠭᠠᠨ ᠤ ᠱᠤᠭᠤᠮ᠂ ᠴᠠᠬᠢᠯᠭᠠᠨ ᠬᠦᠷᠭᠡᠬᠦ ᠱᠤᠭᠤᠮ᠂ ᠵᠠᠰᠠᠮᠠᠯ ᠵᠠᠮ ᠤᠨ ᠠᠮᠤᠷ | ᠲᠦᠪᠰᠢᠨ ᠵᠡᠷᠭᠡ ᠶᠢ ᠰᠦᠷᠳᠡᠭᠦᠯᠬᠦ ᠪᠣᠯᠤᠯᠴᠠᠭ᠎ᠠ ᠲᠠᠢ᠃ | 7 . ᠯᠢᠶᠠᠨ ᠬᠤᠸᠠ ᠱᠠᠨ ᠠᠭᠤᠯᠠᠨ ᠤ ᠵᠢᠭᠤᠯᠴᠢᠯᠠᠯ ᠤᠨ ᠣᠷᠣᠨ ᠤ ᠳᠡᠭᠡᠳᠦ ᠤᠷᠤᠰᠬᠠᠯ ᠳᠤ ᠤᠰᠤᠨ | ᠬᠠᠰᠢᠯᠭ᠎ᠠ ᠪᠠᠷᠢᠵᠤ᠂ ᠪᠣᠷᠣᠭᠠᠨ ᠤ ᠤᠯᠠᠷᠢᠯ ᠳᠤ ᠲᠤᠨᠤᠭᠰᠠᠨ ᠤᠰᠤᠨ ᠤ ᠬᠡᠮᠵᠢᠶ᠎ᠡ ᠨᠢ ᠨᠡᠮᠡᠭᠳᠡᠬᠦ ᠠᠴᠠ ᠪᠣᠯᠵᠤ᠂ | ᠬᠠᠰᠢᠯᠭ᠎ᠠ ᠨᠤᠷᠠᠬᠤ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ | 8 . ᠳ᠋ᠦᠩ ᠾᠧ ᠲᠣᠭᠤᠷᠢᠭ ᠤᠨ ᠶᠠᠩ ᠭᠧ ᠯᠧᠩ ᠨᠡᠭᠦᠷᠡᠰᠦᠨ ᠠᠭᠤᠷᠬᠠᠶ ᠶᠢᠨ ᠣᠷᠣᠨ ᠣᠯᠠᠨ ᠵᠢᠯ ᠶᠡᠭᠡ | ᠬᠡᠮᠵᠢᠶ᠎ᠡ ᠪᠠᠷ ᠨᠡᠭᠦᠷᠡᠰᠦ ᠮᠠᠯᠲᠠᠭᠰᠠᠨ ᠠᠴᠠ ᠭᠠᠵᠠᠷ ᠳᠤᠤᠷᠠᠬᠢ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ | ᠲᠠᠯᠠᠪᠠᠶ ᠨᠢ ᠶᠡᠭᠡ ᠪᠠᠶᠢᠵᠤ᠂ ᠴᠢᠯᠠᠭᠤᠯᠢᠭ ᠤᠨ ᠠᠩᠬᠠᠨ ᠤ ᠬᠤᠪᠢᠷᠠᠭᠠᠭᠳᠠᠯ ᠤᠨ ᠬᠦᠴᠦᠯᠡᠴᠡ ᠶᠢᠨ ᠲᠠᠯᠠᠪᠠᠶ ᠶᠢ | ᠬᠤᠪᠢᠷᠠᠭᠤᠯᠵᠤ᠂ ᠴᠢᠯᠠᠭᠤᠯᠢᠭ ᠤᠨ ᠪᠦᠬᠦᠯᠢ ᠴᠣᠭᠴᠠᠲᠤ ᠴᠢᠨᠠᠷ ᠪᠠ ᠲᠣᠭᠲᠠᠪᠤᠷᠢᠲᠤ ᠴᠢᠨᠠᠷ ᠨᠢ ᠪᠠᠭᠤᠷᠠᠵᠤ᠂ | ᠠᠮᠠᠷᠬᠠᠨ ᠨᠤᠷᠠᠬᠤ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠤᠨ ᠭᠠᠮᠰᠢᠭ ᠭᠠᠷᠳᠠᠭ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠃ | 2021 ᠣᠨ ᠤ ᠳ᠋ᠦᠩ ᠾᠧ ᠲᠣᠭᠤᠷᠢᠭ ᠤᠨ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠡᠯ᠎ᠡ ᠵᠦᠶ᠋ᠯ ᠤᠨ ᠰᠡᠷᠭᠡᠶᠢᠯᠡᠨ | ᠵᠠᠰᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠤᠰᠠᠳᠠ᠂ | ᠲᠣᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠭᠤᠯᠤᠨ ᠲᠣᠭᠲᠠᠭᠠᠯᠭᠠᠭᠠᠳ ᠳ᠋ᠦᠩ ᠾᠧ ᠲᠣᠭᠤᠷᠢᠭ ᠤᠨ | ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠂ | ᠪᠦᠷᠢᠯᠳᠦᠬᠦᠨ ᠨᠢ ᠳᠤᠤᠷᠠᠬᠢ ᠮᠡᠲᠦ᠄᠃ | ᠳᠤᠭᠤᠶᠢᠯᠠᠩ ᠤᠨ ᠳᠠᠷᠤᠭ᠎ᠠ᠄ ᠯᠢ ᠰᠢᠶᠤᠤ ᠬᠤᠩ ︵ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ︶ | ᠃ | ᠳᠤᠭᠤᠶᠢᠯᠠᠩ ᠤᠨ ᠳᠡᠳ᠋ ᠳᠠᠷᠤᠭ᠎ᠠ᠄ ᠱᠢ ᠺᠠᠢ ︵ᠨᠤᠲᠤᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ | ᠡᠷᠬᠢᠯᠡᠭᠴᠢ︶᠃ | ᠡᠦ ᡁᠢ ᠶᠦᠩ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳ᠋ᠦᠩ ᠾᠧ | ᠲᠣᠭᠤᠷᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ︶᠃ | ᠴᠠᠩ ᠶᠠᠨ ᠯᠸᠢ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳ᠋ᠦᠩ ᠾᠧ | ᠲᠣᠭᠤᠷᠢᠭ ᠤᠨ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ︶᠃ | ᠰᠦᠨ ᠴᠧᠩ ᠳ᠋ᠦᠩ ︵ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ︶᠃ | ᠭᠦᠸᠧ ᠢᠦᠶ ︵ᠰᠠᠷᠠᠴᠢᠨ ᠪᠠᠯᠭᠠᠰᠤᠨ ᠤ ᠳᠠᠷᠤᠭ᠎ᠠ︶᠃ | ᠦ᠋ ᠵᠢᠶᠧ ︵ᠾᠧ ᠳ᠋ᠦᠩ ᠪᠠᠯᠭᠠᠰᠤᠨ ᠤ ᠳᠠᠷᠤᠭ᠎ᠠ︶᠃ | ᠸᠠᠩ ᠵᠢᠶᠦ᠋ᠨ ᠫᠢᠩ ︵ᠶᠠᠩ ᠭᠧ ᠯᠤᠩ ᠵᠡᠭᠡᠯᠢ ᠭᠤᠳᠤᠮᠵᠢ ᠶᠢᠨ ᠡᠷᠬᠢᠯᠡᠭᠴᠢ︶᠃ | ᠪᠦᠷᠢᠯᠳᠦᠬᠦᠨ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠬᠤᠪᠢᠶᠠᠷᠢ ᠲᠣᠪᠴᠢᠶ᠎ᠠ᠂ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩ ᠾᠧ ᠬᠤᠪᠢᠶᠠᠷᠢ | ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠣᠭᠤᠷᠢᠭ ᠤᠨ | ᠠᠷᠠᠳ ᠤᠨ ᠶᠠᠪᠤᠳᠠᠯ ᠤᠨ ᠶᠠᠮᠤᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠤᠭᠤᠲᠤ ᠶᠢᠨ ᠴᠠᠬᠢᠯᠭᠠᠨ ᠬᠠᠩᠭᠠᠬᠤ | ᠲᠣᠪᠴᠢᠶ᠎ᠠ ᠶᠢᠨ ᠳ᠋ᠦᠩ ᠾᠧ ᠬᠤᠪᠢᠶᠠᠷᠢ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠳ᠋ᠦᠩ ᠾᠧ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳ᠋ᠦᠩ ᠰᠢᠩ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠤᠶᠠᠷ ᠪᠠᠯᠭᠠᠰᠤ᠃ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠬᠤᠪᠢᠶᠠᠷᠢ ᠲᠣᠪᠴᠢᠶ᠎ᠠ ᠳᠤ | ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠦ ᡁᠢ ᠶᠦᠩ ᠨᠥᠬᠦᠷ ᠬᠠᠪᠰᠤᠷᠭᠠᠨ ᠡᠭᠦᠷᠭᠡᠯᠡᠵᠦ᠂ | ᠡᠳᠦᠷ ᠲᠤᠲᠤᠮ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠳᠡᠳ᠋ ᠡᠷᠬᠢᠯᠡᠭᠴᠢ ᠶᠢ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠬᠤᠪᠢᠶᠠᠷᠢ | ᠲᠣᠪᠴᠢᠶ᠎ᠠ ᠪᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠵᠠᠷ ᠤᠨ | ᠭᠠᠮᠰᠢᠭ ᠤᠨ ᠠᠵᠢᠯ ᠢ ᠬᠤᠪᠢᠳᠠᠨ ᠬᠠᠮᠢᠶᠠᠷᠴᠤ ᠪᠠᠢᠭ᠎ᠠ ᠳᠡᠳ᠋ ᠲᠣᠪᠴᠢᠶᠠᠨ ᠳᠠᠷᠤᠭ᠎ᠠ ᠡᠭᠦᠷᠭᠡᠯᠡᠵᠦ᠂ ᠠᠵᠢᠯᠲᠠᠨ ᠢ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠬᠤᠪᠢᠶᠠᠷᠢ | ᠲᠣᠪᠴᠢᠶ᠎ᠠ ᠪᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ | ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠯᠦᠨ᠎ᠡ᠃ | ᠲᠠᠪᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠠᠪᠤᠳᠠᠯ ᠢ ᠴᠢᠬᠤᠯᠠ ᠠᠵᠢᠯ | ᠪᠣᠯᠭᠠᠨ ᠠᠳᠬᠤᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠢᠭᠤᠴᠠᠯᠭ᠎ᠠ ᠲᠠᠢ | ᠣᠪᠣᠷ ᠢᠶᠠᠷ ᠤᠯᠤᠰ ᠣᠷᠣᠨ ᠪᠣᠯᠤᠨ ᠠᠷᠠᠳ ᠣᠯᠠᠨ ᠤ ᠠᠮᠢ ᠨᠠᠰᠤ ᠡᠳ ᠬᠥᠷᠥᠩᠭᠡ ᠶᠢᠨ ᠠᠮᠤᠷ ᠲᠦᠪᠰᠢᠨ ᠢ | ᠦᠨᠡᠨᠬᠦ ᠬᠠᠮᠠᠭᠠᠯᠠᠬᠤ ᠬᠡᠷᠡᠭᠲᠡᠶ᠃ 24 ᠴᠠᠭ ᠢᠶᠠᠷ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ | ᠪᠠᠶᠢᠭᠤᠯᠵᠤ᠂ ᠵᠢᠵᠢᠭᠦᠷᠯᠡᠬᠦ ᠬᠤᠭᠤᠴᠠᠭᠠᠨ ᠳᠤ ᠵᠢᠵᠢᠭᠦᠷᠯᠡᠬᠦ ᠬᠥᠮᠦᠰ ᠴᠢᠮᠡᠭᠡ ᠬᠤᠯᠪᠣᠭ᠎ᠠ ᠶᠢᠨ ᠰᠠᠭᠠᠳ ᠥᠬᠡᠶ | ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠵᠠᠶᠢᠯᠠᠬᠤ ᠪᠠ ᠵᠠᠰᠠᠬᠤ ᠶᠢ | ᠤᠶᠠᠯᠳᠤᠭᠤᠯᠬᠤ ᠴᠢᠭᠯᠡᠯᠲᠡ ᠪᠠ ︽ᠬᠡᠨ ᠥᠳᠥᠭᠡᠪᠡᠯ ᠬᠡᠨ ᠵᠠᠰᠠᠬᠤ︾ ᠵᠠᠷᠴᠢᠮ ᠢ ᠪᠠᠷᠢᠮᠲᠠᠯᠠᠵᠤ᠂ ᠵᠠᠰᠠᠭ | ᠵᠠᠬᠢᠷᠭᠠᠨ ᠤ ᠬᠠᠷᠢᠶᠠᠯᠠᠯ ᠪᠠ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠡᠷᠬᠡ ᠶᠢᠨ ᠶᠣᠰᠣᠭᠠᠷ ᠤᠷᠢᠳᠴᠢᠯᠠᠨ | ᠰᠡᠷᠭᠡᠶᠢᠯᠡᠵᠦ ᠤᠷᠢᠳᠴᠢᠯᠠᠨ ᠮᠡᠳᠡᠭᠡᠯᠡᠬᠦ ᠬᠠᠷᠢᠭᠤᠴᠠᠯᠭ᠎ᠠ ᠶᠢ ᠲᠣᠭᠲᠠᠭᠠᠨ᠎ᠠ᠃ | ︵ᠨᠢᠭᠡ︶ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ ᠰᠢᠯᠢᠳᠡᠭ ᠡᠷᠦᠭᠡ ᠶᠢᠨ | ᠴᠡᠷᠢᠭ ᠢᠶᠠᠷ ᠭᠤᠣᠯᠯᠠᠭᠴᠢ ᠬᠦᠴᠦᠨ ᠪᠣᠯᠭᠠᠭᠰᠠᠨ ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠬᠤ ᠶᠢ | ᠬᠠᠷᠢᠭᠤᠴᠠᠵᠤ᠂ ᠡᠩᠨᠡᠭᠡ ᠶᠢᠨ ᠰᠠᠬᠢᠨ ᠬᠠᠮᠠᠭᠠᠯᠠᠬᠤ ᠭᠠᠵᠠᠷ ᠪᠠ ᠪᠣᠳᠠᠲᠠᠢ ᠡᠭᠦᠷᠭᠡ ᠶᠢ ᠲᠣᠳᠣᠷᠬᠠᠶᠢᠯᠠᠵᠤ᠂ | ᠵᠢᠭᠰᠠᠭᠠᠯ ᠢᠶᠠᠨ ᠴᠢᠩᠳᠠᠯᠠᠨ ᠬᠦᠯᠢᠶᠡᠬᠦ ᠬᠡᠷᠡᠭᠲᠡᠢ᠃ ᠠᠶᠤᠯ ᠲᠦᠭᠰᠢᠭᠦᠷᠢ ᠲᠤᠯᠭᠠᠷᠠᠪᠠᠯ ᠴᠠᠭ ᠢᠮᠠᠭᠲᠠ ᠠᠶᠤᠯ ᠠᠴᠠ | ᠠᠪᠤᠷᠠᠨ ᠭᠠᠮᠰᠢᠭ ᠲᠠᠢ ᠲᠡᠮᠡᠴᠡᠬᠦ ᠬᠡᠷᠡᠭᠲᠡᠶ᠃ | ︵ᠬᠤᠶᠠᠷ︶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ | ᠬᠤᠪᠢᠶᠠᠷᠢ ᠲᠣᠪᠴᠢᠶ᠎ᠠ᠄ ᠣᠷᠣᠨ ᠤ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠪᠠᠶᠢᠳᠠᠯ ᠲᠠᠢ | ᠤᠶᠠᠯᠳᠤᠭᠤᠯᠤᠨ ᠬᠠᠷᠢᠶ᠎ᠠ ᠣᠷᠣᠨ ᠤ ᠳᠣᠲᠣᠷᠠᠬᠢ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠳᠠᠯᠳᠠ ᠭᠡᠮ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠴᠠᠭ | ᠠᠭᠤᠷ ᠤᠨ ᠪᠠᠶᠢᠳᠠᠯ ᠢ ᠬᠢᠨᠠᠨ ᠬᠡᠮᠵᠢᠬᠦ ᠪᠠ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠤᠨ ᠶᠣᠰᠣᠭᠠᠷ᠂ ᠴᠠᠭ | ᠠᠭᠤᠷ ᠤᠨ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ ᠪᠠ ᠲᠥᠰᠦᠭᠡᠯᠡᠵᠦ᠂ ᠦᠶᠡᠷ ᠤᠨ ᠬᠤᠭᠤᠴᠠᠭᠠᠨ ᠳᠤ ᠴᠠᠭ | ᠠᠭᠤᠷ ᠤᠨ ᠴᠢᠬᠤᠯᠠ ᠪᠠᠶᠢᠳᠠᠯ ᠪᠠ ᠭᠠᠮᠰᠢᠭ ᠤᠨ ᠴᠢᠨᠠᠷᠲᠠᠶ ᠴᠠᠭ ᠠᠭᠤᠷ ᠢ ᠴᠠᠭ ᠲᠤᠬᠠᠶ ᠳᠤᠨᠢ ᠤᠷᠢᠳᠴᠢᠯᠠᠨ | ᠮᠡᠳᠡᠭᠡᠯᠡᠬᠦ ᠶᠢᠨ ᠬᠠᠮᠲᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠵᠢᠴᠢ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠳᠤ ᠴᠠᠭ ᠠᠭᠤᠷ ᠢ ᠬᠢᠨᠠᠨ ᠬᠡᠮᠵᠢᠬᠦ ᠪᠠ | ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠬᠠᠩᠭᠠᠵᠤ᠂ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠳᠤ ᠴᠠᠭ ᠠᠭᠤᠷ ᠤᠨ ᠮᠡᠳᠡᠭᠡ ᠵᠠᠩᠭᠢ ᠶᠢᠨ ᠪᠠᠲᠤᠯᠠᠭ᠎ᠠ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠠᠪᠤᠴᠠ ᠳᠤ᠂ ᠣᠯᠵᠤ ᠮᠡᠳᠡᠭᠰᠡᠨ ᠭᠠᠵᠠᠷ ᠤᠨ | ᠭᠠᠮᠰᠢᠭ ᠤᠨ ᠳᠠᠯᠳᠠ ᠭᠡᠮ ᠢ ᠲᠡᠮᠦᠷ ᠵᠠᠮ᠂ ᠵᠠᠰᠠᠮᠠᠯ ᠵᠠᠮ᠂ ᠵᠢᠭᠤᠯᠴᠢᠯᠠᠯ ᠤᠨ ᠣᠷᠣᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠨ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠲᠤᠬᠠᠶ ᠶᠢᠨ | ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠡᠪᠲᠡᠷᠡᠭᠦᠯᠬᠦ ᠬᠡᠷᠡᠭᠲᠡᠶ᠃ | ︵ᠭᠤᠷᠪᠠ︶ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠪᠦᠬᠦ ᠣᠷᠣᠨ ᠤ | ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠶᠡᠷᠦᠩᠬᠡᠶᠢᠯᠡᠨ ᠬᠠᠮᠢᠶᠠᠷᠴᠤ ᠬᠢᠨᠠᠯᠲᠠ ᠲᠠᠯᠪᠢᠬᠤ ᠶᠢ ᠬᠠᠷᠢᠭᠤᠴᠠᠨ᠂ | ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠪᠠ ᠲᠥᠰᠦᠭᠡᠯᠡᠵᠦ᠂ ᠪᠦᠬᠦ ᠣᠷᠣᠨ ᠤ ᠠᠶᠤᠯ ᠦᠭᠡᠶ | ᠦᠢᠯᠡᠳᠪᠦᠷᠢᠯᠡᠯ ᠤᠨ ᠠᠵᠢᠯ ᠤᠨ ᠲᠥᠯᠥᠪᠵᠢᠭᠦᠯᠭᠡ ᠶᠢ ᠲᠣᠭᠲᠠᠭᠠᠨ᠂ ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠵᠢᠯᠣᠭᠤᠳᠴᠤ᠂ | ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠭᠡᠨᠡᠳᠲᠡ ᠡᠭᠦᠰᠬᠦ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠨ ᠰᠢᠶ᠋ᠳᠪᠦᠷᠢᠯᠡᠬᠦ ᠪᠠ ᠠᠶᠤᠯ ᠠᠴᠠ ᠠᠪᠤᠷᠠᠨ ᠲᠤᠰᠠᠯᠠᠬᠤ ᠠᠵᠢᠯ ᠢ ᠴᠢᠩᠭᠠᠳᠬᠠᠨ᠎ᠠ᠃ ᠡᠯ᠎ᠡ ᠵᠡᠭᠡᠯᠢ | ᠭᠤᠳᠤᠮᠵᠢ᠂ ᠪᠠᠯᠭᠠᠰᠤ᠂ ᠲᠣᠰᠬᠤᠨ ᠵᠢᠴᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠡᠳᠦᠷ | ᠲᠤᠲᠤᠮ ᠤᠨ ᠲᠣᠭᠤᠷᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠭᠠᠵᠠᠷ ᠤᠨ ᠭᠠᠮᠰᠢᠭ ᠤᠨ ᠳᠠᠯᠳᠠ ᠭᠡᠮ ᠢ | ᠴᠠᠭ ᠲᠤᠬᠠᠶ ᠳᠤᠨᠢ ᠲᠣᠭᠤᠷᠢᠭ ᠤᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠬᠤ | ᠡᠩᠨᠡᠭᠡᠨ ᠤ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠵᠡᠷᠭᠡ | ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠬᠤᠯᠠ ᠪᠦᠬᠦᠢ ᠲᠣᠨᠣᠭᠯᠠᠯ ᠢ ᠲᠣᠬᠢᠷᠠᠭᠤᠯᠬᠤ ᠬᠡᠷᠡᠭᠲᠡᠶ᠃ | ᠳᠡᠭᠡᠷᠡᠬᠢ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠠᠶᠤᠯᠲᠤ ᠪᠠᠢᠳᠠᠯ ᠪᠤᠶᠤ ᠭᠠᠮᠰᠢᠭ ᠤᠨ ᠪᠠᠢᠳᠠᠯ ᠭᠠᠷᠤᠮᠠᠭᠴᠠ᠂ | ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠲᠤᠰᠬᠠᠢ ᠮᠡᠷᠭᠡᠵᠢᠯ ᠤᠨ ᠬᠦᠴᠦᠨ ᠢ ᠳᠠᠷᠤᠢ ᠲᠦᠷᠭᠡᠨ ᠵᠣᠬᠢᠶᠠᠨ | ᠪᠠᠶᠢᠭᠤᠯᠵᠤ ᠲᠤᠬᠠᠢ ᠶᠢᠨ ᠲᠠᠯᠠᠪᠤᠷ ᠲᠤ ᠲᠦᠷᠭᠡᠨ ᠬᠦᠷᠭᠡᠬᠦ ᠶᠢᠨ ᠬᠠᠮᠲᠤ᠂ ᠡᠯ᠎ᠡ ᠵᠡᠭᠡᠯᠢ ᠭᠤᠳᠤᠮᠵᠢ᠂ ᠰᠢᠶᠠᠩ | ᠪᠠᠯᠭᠠᠰᠤ ᠵᠢᠷᠤᠮ ᠶᠣᠰᠣᠭᠠᠷ ᠣᠷᠣᠨ ᠤ ᠵᠠᠰᠠᠭ ᠤᠨ ᠣᠷᠳᠣᠨ᠂ ᠣᠷᠣᠨ ᠤ ᠪᠠᠴᠢᠮ ᠪᠠᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠂ ᠳ᠋ᠦᠩ ᠾᠧ ᠲᠣᠭᠤᠷᠢᠭ ᠤᠨ ᠭᠡᠨᠡᠳᠲᠡ ᠶᠢᠨ ᠭᠠᠵᠠᠷ | ᠰᠢᠨᠵᠢᠯᠡᠭᠡᠨ ᠤ ᠭᠠᠢ ᠭᠠᠮᠰᠢᠭ ᠤᠨ ᠪᠠᠴᠢᠮ ᠪᠠᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠵᠦ᠂ | ᠤᠷᠢᠳᠴᠢᠯᠠᠭᠰᠠᠨ ᠲᠥᠰᠦᠯ ᠤᠨ ᠶᠣᠰᠣᠭᠠᠷ ᠭᠠᠢ ᠭᠠᠮᠰᠢᠭ ᠢ ᠳᠡᠭᠡᠭᠰᠢ ᠮᠡᠳᠡᠭᠦᠯᠬᠦ᠂ ᠪᠠᠴᠢᠮ ᠪᠠᠢᠳᠠᠯ ᠢ ᠪᠠᠶᠢᠴᠠᠭᠠᠬᠤ | ᠪᠠ ᠠᠶᠤᠯ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠦᠨ᠎ᠡ᠃ ᠭᠠᠮᠰᠢᠭᠳᠠᠭᠰᠠᠨ ᠣᠯᠠᠨ ᠲᠦᠮᠡᠨ ᠳᠤ ᠲᠦᠷ | ᠴᠠᠭ ᠤᠨ ᠮᠠᠶᠢᠬᠠᠨ ᠣᠯᠭᠤᠬᠤ ᠶᠢ ᠬᠠᠷᠢᠭᠤᠴᠠᠵᠤ᠂ ᠪᠦᠬᠦ ᠣᠷᠣᠨ ᠤ ᠭᠠᠵᠠᠷ ᠤᠨ ᠭᠠᠮᠰᠢᠭ ᠤᠨ ᠠᠶᠤᠯ ᠠᠴᠠ | ᠠᠪᠤᠷᠠᠨ ᠭᠠᠮᠰᠢᠭ ᠠᠴᠠ ᠠᠪᠤᠷᠠᠬᠤ ᠠᠵᠢᠯ ᠢ ᠵᠣᠬᠢᠴᠠᠭᠤᠯᠤᠨ᠎ᠠ᠃ ᠲᠤᠬᠠᠶ ᠶᠢᠨ ᠭᠠᠵᠠᠷ ᠲᠤ ᠣᠨᠴᠠ ᠶᠡᠭᠡ᠂ ᠲᠣᠮᠣ | ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠮᠰᠢᠭ ᠭᠠᠷᠤᠭᠰᠠᠨ ᠤ ᠳᠠᠷᠠᠭ᠎ᠠ᠂ ᠡᠯ᠎ᠡ ᠵᠡᠭᠡᠯᠢ ᠭᠤᠳᠤᠮᠵᠢ᠂ ᠰᠢᠶᠠᠩ | ᠪᠠᠯᠭᠠᠰᠤ ᠨᠢ ᠲᠡᠷᠡ ᠳᠠᠷᠤᠶ ᠳᠤᠨᠢ ᠲᠣᠭᠤᠷᠢᠭ ᠤᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠂ | ᠲᠣᠭᠤᠷᠢᠭ ᠤᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠲᠦᠷᠭᠡᠨ ᠮᠡᠳᠡᠭᠦᠯᠵᠦ᠂ ᠲᠡᠷᠡ | ᠳᠠᠷᠤᠶ ᠳᠤᠨᠢ ᠳᠡᠭᠡᠭᠰᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠳᠤ ᠮᠡᠳᠡᠭᠦᠯᠬᠦ ᠬᠡᠷᠡᠭᠲᠡᠶ᠃ ᠲᠤᠬᠠᠶ ᠶᠢᠨ ᠭᠠᠵᠠᠷ ᠤᠨ ᠳᠤᠮᠳᠠ᠂ ᠪᠠᠭ᠎ᠠ ᠬᠡᠯᠪᠡᠷᠢ ᠶᠢᠨ ᠭᠠᠵᠠᠷ ᠤᠨ | ᠭᠠᠮᠰᠢᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ 2 ᠴᠠᠭ ᠤᠨ ᠳᠣᠲᠣᠷ᠎ᠠ ᠣᠷᠣᠨ ᠤ ᠵᠠᠰᠠᠭ ᠤᠨ ᠣᠷᠳᠣᠨ | ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠲᠤ ᠲᠦᠷᠭᠡᠨ ᠮᠡᠳᠡᠭᠦᠯᠬᠦ ᠶᠢᠨ ᠬᠠᠮᠲᠤ᠂ ᠰᠢᠭᠤᠳ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠦᠷᠭᠡᠨ | ᠮᠡᠳᠡᠭᠦᠯᠬᠦ ᠬᠡᠷᠡᠭᠲᠡᠶ᠃ | ︵ᠳᠥᠷᠪᠡ︶ ᠣᠷᠣᠨ ᠤ ᠵᠠᠰᠠᠭ ᠤᠨ ᠣᠷᠳᠣᠨ ᠤ ᠠᠯᠪᠠᠨ ᠭᠡᠷ᠄ ᠭᠠᠵᠠᠷ ᠤᠨ ᠭᠠᠮᠰᠢᠭ ᠢ ᠰᠡᠷᠭᠡᠶᠢᠯᠡᠬᠦ | ᠠᠵᠢᠯ ᠤᠨ ᠪᠡᠯᠡᠳᠬᠡᠯ ᠤᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ | ︵ᠲᠠᠪᠤ︶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩ ᠾᠧ ᠬᠤᠪᠢᠶᠠᠷᠢ ᠲᠣᠪᠴᠢᠶ᠎ᠠ | ᠄ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠠᠮᠤᠷ ᠲᠦᠪᠰᠢᠨ ᠤ ᠡᠮᠬᠢ ᠳᠢᠭᠯᠢᠮ ᠪᠠ ᠭᠠᠮᠰᠢᠭᠳᠠᠭᠰᠠᠨ | ᠣᠷᠣᠨ ᠤ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠵᠢᠴᠢ ᠠᠮᠤᠷ ᠲᠦᠪᠰᠢᠨ ᠢ ᠬᠠᠮᠠᠭᠠᠯᠠᠬᠤ ᠠᠵᠢᠯ ᠢ | ᠬᠠᠷᠢᠭᠤᠴᠠᠵᠤ᠂ ᠴᠤᠤᠷᠬᠠᠯ ᠲᠠᠯᠪᠢᠨ ᠣᠯᠠᠨ ᠢ ᠦᠢᠮᠡᠭᠦᠯᠬᠦ ᠪᠠ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ | ᠡᠳ᠋ ᠪᠠᠷᠠᠭ᠎ᠠ ᠪᠡᠯᠡᠳᠬᠡᠮᠵᠢ ᠶᠢ ᠬᠤᠯᠠᠭᠠᠶᠢᠯᠠᠬᠤ᠂ ᠡᠪᠳᠡᠬᠦ ᠵᠡᠷᠭᠡ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ᠂ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠠᠴᠠ ᠪᠣᠯᠤᠭᠰᠠᠨ ᠣᠯᠠᠨ ᠲᠦᠮᠡᠨᠴᠢ | ᠴᠢᠨᠠᠷᠲᠠᠶ ᠠᠮᠤᠷ ᠲᠦᠪᠰᠢᠨ ᠤ ᠬᠡᠷᠡᠭ ᠢ ᠲᠣᠬᠢᠲᠠᠶ ᠰᠢᠶ᠋ᠳᠪᠦᠷᠢᠯᠡᠨ᠎ᠡ᠃ ᠪᠠᠰᠠ ᠭᠠᠮᠰᠢᠭᠳᠠᠭᠰᠠᠨ ᠣᠯᠠᠨ ᠲᠦᠮᠡᠨ ᠢ | ᠬᠠᠪᠰᠤᠷᠤᠨ ᠵᠣᠬᠢᠶᠠᠨ ᠪᠠᠶᠢᠭᠤᠯᠵᠤ᠃ | ︵ᠵᠢᠷᠭᠤᠭ᠎ᠠ︶ ᠲᠣᠭᠤᠷᠢᠭ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠄ ᠬᠤᠲᠠ ᠶᠢᠨ ᠬᠠᠮᠢᠶᠠᠷᠤᠯᠲᠠ ᠶᠢᠨ ᠭᠡᠰᠢᠭᠦᠳ ᠢ ᠵᠣᠬᠢᠶᠠᠨ ᠪᠠᠶᠢᠭᠤᠯᠤᠨ ᠠᠶᠤᠯ ᠭᠠᠮᠰᠢᠭ ᠠᠴᠠ | ᠠᠪᠤᠷᠠᠬᠤ ᠳᠤ ᠣᠷᠣᠯᠴᠠᠭᠤᠯᠬᠤ ᠶᠢ ᠬᠠᠷᠢᠭᠤᠴᠠᠨ᠎ᠠ᠃ | ︵ᠳᠣᠯᠤᠭ᠎ᠠ︶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩ ᠾᠧ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠳ᠋ᠦᠩ ᠰᠢᠩ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠄ ᠠᠶᠤᠯ ᠭᠠᠮᠰᠢᠭ ᠠᠴᠠ ᠠᠪᠤᠷᠠᠬᠤ | ᠶᠠᠪᠤᠴᠠ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠵᠢᠯᠣᠭᠤᠳᠬᠤ ᠠᠵᠢᠯ ᠢ ᠬᠠᠷᠢᠭᠤᠴᠠᠨ᠎ᠠ᠂ ᠴᠢᠬᠤᠯᠠᠲᠠᠶ | ᠦᠶᠡᠰ᠂ ᠨᠢᠭᠡᠨᠲᠡ ᠲᠣᠭᠲᠠᠭᠠᠭᠰᠠᠨ ᠠᠶᠤᠯ ᠭᠠᠮᠰᠢᠭ ᠠᠴᠠ ᠠᠪᠤᠷᠠᠬᠤ ᠵᠠᠮ ᠤᠨ ᠬᠡᠰᠡᠭ ᠲᠤ ᠵᠠᠮ ᠬᠠᠷᠢᠯᠴᠠᠭᠠᠨ ᠤ | ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠠᠶᠤᠯ ᠭᠠᠮᠰᠢᠭ ᠠᠴᠠ ᠠᠪᠤᠷᠠᠬᠤ ᠵᠠᠮ ᠤᠨ ᠰᠠᠭᠠᠳ ᠦᠭᠡᠶ | ᠨᠡᠪᠲᠡᠷᠡᠬᠦ ᠶᠢ ᠦᠨᠡᠨᠬᠦ ᠪᠠᠲᠤᠯᠠᠨ᠎ᠠ᠃ | ︵ᠨᠠᠶ᠋ᠮᠠ︶ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠄ ᠪᠦᠬᠦ ᠣᠷᠣᠨ ᠤ ᠳᠠᠯᠠᠩ | ᠬᠠᠰᠢᠯᠭ᠎ᠠ᠂ ᠤᠰᠤᠨ ᠴᠥᠭᠦᠷᠥᠮ᠂ ᠬᠠᠰᠢᠯᠭ᠎ᠠ ᠵᠡᠷᠭᠡ ᠡᠯ᠎ᠡ ᠲᠥᠷᠥᠯ ᠤᠨ ᠦᠶᠡᠷ ᠢ ᠰᠡᠷᠭᠡᠶᠢᠯᠡᠬᠦ ᠪᠠᠷᠢᠯᠭ᠎ᠠ ᠪᠣᠯᠤᠨ | ᠠᠵᠢᠯᠯᠠᠭᠠᠨ ᠤ ᠭᠤᠣᠯ ᠤᠨ ᠵᠠᠮ ᠤᠨ ᠠᠶᠤᠯ ᠦᠭᠡᠶ ᠠᠵᠢᠯᠯᠠᠭᠠᠨ ᠤ ᠪᠠᠶᠢᠳᠠᠯ ᠵᠢᠴᠢ ᠭᠠᠵᠠᠷ ᠤᠨ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠤᠨ ᠪᠠᠶᠢᠴᠠᠭᠠᠯᠲᠠ᠂ ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂ | ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠭᠠᠮᠰᠢᠭ ᠤᠨ | ᠪᠠᠶᠢᠳᠠᠯ ᠢ ᠲᠥᠰᠦᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠳᠠᠮᠵᠢᠭᠤᠯᠵᠤ᠂ | ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠪᠠᠷᠢᠯᠭ᠎ᠠ ᠶᠢᠨ ᠦᠶᠡᠷ ᠢ ᠰᠡᠷᠭᠡᠶᠢᠯᠡᠬᠦ ᠵᠢᠯ ᠤᠨ ᠵᠠᠰᠠᠯᠲᠠ᠂ ᠪᠠᠴᠢᠮ | ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠪᠠ ᠤᠰᠤᠨ ᠳᠤ ᠡᠪᠳᠡᠭᠳᠡᠭᠰᠡᠨ ᠢ ᠰᠡᠷᠭᠦᠭᠡᠬᠦ ᠲᠥᠯᠥᠪᠯᠡᠭᠡ ᠶᠢ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠠᠮᠰᠢᠭ ᠠᠴᠠ ᠪᠣᠯᠤᠭᠰᠠᠨ ᠲᠠᠷᠢᠶᠠᠯᠠᠩ ᠤᠨ | ᠭᠠᠮᠰᠢᠭ ᠤᠨ ᠪᠠᠶᠢᠳᠠᠯ ᠢ ᠴᠠᠭ ᠲᠤᠬᠠᠶ ᠳᠤᠨᠢ ᠴᠤᠭᠯᠠᠭᠤᠯᠤᠨ ᠬᠠᠮᠢᠶᠠᠷᠬᠤ ᠪᠠ ᠮᠡᠳᠡᠭᠦᠯᠵᠦ᠂ ᠲᠠᠷᠢᠶᠠᠯᠠᠩ ᠤᠨ | ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠴᠤ᠂ ᠭᠠᠮᠰᠢᠭ ᠤᠨ ᠳᠠᠷᠠᠭᠠᠬᠢ ᠲᠠᠷᠢᠶᠠᠯᠠᠩ ᠤᠨ ᠦᠢᠯᠡᠳᠪᠦᠷᠢᠯᠡᠯ ᠢ | ᠰᠡᠷᠭᠦᠭᠡᠬᠦ ᠠᠵᠢᠯ ᠢ ᠬᠠᠷᠢᠭᠤᠴᠠᠨ ᠵᠢᠯᠣᠭᠤᠳᠬᠤ ᠬᠡᠷᠡᠭᠲᠡᠶ᠃ ᠣᠷᠣᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠢ | ᠬᠠᠮᠵᠢᠨ ᠭᠠᠮᠰᠢᠭᠳᠠᠭᠰᠠᠨ ᠣᠷᠣᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ | ︵ᠶᠢᠰᠦ︶ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠄ ᠪᠦᠬᠦ ᠣᠷᠣᠨ ᠤ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠭᠠᠵᠠᠷ ᠤᠨ ᠭᠠᠮᠰᠢᠭ ᠢ ᠪᠠᠶᠢᠴᠠᠭᠠᠬᠤ᠂ | ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠂ ᠭᠠᠮᠰᠢᠭ ᠤᠨ | ᠳᠠᠷᠠᠭᠠᠬᠢ ᠠᠷᠠᠳ ᠤᠨ ᠭᠡᠷ ᠪᠠᠶᠢᠰᠢᠩ ᠪᠣᠯᠤᠨ ᠠᠷᠠᠳ ᠤᠨ ᠬᠡᠷᠡᠭᠯᠡᠭᠡᠨ ᠤ ᠪᠡᠯᠡᠳᠬᠡᠮᠵᠢ ᠶᠢ ᠳᠠᠬᠢᠨ ᠪᠠᠶᠢᠭᠤᠯᠬᠤ | ᠠᠵᠢᠯ ᠢ ᠵᠢᠯᠣᠭᠤᠳᠤᠨ᠎ᠠ᠃ ᠬᠠᠷᠢᠶ᠎ᠠ ᠪᠦᠬᠦᠢ ᠵᠠᠰᠠᠮᠠᠯ ᠵᠠᠮ ᠳᠠᠭᠠᠤ᠂ ᠬᠥᠭᠦᠷᠭᠡ ᠵᠡᠷᠭᠡ ᠭᠠᠵᠠᠷ ᠤᠨ ᠭᠠᠮᠰᠢᠭ ᠤᠨ | ᠳᠠᠯᠳᠠ ᠭᠡᠮ ᠤᠨ ᠴᠢᠭ ᠢ ᠵᠢᠭᠰᠠᠭᠠᠨ ᠪᠠᠶᠢᠴᠠᠭᠠᠬᠤ ᠶᠢ ᠬᠠᠷᠢᠭᠤᠴᠠᠵᠤ᠂ ᠨᠤᠷᠠᠵᠤ ᠶᠡᠭᠦᠷᠡᠬᠦ᠂ ᠪᠡᠯ ᠶᠡᠭᠦᠷᠡᠬᠦ᠂ | ᠭᠠᠵᠠᠷ ᠤᠨ ᠨᠢᠭᠤᠷ ᠴᠥᠮᠥᠷᠡᠬᠦ ᠵᠢᠴᠢ ᠥᠨᠳᠥᠷ ᠪᠡᠯ᠂ ᠲᠣᠭᠲᠠᠭᠤᠨ ᠪᠤᠰᠤ ᠨᠠᠯᠠᠤ ᠵᠡᠷᠭᠡ ᠭᠠᠵᠠᠷ ᠤᠨ ᠭᠠᠮᠰᠢᠭ | ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠣᠨᠴᠣᠭᠤᠶᠢᠯᠠᠨ ᠠᠩᠬᠠᠷᠴᠤ᠂ ᠦᠶᠡᠷ ᠤᠨ ᠬᠤᠭᠤᠴᠠᠭᠠᠨ ᠳᠤ | ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠠᠶᠤᠯ ᠤᠨ ᠪᠠᠶᠢᠳᠠᠯ ᠢ ᠣᠯᠵᠤ ᠮᠡᠳᠡᠪᠡᠯ ᠴᠠᠭ | ᠲᠤᠬᠠᠶ ᠳᠤᠨᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵ᠠᠷᠪᠠ︶ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ᠄ ᠪᠦᠬᠦ ᠣᠷᠣᠨ ᠤ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠶᠢᠴᠠᠭᠠᠯᠲᠠ | ᠬᠢᠬᠦ ᠶᠢ ᠬᠠᠷᠢᠭᠤᠴᠠᠵᠤ᠂ ᠪᠠᠭᠰᠢ ᠰᠤᠷᠤᠭᠴᠢᠳ ᠲᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠦᠨ᠂ ᠠᠶᠤᠯ ᠭᠠᠮᠰᠢᠭ ᠠᠴᠠ ᠠᠪᠤᠷᠠᠬᠤ ᠶᠠᠪᠤᠴᠠ ᠳᠠᠬᠢ ᠪᠠᠭᠰᠢ ᠰᠤᠷᠤᠭᠴᠢᠳ ᠢ ᠠᠮᠤᠷ | ᠲᠦᠪᠰᠢᠨ ᠢᠶᠠᠷ ᠰᠢᠯᠵᠢᠭᠦᠯᠬᠦ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠣᠷᠣᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ | ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ | ᠦᠨᠡᠨᠬᠦ ᠴᠢᠩᠭᠠᠳᠬᠠᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶ ᠤ ᠭᠠᠵᠠᠷ ᠤᠨ ᠭᠠᠮᠰᠢᠭ ᠤᠨ | ᠳᠠᠯᠳᠠ ᠭᠡᠮ ᠤᠨ ᠴᠢᠭ ᠲᠤ ᠦᠶᠡᠷ ᠤᠨ ᠬᠤᠭᠤᠴᠠᠭᠠᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠵᠣᠬᠢᠬᠤ | ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠤᠨ᠂ ᠬᠢᠨᠠᠨ ᠬᠡᠮᠵᠢᠬᠦ ᠠᠷᠭ᠎ᠠ ᠬᠡᠮᠵᠢᠶ᠎ᠡ ᠲᠣᠭᠲᠠᠭᠠᠵᠤ᠂ ᠲᠦᠭᠰᠢᠭᠦᠷᠢᠲᠦ | ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠰᠢᠶ᠋ᠳᠪᠦᠷᠢᠯᠡᠨ᠎ᠡ᠃ ᠪᠥᠬᠦ ᠣᠷᠣᠨ ᠤ ᠵᠢᠭᠤᠯᠴᠢᠯᠠᠯ ᠤᠨ | ᠦᠵᠡᠮᠵᠢ ᠶᠢᠨ ᠣᠷᠣᠨ ᠤ ᠭᠠᠵᠠᠷ ᠤᠨ ᠭᠠᠮᠰᠢᠭ ᠢ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠵᠢᠭᠰᠠᠭᠠᠨ | ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠦᠶᠡᠷ ᠤᠨ ᠬᠤᠭᠤᠴᠠᠭᠠᠨ ᠤ ᠵᠢᠭᠤᠯᠴᠢᠯᠠᠯ ᠤᠨ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠵᠢᠭᠤᠯᠴᠢᠯᠠᠭᠴᠢᠳ ᠤᠨ ᠦᠶᠡᠷ ᠤᠰᠤᠲᠤᠯ ᠤᠨ ᠣᠷᠣᠨ᠂ | ᠭᠠᠵᠠᠷ ᠤᠨ ᠭᠠᠮᠰᠢᠭ ᠠᠮᠠᠷᠬᠠᠨ ᠡᠭᠦᠰᠬᠦ ᠣᠷᠣᠨ ᠳᠤ ᠣᠷᠣᠬᠤ ᠶᠢ ᠴᠢᠩᠭ᠎ᠠ ᠰᠡᠷᠭᠡᠶᠢᠯᠡᠨ᠎ᠡ᠃ | ︵ᠠᠷᠪᠠᠨ ᠬᠤᠶᠠᠷ︶ ᠣᠷᠣᠨ ᠤ ᠡᠳ᠋ ᠤᠨ ᠵᠠᠰᠠᠭ ᠤᠨ ᠲᠣᠪᠴᠢᠶ᠎ᠠ᠄ ᠭᠠᠵᠠᠷ ᠤᠨ ᠭᠠᠮᠰᠢᠭ ᠢ ᠰᠡᠷᠭᠡᠶᠢᠯᠡᠨ | ᠵᠠᠰᠠᠬᠤ ᠪᠠ ᠠᠶᠤᠯ ᠭᠠᠮᠰᠢᠭ ᠠᠴᠠ ᠠᠪᠤᠷᠠᠬᠤ ᠵᠢᠴᠢ ᠭᠠᠮᠰᠢᠭ ᠤᠨ ᠳᠠᠷᠠᠭ᠎ᠠ ᠳᠠᠬᠢᠨ ᠪᠦᠲᠦᠭᠡᠨ ᠪᠠᠶᠢᠭᠤᠯᠬᠤ ᠪᠡᠯᠡ | ᠮᠥᠩᠭᠦ ᠶᠢ ᠲᠣᠬᠢᠷᠠᠭᠤᠯᠬᠤ᠂ ᠴᠤᠭᠯᠠᠭᠤᠯᠬᠤ ᠶᠢ ᠬᠠᠷᠢᠭᠤᠴᠠᠨ᠂ ᠡᠯ᠎ᠡ ᠵᠦᠶ᠋ᠯ ᠤᠨ ᠵᠠᠷᠤᠳᠠᠯ ᠢ ᠴᠠᠭ ᠲᠤᠬᠠᠶ ᠳᠤᠨᠢ | ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ ᠪᠡᠯᠡ ᠮᠥᠩᠭᠦ ᠶᠢ ᠬᠡᠷᠡᠭᠯᠡᠬᠦ | ᠬᠠᠮᠢᠶᠠᠷᠤᠯᠲᠠ ᠪᠣᠯᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ | ︵ᠠᠷᠪᠠᠨ ᠭᠤᠷᠪᠠ︶ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠭᠠᠮᠰᠢᠭᠳᠠᠭᠰᠠᠨ ᠣᠷᠣᠨ ᠤ | ᠭᠠᠮᠰᠢᠭ ᠠᠴᠠ ᠠᠪᠤᠷᠠᠬᠤ ᠪᠠ ᠭᠠᠮᠰᠢᠭᠳᠠᠭᠰᠠᠨ ᠠᠷᠠᠳ ᠤᠨ ᠠᠮᠢᠳᠤᠷᠠᠯ ᠢ ᠠᠪᠤᠷᠠᠨ ᠲᠤᠰᠠᠯᠠᠬᠤ ᠶᠢ ᠵᠣᠬᠢᠶᠠᠨ | ᠪᠠᠶᠢᠭᠤᠯᠤᠨ ᠵᠣᠬᠢᠴᠠᠭᠤᠯᠵᠤ᠂ ᠭᠠᠮᠰᠢᠭᠳᠠᠭᠰᠠᠨ ᠠᠷᠠᠳ ᠤᠨ ᠭᠠᠮᠰᠢᠭᠳᠠᠭᠰᠠᠨ ᠬᠤᠭᠤᠴᠠᠭᠠᠨ ᠳᠠᠬᠢ ᠠᠮᠢᠳᠤᠷᠠᠯ ᠤᠨ | ᠪᠠᠲᠤᠯᠠᠭ᠎ᠠ ᠶᠢ ᠪᠠᠲᠤᠯᠠᠬᠤ ᠬᠡᠷᠡᠭᠲᠡᠶ᠃ | ︵ᠠᠷᠪᠠᠨ ᠳᠥᠷᠪᠡ︶ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠭᠠᠮᠰᠢᠭᠳᠠᠭᠰᠠᠨ | ᠣᠷᠣᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ | ᠤᠤᠭᠤᠬᠤ ᠤᠰᠤᠨ ᠤ ᠠᠶᠤᠯ ᠦᠭᠡᠶ ᠶᠢᠨ ᠠᠵᠢᠯ ᠢ ᠬᠠᠷᠢᠭᠤᠴᠠᠨ᠎ᠠ᠃ ᠭᠠᠮᠰᠢᠭ ᠭᠠᠷᠤᠭᠰᠠᠨ ᠤ ᠳᠠᠷᠠᠭ᠎ᠠ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠪᠣᠯᠤᠨ ᠠᠪᠤᠷᠠᠨ ᠲᠤᠰᠠᠯᠠᠬᠤ ᠲᠡᠷᠭᠡ ᠬᠥᠰᠬᠡ ᠶᠢ ᠵᠣᠬᠢᠶᠠᠨ ᠪᠠᠶᠢᠭᠤᠯᠤᠨ | ᠭᠠᠮᠰᠢᠭᠳᠠᠭᠰᠠᠨ ᠣᠷᠣᠨ ᠳᠤ ᠳᠠᠷᠦ᠋ᠢᠬᠠᠨ ᠣᠴᠢᠭᠤᠯᠵᠤ᠂ ᠡᠪᠡᠳᠴᠢᠨ ᠢ ᠰᠡᠷᠭᠡᠶᠢᠯᠡᠨ ᠡᠪᠡᠳᠴᠢᠨ ᠢ ᠵᠠᠰᠠᠬᠤ | ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠬᠡᠷᠡᠭᠲᠡᠶ᠃ ᠣᠷᠣᠨ ᠤ ᠬᠢᠵᠢᠭ ᠤᠨ ᠪᠠᠶᠢᠳᠠᠯ ᠪᠣᠯᠤᠨ ᠰᠡᠷᠭᠡᠶᠢᠯᠡᠨ | ᠵᠠᠰᠠᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠵᠤ᠂ ᠭᠠᠮᠰᠢᠭᠳᠠᠭᠰᠠᠨ ᠣᠷᠣᠨ ᠤ ᠠᠷᠢᠭᠤᠳᠬᠠᠬᠤ ᠪᠠ | ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠤᠤᠭᠤᠬᠤ ᠤᠰᠤᠨ ᠤ ᠠᠶᠤᠯ | ᠦᠭᠡᠶ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠰᠡᠷᠭᠡᠶᠢᠯᠡᠨ | ᠬᠢᠵᠠᠭᠠᠷᠯᠠᠬᠤ ᠬᠡᠷᠡᠭᠲᠡᠶ᠃ | ︵ᠠᠷᠪᠠᠨ ᠲᠠᠪᠤ︶ ᠪᠤᠭᠤᠲᠤ ᠶᠢᠨ ᠴᠠᠬᠢᠯᠭᠠᠨ ᠬᠠᠩᠭᠠᠬᠤ ᠲᠣᠪᠴᠢᠶ᠎ᠠ ᠶᠢᠨ ᠳ᠋᠊ ᠦᠩ ᠾᠧ ᠬᠤᠪᠢᠶᠠᠷᠢ | ᠲᠣᠪᠴᠢᠶ᠎ᠠ᠄ ᠭᠠᠮᠰᠢᠭᠳᠠᠭᠰᠠᠨ ᠣᠷᠣᠨ ᠤ ᠡᠪᠳᠡᠭᠳᠡᠭᠰᠡᠨ ᠴᠠᠬᠢᠯᠭᠠᠨ ᠬᠠᠩᠭᠠᠬᠤ ᠱᠤᠭᠤᠮ ᠢ ᠵᠠᠪᠳᠤᠨ ᠵᠠᠰᠠᠬᠤ ᠶᠢ | ᠬᠠᠷᠢᠭᠤᠴᠠᠵᠤ᠂ ᠠᠶᠤᠯ ᠭᠠᠮᠰᠢᠭ ᠠᠴᠠ ᠠᠪᠤᠷᠠᠬᠤ ᠪᠠᠴᠢᠮ ᠴᠠᠬᠢᠯᠭᠠᠨ ᠬᠡᠷᠡᠭᠯᠡᠬᠦ ᠶᠢ ᠡᠩ ᠲᠡᠷᠢᠭᠦᠨ ᠳᠤ | ᠲᠣᠬᠢᠷᠠᠭᠤᠯᠵᠤ᠂ ᠲᠤᠰ ᠰᠢᠰᠲ ᠧᠮ ᠤᠨ ᠢᠶᠠᠨ ᠤᠰᠤ ᠴᠠᠬᠢᠯᠭᠠᠨ ᠤ ᠢᠨᠵᠧᠨᠧᠷᠢᠩ ᠤᠨ ᠠᠶᠤᠯ ᠠᠴᠠ | ᠠᠪᠤᠷᠠᠬᠤ ᠳᠤ ᠬᠡᠷᠡᠭᠯᠡᠬᠦ ᠴᠠᠬᠢᠯᠭᠠᠨ ᠤ ᠠᠶᠤᠯ ᠦᠭᠡᠶ ᠶᠢᠨ ᠲᠣᠬᠢᠷᠠᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ | ︵ᠠᠷᠪᠠᠨ ᠵᠢᠷᠭᠤᠭ᠎ᠠ︶ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ᠂ ᠲᠣᠰᠬᠤᠨ ᠤ ᠠᠷᠠᠳ ᠤᠨ ᠵᠥᠪᠯᠡᠯ | ᠵᠢᠴᠢ ᠬᠤᠯᠪᠣᠭᠳᠠᠯ ᠪᠦᠬᠦᠢ ᠨᠢᠭᠡᠴᠡ ᠨᠦᠭᠦᠳ ᠬᠠᠷᠢᠶ᠎ᠠ ᠣᠷᠣᠨ ᠤ ᠪᠠᠨ ᠳᠣᠲᠣᠷᠠᠬᠢ ᠪᠠ ᠬᠠᠷᠢᠶ᠎ᠠ ᠪᠦᠬᠦᠢ ᠠᠵᠤ | ᠠᠬᠤᠶᠢᠯᠠᠯ ᠤᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠵᠠᠷ ᠤᠨ | ᠭᠠᠮᠰᠢᠭ ᠢ ᠰᠡᠷᠭᠡᠶᠢᠯᠡᠬᠦ ᠪᠠ ᠠᠶᠤᠯ ᠠᠴᠠ ᠪᠠᠴᠢᠮ ᠵᠠᠶᠢᠯᠠᠭᠤᠯᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ | ᠠᠵᠢᠯ ᠢ ᠴᠢᠩᠭᠠᠳᠬᠠᠵᠤ᠂ ᠥᠷᠭᠡᠨ ᠣᠯᠠᠨ ᠲᠦᠮᠡᠨ ᠳᠤ ᠭᠠᠵᠠᠷ ᠤᠨ ᠭᠠᠮᠰᠢᠭ ᠡᠭᠦᠰᠬᠦ ᠠᠴᠠ ᠡᠮᠦᠨᠡᠬᠢ ᠰᠢᠨᠵᠢ | ᠲᠡᠮᠳᠡᠭ ᠪᠣᠯᠤᠨ ᠡᠭᠦᠰᠬᠦ ᠦᠶ᠎ᠡ ᠶᠢᠨ ᠠᠶᠤᠯ ᠠᠴᠠ ᠪᠠᠴᠢᠮ ᠵᠠᠶᠢᠯᠠᠭᠤᠯᠬᠤ ᠮᠡᠳᠡᠯᠭᠡ ᠶᠢ ᠡᠵᠡᠮᠰᠢᠭᠦᠯᠵᠦ᠂ ᠠᠷᠠᠳ | ᠣᠯᠠᠨ ᠤ ᠠᠮᠢ ᠨᠠᠰᠤ ᠪᠣᠯᠤᠨ ᠡᠳ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠ | ᠲᠡᠭᠦᠨ ᠠᠴᠠ ᠵᠠᠶᠢᠯᠠᠰᠬᠢᠬᠦ ᠬᠡᠷᠡᠭᠲᠡᠶ᠃ ᠢᠯᠠᠩᠭᠤᠶ᠎ᠠ ᠪᠣᠷᠣᠭᠠᠨ ᠤ ᠤᠯᠠᠷᠢᠯ ᠳᠤ ᠭᠠᠵᠠᠷ ᠰᠢᠨᠵᠢᠯᠡᠭᠡᠨ ᠤ ᠭᠠᠮᠰᠢᠭ | ᠭᠠᠷᠴᠤ ᠮᠡᠳᠡᠬᠦ ᠭᠠᠵᠠᠷ ᠤᠨ ᠬᠡᠰᠡᠭ ᠲᠤ ᠪᠠᠶᠢᠴᠠᠭᠠᠯᠲᠠ ᠬᠢᠬᠦ ᠪᠠ ᠬᠢᠨᠠᠨ ᠬᠡᠮᠵᠢᠬᠦ ᠠᠵᠢᠯ ᠢᠶᠠᠨ ᠴᠢᠩᠭᠠᠳᠭᠠᠵᠤ᠂ | ᠣᠯᠵᠤ ᠮᠡᠳᠡᠭᠰᠡᠨ ᠭᠠᠵᠠᠷ ᠰᠢᠨᠵᠢᠯᠡᠭᠡᠨ ᠤ ᠭᠠᠮᠰᠢᠭ ᠤᠨ ᠡᠮᠦᠨᠡᠬᠢ ᠬᠤᠭᠤᠴᠠᠭᠠᠨ ᠤ ᠰᠢᠨᠵᠢ ᠲᠡᠮᠳᠡᠭ ᠢ ᠨᠢᠭᠲᠠ | ᠬᠢᠨᠠᠨ ᠠᠵᠢᠭᠯᠠᠵᠤ᠂ ᠲᠦᠭᠰᠢᠭᠦᠷᠢ ᠭᠠᠷᠪᠠᠯ ᠳᠠᠷᠦ᠋ᠢᠬᠠᠨ ᠳᠡᠭᠡᠭᠰᠢ ᠮᠡᠳᠡᠭᠦᠯᠬᠦ ᠶᠢᠨ ᠬᠠᠮᠲᠤ ᠣᠯᠠᠨ ᠲᠦᠮᠡᠨ ᠢ | ᠲᠠᠷᠬᠠᠭᠠᠨ ᠵᠠᠶᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠵᠠᠷ ᠤᠨ ᠭᠠᠮᠰᠢᠭ ᠭᠠᠷᠪᠠᠯ᠂ ᠲᠡᠷᠡ ᠳᠠᠷᠤᠶ ᠳᠤᠨᠢ | ᠣᠷᠣᠨ ᠤ ᠠᠷᠠᠳ ᠤᠨ ᠵᠠᠰᠠᠭ ᠤᠨ ᠣᠷᠳᠣᠨ᠂ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ | ᠵᠢᠷᠭᠤᠭ᠎ᠠ᠂ ᠭᠠᠵᠠᠷ ᠤᠨ ᠭᠠᠮᠰᠢᠭ ᠢ ᠲᠦᠷᠭᠡᠨ ᠮᠡᠳᠡᠭᠦᠯᠬᠦ ᠳᠦᠷᠢᠮ ᠵᠢᠴᠢ ᠲᠦᠷᠭᠡᠨ ᠲᠤᠰᠬᠠᠬᠤ | ᠲᠣᠭᠲᠠᠴᠠ ᠶᠢ ᠪᠠᠶᠢᠭᠤᠯᠬᠤ ᠬᠡᠷᠡᠭᠲᠡᠶ᠃ | ︵ᠨᠢᠭᠡ︶ ᠬᠠᠷᠢᠶ᠎ᠠ ᠣᠷᠣᠨ ᠤ ᠳᠣᠲᠣᠷ᠎ᠠ ᠭᠠᠵᠠᠷ ᠰᠢᠨᠵᠢᠯᠡᠭᠡᠨ ᠤ ᠭᠠᠶ ᠭᠠᠮᠰᠢᠭ ᠡᠭᠦᠰᠦᠮᠡᠭᠴᠡ᠂ ᠬᠦᠨᠳᠦ | ᠨᠣᠴᠢᠲᠠᠶ ᠡᠰᠡᠬᠦ ᠬᠠᠮᠢᠶ᠎ᠠ ᠦᠭᠡᠶ᠂ ᠬᠢᠨᠠᠨ ᠬᠡᠮᠵᠢᠯᠲᠡ ᠶᠢ ᠡᠭᠦᠷᠭᠡᠯᠡᠭᠰᠡᠨ ᠨᠢᠭᠡᠴᠡ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠨᠢᠭᠡᠳᠦᠭᠡᠷ ᠴᠠᠭ ᠲᠤ ᠣᠷᠣᠨ ᠤ ᠵᠠᠰᠠᠭ ᠤᠨ ᠣᠷᠳᠣᠨ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠲᠤ ᠭᠠᠮᠰᠢᠭ ᠤᠨ ᠪᠠᠶᠢᠳᠠᠯ ᠢ ᠮᠡᠳᠡᠭᠦᠯᠵᠦ᠂ ᠭᠠᠵᠠᠷ ᠰᠢᠨᠵᠢᠯᠡᠭᠡᠨ ᠤ ᠭᠠᠶ ᠭᠠᠮᠰᠢᠭ ᠡᠭᠦᠰᠦᠭᠰᠡᠨ ᠴᠠᠭ | ᠬᠤᠭᠤᠴᠠᠭ᠎ᠠ᠂ ᠣᠨᠣᠪᠴᠢᠲᠠᠶ ᠭᠠᠵᠠᠷ ᠣᠷᠣᠨ᠂ ᠬᠥᠮᠦᠨ ᠬᠠᠷ᠎ᠠ ᠦᠬᠦᠵᠦ ᠰᠢᠷᠬᠠᠲᠤᠭᠰᠠᠨ᠂ ᠤᠴᠠᠷᠠᠭᠤᠯᠤᠭᠰᠠᠨ | ᠬᠤᠬᠢᠷᠠᠯ᠂ ᠬᠡᠷᠡᠭᠴᠡᠭᠡ ᠪᠦᠬᠦᠢ ᠲᠤᠰᠠᠯᠠᠮᠵᠢ ᠭᠤᠶᠤᠴᠢᠯᠠᠬᠤ ᠠᠷᠭ᠎ᠠ ᠮᠠᠶ᠋ᠢᠭ ᠵᠢᠴᠢ ᠣᠴᠢᠬᠤ ᠵᠠᠮ ᠱᠤᠭᠤᠮ | ᠵᠡᠷᠭᠡ ᠶᠢ ᠲᠣᠪᠴᠢ ᠠᠪᠰᠠᠷᠬᠠᠨ ᠢᠶᠠᠷ ᠲᠣᠳᠣᠷᠬᠠᠶ ᠮᠡᠳᠡᠭᠦᠯᠬᠦ ᠬᠡᠷᠡᠭᠲᠡᠶ᠃ | ︵ᠬᠤᠶᠠᠷ︶ ᠡᠯ᠎ᠡ ᠪᠠᠯᠭᠠᠰᠤ᠂ ᠵᠡᠭᠡᠯᠢ ᠭᠤᠳᠤᠮᠵᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ | ᠂ ᠳᠠᠷᠤᠶ ᠲᠦᠷᠭᠡᠨ ᠬᠥᠮᠦᠰ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠠᠶ ᠳᠤ ᠣᠴᠢᠭᠤᠯᠵᠤ ᠭᠠᠮᠰᠢᠭ ᠡᠭᠦᠰᠬᠦ | ᠰᠢᠯᠲᠠᠭᠠᠨ ᠪᠣᠯᠤᠨ ᠬᠥᠭᠵᠢᠯᠲᠡ ᠶᠢᠨ ᠬᠠᠨᠳᠤᠰᠢ ᠶᠢ ᠪᠠᠶᠢᠴᠠᠭᠠᠨ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠬᠤ | ᠠᠷᠭ᠎ᠠ ᠬᠡᠮᠵᠢᠶ᠎ᠡ ᠠᠪᠴᠤ᠂ ᠭᠠᠮᠰᠢᠭ ᠲᠤ ᠨᠥᠯᠥᠭᠡᠯᠡᠭᠳᠡᠵᠦ ᠮᠡᠳᠡᠬᠦ ᠬᠥᠮᠦᠰ ᠢ ᠲᠠᠷᠬᠠᠭᠠᠬᠤ ᠬᠡᠷᠡᠭᠲᠡᠶ᠃ ᠴᠢᠬᠤᠯᠠ | ᠦᠶ᠋ᠯᠡᠳᠪᠦᠷᠢᠯᠡᠯ ᠤᠨ ᠪᠡᠯᠡᠳᠬᠡᠮᠵᠢ ᠶᠢ ᠬᠠᠮᠠᠭᠠᠯᠠᠬᠤ ᠪᠠ ᠰᠢᠯᠵᠢᠭᠦᠯᠵᠦ᠂ ᠪᠣᠳᠠᠲᠠᠶ ᠪᠠᠶᠢᠳᠠᠯ ᠳᠤ ᠴᠢᠭᠯᠡᠭᠦᠯᠦᠨ | ᠶᠠᠪᠤᠭᠳᠠᠭᠤᠰᠢᠲᠠᠶ ᠲᠥᠰᠦᠯ ᠭᠠᠷᠭᠠᠵᠤ᠂ ᠭᠠᠮᠰᠢᠭ ᠤᠨ ᠪᠠᠶᠢᠳᠠᠯ ᠥᠷᠭᠡᠳᠬᠦ ᠶᠢ ᠰᠡᠷᠭᠡᠶᠢᠯᠡᠬᠦ ᠬᠡᠷᠡᠭᠲᠡᠶ᠃ | ︵ᠭᠤᠷᠪᠠ︶ ᠭᠠᠵᠠᠷ ᠤᠨ ᠭᠠᠮᠰᠢᠭ ᠤᠨ ᠠᠶᠤᠯ ᠠᠴᠠ ᠠᠪᠤᠷᠠᠬᠤ ᠶᠠᠪᠤᠴᠠ ᠳᠤ᠂ ᠬᠠᠮᠢᠶ᠎ᠠ ᠪᠦᠬᠦᠢ | ᠲᠥᠬᠦᠭᠡᠷᠦᠮᠵᠢ᠂ ᠪᠡᠯᠡᠳᠬᠡᠮᠵᠢ᠂ ᠬᠡᠷᠡᠭᠰᠡᠯ᠂ ᠡᠳ ᠪᠠᠷᠠᠭ᠎ᠠ ᠲᠣᠬᠢᠷᠠᠭᠤᠯᠬᠤ᠂ ᠰᠢᠯᠵᠢᠭᠦᠯᠬᠦ᠂ ᠬᠡᠷᠡᠭᠯᠡᠬᠦ᠂ | ᠬᠤᠷᠣᠭᠳᠠᠭᠤᠯᠬᠤ ᠵᠡᠷᠭᠡ ᠳᠤ ᠬᠤᠯᠪᠣᠭᠳᠠᠪᠠᠯ᠂ ᠣᠨᠴᠣᠭᠤᠶ ᠶᠠᠪᠤᠳᠠᠯ ᠢ ᠣᠨᠴᠣᠭᠤᠶᠢᠯᠠᠨ ᠭᠦᠢᠴᠡᠳᠬᠡᠬᠦ ᠵᠠᠷᠴᠢᠮ ᠤᠨ | ᠶᠣᠰᠣᠭᠠᠷ᠂ ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠢᠨ ᠳᠣᠣᠷ᠎ᠠ᠂ ᠭᠠᠮᠰᠢᠭ ᠢ ᠰᠡᠷᠭᠡᠶᠢᠯᠡᠵᠦ | ᠠᠶᠤᠯ ᠠᠴᠠ ᠠᠪᠤᠷᠠᠬᠤ ᠠᠵᠢᠯ ᠳᠤ ᠤᠷᠢᠳᠠᠪᠠᠷ ᠬᠡᠷᠡᠭᠯᠡᠵᠦ᠂ ᠳᠠᠷᠠᠭ᠎ᠠ ᠨᠢ ᠴᠢᠬᠤᠯᠠ ᠪᠦᠬᠦᠢ ᠮᠡᠳᠡᠭᠦᠯᠬᠦ᠂ ᠬᠢᠨᠠᠨ | ᠵᠥᠪᠰᠢᠶᠡᠷᠡᠬᠦ ᠪᠤᠶᠤ ᠨᠥᠬᠦᠪᠥᠷᠢᠯᠡᠬᠦ ᠭᠠᠷᠳᠠᠮ ᠭᠦᠢᠴᠡᠳᠬᠡᠵᠦ᠂ ᠠᠶᠤᠯ ᠠᠴᠠ ᠠᠪᠤᠷᠠᠬᠤ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠠᠮᠢ ᠨᠠᠰᠤ ᠡᠳ ᠬᠥᠷᠥᠩᠭᠡ ᠶᠢᠨ ᠬᠤᠬᠢᠷᠠᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ | ᠳᠣᠯᠤᠭ᠎ᠠ᠂ ᠦᠶᠡᠷ ᠤᠨ ᠬᠤᠭᠤᠴᠠᠭᠠᠨ ᠤ ᠬᠠᠷᠢᠯᠴᠠᠬᠤ ᠠᠷᠭ᠎ᠠ ᠮᠠᠶ᠋ᠢᠭ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠬᠤᠪᠢᠶᠠᠷᠢ | ᠲᠣᠪᠴᠢᠶ᠎ᠠ᠄ 04724109594᠃ | 04724366905 ︵ᠾᠧ ᠳ᠋ᠦᠩ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ︶ | ᠃ | 04724109560 ︵ᠰᠠᠷᠠᠴᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ︶᠃ | ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ 04724388463᠃ | ᠾᠧ ᠳ᠋ᠦᠩ ᠪᠠᠯᠭᠠᠰᠤ᠄ 04722801637᠃ | ᠰᠠᠷᠠᠴᠢᠨ ᠪᠠᠯᠭᠠᠰᠤ᠄ 04724995845᠃ | ᠶᠠᠩ ᠭᠧ ᠯᠧᠩ ᠵᠡᠭᠡᠯᠢ ᠭᠤᠳᠤᠮᠵᠢ᠄ 04724367991᠃ |